ᠬᠦᠬᠡᠬᠤᠳᠠ ᠶᠢᠨ ᠶᠡᠭᠡ ᠰᠤᠷᠭᠠᠭᠤᠯᠢ ᠶᠢᠨ ᠬᠤᠳᠠ ᠠᠩᠬᠠᠳᠣᠭᠠᠷ ᠬᠤᠭᠤᠴᠠᠭᠠᠨ ᠤ ᠬᠤᠤᠷ ᠴᠠᠭᠠᠵᠠᠯᠠᠬᠤ ᠰᠤᠶᠤᠯ ᠤᠨ ᠦᠵᠡᠰᠬᠦᠯᠡᠩ ᠡᠷᠬᠢᠯᠡᠪᠡ
ᠨᠡᠶᠢᠲᠡᠯᠡᠭᠰᠡᠨ ᠴᠠᠭ᠄
2020-06-30
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠢᠨᠡᠪᠢᠯᠢᠭ︶ ᠣᠶᠢᠷ᠎ᠠ ᠳᠤ᠂ ᠬᠦᠬᠡᠬᠤᠳᠠ ᠶᠢᠨ ᠶᠡᠭᠡ ᠰᠤᠷᠭᠠᠭᠤᠯᠢ ᠶᠢᠨ ᠬᠤᠳᠠ ᠶᠢᠨ ᠠᠩᠬᠠᠳᠤᠭᠠᠷ ᠬᠤᠭᠤᠴᠠᠭᠠᠨ ᠤ ︽ᠬᠤᠤᠷ ᠤᠨ ᠬᠦᠨᠦᠬᠡᠯ ᠦᠬᠡᠢ · ᠡᠷᠡᠬᠦᠯ ᠰᠠᠶᠢᠬᠠᠨ ᠠᠮᠢᠳᠤᠷᠠᠯ︾ ᠬᠤᠤᠷ ᠴᠠᠭᠠᠵᠠᠯᠠᠬᠤ ᠰᠤᠶᠤᠯ ᠤᠨ ᠦᠵᠡᠰᠬᠦᠯᠡᠩ  ᠬᠦᠬᠡᠬᠤᠳᠠ ᠶᠢᠨ ᠡᠯᠧᠺᠲᠷᠣᠨ ᠠᠵᠢᠯ ᠮᠡᠷᠬᠡᠵᠢᠯ ᠤᠨ ᠲᠡᠭᠡᠳᠦ ᠰᠤᠷᠭᠠᠭᠤᠯᠢ ᠶᠢᠨ ᠲᠤᠭᠠᠴᠢᠯᠠᠬᠰᠠᠨ ᠤᠷᠠᠯᠢᠬ ᠤᠨ ᠦᠵᠡᠬᠦᠯᠬᠡ ᠶᠢᠨ ᠲᠠᠩᠬᠢᠮ ᠳᠤ ᠬᠦᠰᠢᠬᠡ ᠪᠠᠨ ᠰᠡᠬᠦᠪᠡ᠃      ᠬᠢᠵᠢᠭ ᠤᠨ ᠪᠠᠶᠢᠳᠠᠯ ᠠᠴᠠ ᠪᠤᠯᠵᠤ ᠬᠠᠷᠠᠬᠠᠨ ᠰᠤᠷᠭᠠᠭᠤᠯᠢ ᠳᠠᠭᠠᠨ ᠪᠤᠴᠠᠵᠤ ᠬᠢᠴᠢᠶᠡᠯ ᠢᠶᠠᠨ ᠰᠡᠷᠬᠦᠬᠡᠳᠦᠢ ᠰᠤᠷᠤᠬᠴᠢ ᠤᠬᠠᠭᠤᠯᠭ᠎ᠠ ᠶᠢᠨ ᠮᠡᠳᠡᠭᠳᠡᠯ ᠢ ᠵᠢᠷᠤᠨ ᠲᠦᠯᠦᠪᠯᠡᠵᠦ᠂ ᠣᠷᠠᠨ ᠵᠢᠷᠤᠬ᠂ ᠬᠡᠷᠡᠯ ᠵᠢᠷᠤᠬ᠂ ᠤᠷᠠᠨ ᠪᠢᠴᠢᠯᠬᠡ ᠪᠠ ᠲᠠᠭᠤᠤ ᠰᠢᠯᠦᠭ᠂ ᠨᠠᠶᠢᠷᠠᠭᠤᠯᠤᠯ ᠵᠤᠬᠢᠶᠠᠨ ᠪᠦᠳᠦᠬᠡᠬᠦ ᠬᠡᠯᠪᠡᠷᠢ ᠪᠠᠷ ᠲᠠᠮᠵᠢᠭᠤᠯᠤᠨ ᠬᠤᠤᠷ ᠲᠠᠳᠠᠬᠤ ᠬᠤᠤᠷ ᠰᠠᠷᠢᠭᠠᠯᠠᠬᠤ ᠠᠵᠢᠯᠯᠠᠭ᠎ᠠ ᠶᠢᠨ ᠤᠯᠤᠰ ᠣᠷᠣᠨ᠂ ᠨᠡᠶᠢᠬᠡᠮ ᠨᠡᠶᠢᠳᠡ᠂ ᠬᠡᠷ ᠪᠦᠯᠢ ᠪᠠ ᠬᠤᠪᠢ ᠬᠦᠮᠦᠨ ᠳᠤ ᠠᠪᠴᠢᠷᠠᠬᠤ ᠬᠤᠤᠷ ᠬᠦᠨᠦᠬᠡᠯ ᠢ ᠳᠠᠨᠢᠯᠴᠠᠭᠤᠯᠪᠠ᠃      ᠬᠤᠤᠷ ᠴᠠᠭᠠᠵᠠᠯᠠᠬᠤ ᠬᠥᠮᠥᠵᠢᠯ ᠤᠨ ᠤᠷᠳᠤ ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠦᠷᠢᠨᠰᠢᠬᠦᠯᠵᠦ᠂ ︽6.26︾ ᠤ ᠳᠡᠯᠡᠬᠡᠢ ᠶᠢᠨ ᠬᠤᠤᠷ ᠴᠠᠭᠠᠵᠠᠯᠠᠬᠤ ᠡᠳᠦᠷ ᠤᠨ ᠤᠬᠠᠭᠤᠯᠭ᠎ᠠ ᠪᠠ ︽6.27︾ ᠤ ᠵᠠᠯᠠᠭᠤᠴᠤᠳ ᠪᠠᠭᠠᠴᠤᠳ ᠤᠨ ᠬᠤᠤᠷᠳᠤ ᠡᠳ᠋ ᠢ ᠰᠡᠷᠬᠡᠶᠢᠯᠡᠬᠦ ᠬᠥᠮᠥᠵᠢᠯ ᠤᠨ ᠢᠨᠵᠧᠨᠧᠷᠢᠩ ᠢ ᠴᠢᠨᠠᠭᠰᠢᠳᠠ ᠠᠬᠢᠭᠤᠯᠬᠤ ᠪᠤᠯ ᠮᠠᠨ ᠤ ᠤᠷᠤᠨ ᠤ ᠬᠤᠤᠷ ᠴᠠᠭᠠᠵᠠᠯᠠᠬᠤ ᠤᠬᠠᠭᠤᠯᠭ᠎ᠠ ᠬᠥᠮᠥᠵᠢᠯ ᠤᠨ ᠠᠵᠢᠯᠯᠠᠭ᠎ᠠ ᠶᠢᠨ ᠴᠢᠬᠤᠯᠠ ᠠᠭᠤᠯᠭ᠎ᠠ ᠶᠢᠨ ᠨᠢᠬᠡ ᠪᠣᠯᠣᠨ᠎ᠠ᠃ ᠬᠦᠬᠡᠬᠤᠳᠠ ᠶᠢᠨ ᠡᠯᠧᠺᠲᠷᠣᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠶᠢᠨ 240 ᠲᠡᠭᠰᠢ ᠲᠦᠷᠪᠡᠯᠵᠢᠨ ᠮᠧᠲᠷ ᠳᠠᠯᠠᠪᠠᠢ ᠪᠦᠬᠦᠢ ᠡᠨᠡ ᠬᠦ ᠦᠵᠡᠬᠦᠯᠬᠡ ᠶᠢᠨ ᠲᠠᠩᠬᠢᠮ ᠨᠢ ᠶᠡᠭᠡ ᠰᠤᠷᠭᠠᠭᠤᠯᠢ ᠶᠢᠨ ᠬᠤᠳᠠ ᠶᠢᠨ 6 ᠶᠡᠭᠡ ᠰᠤᠷᠭᠠᠭᠤᠯᠢ ᠪᠠ ᠲᠤᠰᠬᠠᠢ ᠮᠡᠷᠭᠡᠵᠢᠯ ᠤᠨ ᠲᠡᠭᠡᠳᠦ ᠰᠤᠷᠭᠠᠭᠤᠯᠢ ᠶᠢᠨ ᠬᠤᠤᠷ ᠴᠠᠭᠠᠵᠠᠯᠠᠬᠤ ᠬᠥᠮᠥᠵᠢᠯ ᠤᠨ ᠰᠠᠭᠤᠷᠢᠨ ᠪᠤᠯᠵᠤ᠂ ᠶᠡᠭᠡ ᠰᠤᠷᠭᠠᠭᠤᠯᠢ ᠶᠢᠨ ᠬᠤᠳᠠ ᠶᠢᠨ 7.5 ᠲᠦᠮᠡᠨ ᠪᠠᠭᠰᠢ ᠰᠣᠷᠣᠭᠴᠢ ᠪᠠ 1.2 ᠲᠦᠮᠡᠨ ᠠᠵᠢᠯᠳᠠᠨ ᠳᠤ ᠬᠤᠣᠷ ᠴᠠᠭᠠᠵᠠᠯᠠᠬᠤ ᠬᠦᠮᠦᠵᠢᠯ ᠬᠦᠷᠳᠡᠭᠡᠬᠦ ᠡᠭᠦᠷᠭᠡ ᠶᠢ ᠡᠭᠦᠷᠭᠡᠯᠡᠵᠦ ᠪᠣᠢ᠃      ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠡᠭᠡ ᠰᠤᠷᠭᠠᠭᠤᠯᠢ ᠶᠢᠨ ᠬᠤᠳᠠ ᠶᠢᠨ ᠲᠤᠮᠢᠯᠠᠬᠰᠠᠨ ᠰᠠᠯᠪᠤᠷᠢ ᠡᠭᠦᠨ ᠢᠶᠠᠷ ᠠᠵᠠ ᠲᠤᠬᠢᠶᠠᠯ ᠪᠤᠯᠭᠠᠨ ᠬᠠᠷᠢᠶ᠎ᠠ ᠲᠣᠭᠤᠷᠢᠭ ᠤᠨ ᠢᠶᠠᠨ ᠬᠦᠮᠦᠨ ᠠᠮᠠ ᠶᠢᠨ ᠣᠨᠴᠠᠭᠠᠢ ᠴᠢᠨᠠᠷ ᠲᠤ ᠴᠢᠭᠯᠡᠭᠦᠯᠦᠨ ᠤᠨᠴᠠᠯᠢᠬᠳᠤ ᠬᠤᠤᠷ ᠴᠠᠭᠠᠵᠠᠯᠠᠬᠤ ᠬᠦᠮᠦᠵᠢᠯ ᠦᠷᠨᠢᠬᠦᠯᠵᠦ᠂ ᠬᠠᠮᠳᠤ ᠪᠠᠷ ᠶᠡᠭᠡ ᠰᠤᠷᠭᠠᠭᠤᠯᠢ ᠶᠢᠨ ᠬᠦᠷᠢᠶ᠎ᠡ ᠭᠡᠰᠡᠨ ᠡᠨᠡ ᠬᠦ ᠠᠷᠢᠭᠤᠨ ᠬᠥᠷᠥᠰᠥ ᠶᠢ ᠰᠠᠬᠢᠨ ᠬᠠᠮᠠᠭᠠᠯᠠᠵᠤ᠂ ᠵᠠᠯᠠᠭᠤᠴᠤᠳ ᠪᠠᠭᠠᠴᠤᠳ ᠢ ᠭᠤᠣᠯᠳᠠᠯᠭ᠎ᠠ ᠲᠠᠢ ᠬᠠᠮᠠᠭᠠᠯᠠᠨ᠂ ᠡᠷᠳᠡᠮ ᠨᠤᠮ ᠰᠤᠷᠴᠤ ᠪᠠᠶᠢᠭ᠎ᠠ ᠰᠤᠷᠤᠬᠴᠢᠳ ᠢ ᠡᠷᠡᠭᠦᠯ ᠡᠰᠡᠨ ᠬᠦᠮᠦᠵᠢᠬᠦᠯᠬᠦ ᠪᠠᠷ ᠴᠢᠷᠮᠠᠶᠢᠵᠣ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号