ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠢᠨᠡᠪᠢᠯᠢᠭ︶ ᠣᠶᠢᠷ᠎ᠠ ᠳᠤ᠂ ᠬᠦᠬᠡᠬᠤᠳᠠ ᠶᠢᠨ ᠶᠡᠭᠡ ᠰᠤᠷᠭᠠᠭᠤᠯᠢ ᠶᠢᠨ | ᠬᠤᠳᠠ ᠶᠢᠨ ᠠᠩᠬᠠᠳᠤᠭᠠᠷ ᠬᠤᠭᠤᠴᠠᠭᠠᠨ ᠤ ︽ᠬᠤᠤᠷ ᠤᠨ ᠬᠦᠨᠦᠬᠡᠯ ᠦᠬᠡᠢ · ᠡᠷᠡᠬᠦᠯ ᠰᠠᠶᠢᠬᠠᠨ ᠠᠮᠢᠳᠤᠷᠠᠯ︾ ᠬᠤᠤᠷ ᠴᠠᠭᠠᠵᠠᠯᠠᠬᠤ ᠰᠤᠶᠤᠯ ᠤᠨ | ᠦᠵᠡᠰᠬᠦᠯᠡᠩ ᠬᠦᠬᠡᠬᠤᠳᠠ ᠶᠢᠨ ᠡᠯᠧᠺᠲᠷᠣᠨ ᠠᠵᠢᠯ ᠮᠡᠷᠬᠡᠵᠢᠯ ᠤᠨ ᠲᠡᠭᠡᠳᠦ ᠰᠤᠷᠭᠠᠭᠤᠯᠢ ᠶᠢᠨ ᠲᠤᠭᠠᠴᠢᠯᠠᠬᠰᠠᠨ ᠤᠷᠠᠯᠢᠬ ᠤᠨ ᠦᠵᠡᠬᠦᠯᠬᠡ ᠶᠢᠨ | ᠲᠠᠩᠬᠢᠮ ᠳᠤ ᠬᠦᠰᠢᠬᠡ ᠪᠠᠨ ᠰᠡᠬᠦᠪᠡ᠃ | ᠬᠢᠵᠢᠭ ᠤᠨ ᠪᠠᠶᠢᠳᠠᠯ ᠠᠴᠠ ᠪᠤᠯᠵᠤ ᠬᠠᠷᠠᠬᠠᠨ ᠰᠤᠷᠭᠠᠭᠤᠯᠢ ᠳᠠᠭᠠᠨ ᠪᠤᠴᠠᠵᠤ ᠬᠢᠴᠢᠶᠡᠯ ᠢᠶᠠᠨ ᠰᠡᠷᠬᠦᠬᠡᠳᠦᠢ ᠰᠤᠷᠤᠬᠴᠢ ᠤᠬᠠᠭᠤᠯᠭ᠎ᠠ ᠶᠢᠨ ᠮᠡᠳᠡᠭᠳᠡᠯ ᠢ | ᠵᠢᠷᠤᠨ ᠲᠦᠯᠦᠪᠯᠡᠵᠦ᠂ ᠣᠷᠠᠨ ᠵᠢᠷᠤᠬ᠂ ᠬᠡᠷᠡᠯ ᠵᠢᠷᠤᠬ᠂ ᠤᠷᠠᠨ ᠪᠢᠴᠢᠯᠬᠡ ᠪᠠ ᠲᠠᠭᠤᠤ ᠰᠢᠯᠦᠭ᠂ ᠨᠠᠶᠢᠷᠠᠭᠤᠯᠤᠯ ᠵᠤᠬᠢᠶᠠᠨ ᠪᠦᠳᠦᠬᠡᠬᠦ ᠬᠡᠯᠪᠡᠷᠢ ᠪᠠᠷ | ᠲᠠᠮᠵᠢᠭᠤᠯᠤᠨ ᠬᠤᠤᠷ ᠲᠠᠳᠠᠬᠤ ᠬᠤᠤᠷ ᠰᠠᠷᠢᠭᠠᠯᠠᠬᠤ ᠠᠵᠢᠯᠯᠠᠭ᠎ᠠ ᠶᠢᠨ ᠤᠯᠤᠰ ᠣᠷᠣᠨ᠂ ᠨᠡᠶᠢᠬᠡᠮ ᠨᠡᠶᠢᠳᠡ᠂ ᠬᠡᠷ ᠪᠦᠯᠢ ᠪᠠ ᠬᠤᠪᠢ ᠬᠦᠮᠦᠨ ᠳᠤ | ᠠᠪᠴᠢᠷᠠᠬᠤ ᠬᠤᠤᠷ ᠬᠦᠨᠦᠬᠡᠯ ᠢ ᠳᠠᠨᠢᠯᠴᠠᠭᠤᠯᠪᠠ᠃ | ᠬᠤᠤᠷ ᠴᠠᠭᠠᠵᠠᠯᠠᠬᠤ ᠬᠥᠮᠥᠵᠢᠯ ᠤᠨ ᠤᠷᠳᠤ ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠦᠷᠢᠨᠰᠢᠬᠦᠯᠵᠦ᠂ ︽6.26︾ ᠤ ᠳᠡᠯᠡᠬᠡᠢ ᠶᠢᠨ | ᠬᠤᠤᠷ ᠴᠠᠭᠠᠵᠠᠯᠠᠬᠤ ᠡᠳᠦᠷ ᠤᠨ ᠤᠬᠠᠭᠤᠯᠭ᠎ᠠ ᠪᠠ ︽6.27︾ ᠤ ᠵᠠᠯᠠᠭᠤᠴᠤᠳ ᠪᠠᠭᠠᠴᠤᠳ ᠤᠨ ᠬᠤᠤᠷᠳᠤ ᠡᠳ᠋ ᠢ ᠰᠡᠷᠬᠡᠶᠢᠯᠡᠬᠦ ᠬᠥᠮᠥᠵᠢᠯ ᠤᠨ | ᠢᠨᠵᠧᠨᠧᠷᠢᠩ ᠢ ᠴᠢᠨᠠᠭᠰᠢᠳᠠ ᠠᠬᠢᠭᠤᠯᠬᠤ ᠪᠤᠯ ᠮᠠᠨ ᠤ ᠤᠷᠤᠨ ᠤ ᠬᠤᠤᠷ ᠴᠠᠭᠠᠵᠠᠯᠠᠬᠤ ᠤᠬᠠᠭᠤᠯᠭ᠎ᠠ ᠬᠥᠮᠥᠵᠢᠯ ᠤᠨ ᠠᠵᠢᠯᠯᠠᠭ᠎ᠠ ᠶᠢᠨ ᠴᠢᠬᠤᠯᠠ ᠠᠭᠤᠯᠭ᠎ᠠ | ᠶᠢᠨ ᠨᠢᠬᠡ ᠪᠣᠯᠣᠨ᠎ᠠ᠃ ᠬᠦᠬᠡᠬᠤᠳᠠ ᠶᠢᠨ ᠡᠯᠧᠺᠲᠷᠣᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠶᠢᠨ 240 ᠲᠡᠭᠰᠢ ᠲᠦᠷᠪᠡᠯᠵᠢᠨ ᠮᠧᠲᠷ ᠳᠠᠯᠠᠪᠠᠢ | ᠪᠦᠬᠦᠢ ᠡᠨᠡ ᠬᠦ ᠦᠵᠡᠬᠦᠯᠬᠡ ᠶᠢᠨ ᠲᠠᠩᠬᠢᠮ ᠨᠢ ᠶᠡᠭᠡ ᠰᠤᠷᠭᠠᠭᠤᠯᠢ ᠶᠢᠨ ᠬᠤᠳᠠ ᠶᠢᠨ 6 ᠶᠡᠭᠡ ᠰᠤᠷᠭᠠᠭᠤᠯᠢ ᠪᠠ ᠲᠤᠰᠬᠠᠢ ᠮᠡᠷᠭᠡᠵᠢᠯ ᠤᠨ ᠲᠡᠭᠡᠳᠦ | ᠰᠤᠷᠭᠠᠭᠤᠯᠢ ᠶᠢᠨ ᠬᠤᠤᠷ ᠴᠠᠭᠠᠵᠠᠯᠠᠬᠤ ᠬᠥᠮᠥᠵᠢᠯ ᠤᠨ ᠰᠠᠭᠤᠷᠢᠨ ᠪᠤᠯᠵᠤ᠂ ᠶᠡᠭᠡ ᠰᠤᠷᠭᠠᠭᠤᠯᠢ ᠶᠢᠨ ᠬᠤᠳᠠ ᠶᠢᠨ 7.5 ᠲᠦᠮᠡᠨ ᠪᠠᠭᠰᠢ ᠰᠣᠷᠣᠭᠴᠢ ᠪᠠ 1. | 2 ᠲᠦᠮᠡᠨ ᠠᠵᠢᠯᠳᠠᠨ ᠳᠤ ᠬᠤᠣᠷ ᠴᠠᠭᠠᠵᠠᠯᠠᠬᠤ ᠬᠦᠮᠦᠵᠢᠯ ᠬᠦᠷᠳᠡᠭᠡᠬᠦ ᠡᠭᠦᠷᠭᠡ ᠶᠢ ᠡᠭᠦᠷᠭᠡᠯᠡᠵᠦ ᠪᠣᠢ᠃ | ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠡᠭᠡ ᠰᠤᠷᠭᠠᠭᠤᠯᠢ ᠶᠢᠨ ᠬᠤᠳᠠ ᠶᠢᠨ ᠲᠤᠮᠢᠯᠠᠬᠰᠠᠨ ᠰᠠᠯᠪᠤᠷᠢ ᠡᠭᠦᠨ ᠢᠶᠠᠷ ᠠᠵᠠ | ᠲᠤᠬᠢᠶᠠᠯ ᠪᠤᠯᠭᠠᠨ ᠬᠠᠷᠢᠶ᠎ᠠ ᠲᠣᠭᠤᠷᠢᠭ ᠤᠨ ᠢᠶᠠᠨ ᠬᠦᠮᠦᠨ ᠠᠮᠠ ᠶᠢᠨ ᠣᠨᠴᠠᠭᠠᠢ ᠴᠢᠨᠠᠷ ᠲᠤ ᠴᠢᠭᠯᠡᠭᠦᠯᠦᠨ ᠤᠨᠴᠠᠯᠢᠬᠳᠤ ᠬᠤᠤᠷ ᠴᠠᠭᠠᠵᠠᠯᠠᠬᠤ ᠬᠦᠮᠦᠵᠢᠯ | ᠦᠷᠨᠢᠬᠦᠯᠵᠦ᠂ ᠬᠠᠮᠳᠤ ᠪᠠᠷ ᠶᠡᠭᠡ ᠰᠤᠷᠭᠠᠭᠤᠯᠢ ᠶᠢᠨ ᠬᠦᠷᠢᠶ᠎ᠡ ᠭᠡᠰᠡᠨ ᠡᠨᠡ ᠬᠦ ᠠᠷᠢᠭᠤᠨ ᠬᠥᠷᠥᠰᠥ ᠶᠢ ᠰᠠᠬᠢᠨ ᠬᠠᠮᠠᠭᠠᠯᠠᠵᠤ᠂ ᠵᠠᠯᠠᠭᠤᠴᠤᠳ ᠪᠠᠭᠠᠴᠤᠳ ᠢ | ᠭᠤᠣᠯᠳᠠᠯᠭ᠎ᠠ ᠲᠠᠢ ᠬᠠᠮᠠᠭᠠᠯᠠᠨ᠂ ᠡᠷᠳᠡᠮ ᠨᠤᠮ ᠰᠤᠷᠴᠤ ᠪᠠᠶᠢᠭ᠎ᠠ ᠰᠤᠷᠤᠬᠴᠢᠳ ᠢ ᠡᠷᠡᠭᠦᠯ ᠡᠰᠡᠨ ᠬᠦᠮᠦᠵᠢᠬᠦᠯᠬᠦ ᠪᠠᠷ ᠴᠢᠷᠮᠠᠶᠢᠵᠣ ᠪᠠᠶᠢᠨ᠎ᠠ᠃ |