ᠰᠢᠨ᠎ᠡ ᠬᠤᠲᠠ ᠲᠣᠭᠤᠷᠢᠭ ᠲᠤᠰᠬᠠᠶ ᠲᠣᠭᠤᠷᠢᠨ ᠪᠠᠶᠢᠴᠠᠭᠠᠯᠲᠠ ︽ᠡᠷᠬᠢᠨ ᠬᠠᠷᠠᠬᠤ︾ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020-06-04
     6 ᠳ᠋ᠤᠭᠠᠷ ᠰᠠᠷ᠎ᠠ ᠶᠢᠨ 1 ᠤ ᠡᠳᠦᠷ᠂ ᠲᠤᠰᠬᠠᠢ ᠲᠣᠭᠤᠷᠢᠨ ᠪᠠᠶᠢᠴᠠᠭᠠᠯᠲᠠ ︽ᠡᠷᠬᠢᠨ ᠬᠠᠷᠠᠬᠤ︾ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠤᠬᠢᠷᠠᠭᠤᠯᠤᠯᠲᠠ ᠶᠢᠨ ᠬᠤᠷᠠᠯ ᠬᠤᠷᠠᠯᠳᠤᠪᠠ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠣ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠶᠠᠷ ᠰᠠᠷ᠎ᠠ ᠶᠢᠨ ︽ᠵᠠᠭᠤᠨ ᠡᠳᠦᠷ ᠤᠨ ᠪᠤᠭᠤᠮᠳᠠ ᠰᠢᠪᠲᠤᠯᠤᠯᠲᠠ︾ ᠳᠤ ᠡᠯ᠎ᠡ ᠭᠠᠵᠠᠷ ᠤᠨ ᠡᠯ᠎ᠡ ᠰᠠᠯᠠᠭ᠎ᠠ ᠮᠥᠴᠢᠷ ᠲᠥᠰᠦᠯ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠡᠮᠬᠢ ᠵᠢᠷᠤᠮ ᠲᠠᠢ ᠠᠬᠢᠭᠤᠯᠬᠤ ᠶᠢᠨ ᠬᠠᠮᠲᠤ ᠢᠳᠡᠪᠬᠢᠲᠡᠶ ᠠᠬᠢᠴᠠ ᠲᠠᠢ ᠪᠤᠯᠵᠤ᠂ ᠠᠵᠢᠯ ᠤᠨ ᠠᠬᠢᠴᠠ ᠵᠢᠱᠢᠯᠲᠡ ᠳᠤ ᠨᠡᠶᠢᠴᠡᠪᠡ᠃ ᠭᠡᠪᠡᠴᠦ ᠡᠩ ᠤᠨ ᠦᠶ᠎ᠡ ᠶᠢᠨ ᠡᠵᠡᠮᠰᠢᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠢᠭᠤᠴᠠ ᠰᠤᠷ ᠪᠤᠯᠵᠢᠯᠠᠭ᠎ᠠ ᠠᠴᠠ ᠦᠵᠡᠪᠡᠯ᠂ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠠᠰᠠ ᠪᠠᠯᠠᠶ ᠣᠷᠣᠨ ᠪᠠ ᠦᠯᠦ ᠤᠨᠤᠭᠳᠠᠬᠤ ᠪᠤᠯᠤᠩ ᠣᠷᠣᠰᠢᠵᠤ᠂ ᠠᠵᠢᠯ ᠤᠨ ᠰᠤᠷᠲᠠᠯ ᠠᠳᠠᠯᠢ ᠪᠤᠰᠤ ᠬᠡᠮᠵᠢᠶ᠎ᠡ ᠪᠠᠷ ᠴᠢᠩᠭ᠎ᠠ ᠪᠤᠰᠤ ᠨᠠᠷᠢᠨ ᠪᠣᠳᠠᠲᠠᠶ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠪᠦᠬᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠲᠤᠯᠭᠠᠮ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠥᠪᠴᠢ ᠪᠠᠨ ᠴᠢᠩᠭᠠᠯᠠᠵᠤ᠂ ᠡᠷᠴᠢ ᠵᠣᠷᠢᠭ ᠢᠶᠠᠨ ᠬᠥᠪᠴᠢᠯᠡᠵᠦ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠴᠢᠩᠭ᠎ᠠ ᠡᠷᠴᠢᠮ ᠢᠶᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠦᠨᠡᠨ ᠪᠤᠲᠠᠲᠠᠢ ᠴᠡᠪᠡᠷᠯᠡᠬᠦ ᠠᠵᠢᠯ ᠢ ᠠᠬᠢᠭᠤᠯᠵᠤ᠂ ᠨᠠᠮ ᠪᠠ ᠠᠷᠠᠳ ᠲᠦᠮᠡᠨ ᠳᠤ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠶ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠶᠢᠨ ᠱᠠᠭᠠᠷᠳᠠᠯᠭ᠎ᠠ ᠶᠢ ᠪᠠᠷᠢᠮᠵᠢᠶᠠᠯᠠᠨ ᠬᠠᠷᠭᠤᠭᠤᠯᠵᠤ᠂ ᠨᠢᠭᠡᠳ ᠨᠢᠭᠡ ᠪᠠᠷ ᠵᠠᠳᠠᠯᠤᠨ ᠰᠤᠳᠤᠯᠵᠤ ᠮᠠᠭᠠᠳᠯᠠᠨ᠂ ᠵᠤᠷᠪᠤᠰ ᠳᠠᠷᠠᠭᠠᠯᠠᠨ ᠪᠠᠶᠢᠴᠠᠭᠠᠵᠤ ᠳᠤᠲᠠᠭᠤ ᠶᠢ ᠨᠥᠬᠦᠪᠥᠷᠢᠯᠡᠬᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠠᠵᠢᠯ ᠤᠨ ᠡᠭᠦᠷᠭᠡ ᠶᠢ ᠲᠣᠩᠭᠤᠷᠤᠭᠤᠯᠤᠨ  ᠵᠢᠭᠰᠠᠭᠠᠵᠤ᠂ ᠵᠢᠷᠤᠭ ᠡᠯᠭᠦᠵᠦ ᠳᠠᠶᠢᠨ ᠬᠢᠬᠦ᠂ ᠨᠢᠭᠡ ᠠᠴᠠ  ᠵᠦᠢᠴᠢᠯᠡᠡᠵᠦ ᠨᠥᠭᠦᠭᠡ ᠶᠢ ᠮᠡᠳᠡᠬᠦ᠂ ᠦᠩᠭᠡᠨ ᠲᠠᠯ᠎ᠠ ᠪᠣᠯᠣᠨ ᠦᠨᠳᠦᠰᠦ ᠰᠣᠷᠪᠣᠯᠵᠢ ᠶᠢ ᠵᠡᠷᠭᠡᠪᠡᠷ ᠵᠠᠰᠠᠬᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠤᠣᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ︽ᠭᠤᠷᠪᠠ ᠶᠢ ᠪᠠᠲᠤᠯᠠᠬᠤ︾ ᠪᠠ ᠤᠰᠤ ᠤᠮᠳᠠ ᠶᠢᠨ ᠠᠮᠤᠷ ᠲᠦᠪᠰᠢᠨ ᠤ ᠳᠤᠲᠠᠭᠤᠳᠠᠯ ᠪᠠᠭᠤᠷᠠᠢ ᠲᠠᠯ᠎ᠠ ᠶᠢ ᠪᠦᠬᠦ ᠲᠠᠯ ᠎ᠠ ᠪᠠᠷ ᠨᠥᠬᠦᠪᠥᠷᠢᠯᠡᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠠᠵᠢᠯ ᠣᠯᠭᠤᠬᠤ ᠶᠢ ᠳᠣᠪᠤᠶᠢᠮ᠎ᠠ ᠰᠠᠶᠢᠲᠤᠷ ᠠᠳᠬᠤᠵᠤ᠂ ᠣᠯᠠᠨ ᠵᠣᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠪᠡᠯᠡᠳᠬᠡᠯ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠲᠥᠯᠥᠪᠵᠢᠭᠦᠯᠭᠡ ᠶᠢ ᠲᠣᠭᠲᠠᠭᠠᠬᠤ ᠠᠵᠢᠯ ᠢ ᠰᠠᠶᠢᠲᠤᠷ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠨᠠᠷᠢᠨ ᠪᠤᠲᠠᠲᠠᠢ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠲᠦᠯᠬᠢᠨ ᠠᠬᠢᠭᠤᠯᠬᠤ ᠬᠡᠷᠡᠭᠲᠡᠶ ᠭᠡᠪᠡ᠃ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠪᠠ᠃ ᠰᠢᠨ᠎ᠡ ᠬᠤᠲᠠ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠤᠣᠯ ᠤᠳᠤᠷᠢᠳᠤᠯᠭ᠎ᠠ ᠪᠣᠯᠤᠨ ᠡᠯ᠎ᠡ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号