ᠬᠥᠬᠡᠬᠤᠲᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠬᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020-06-04
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠤᠷᠭᠤᠮᠠᠯ︶ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠦᠬᠦᠭᠡᠨ  ᠣᠶᠢᠯᠠᠭᠠᠭᠰᠠᠨ ᠢᠶᠠᠷ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠶᠢᠨ ᠲᠥᠯᠥᠭᠡ᠂ ᠲᠣᠰ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠨ ᠢᠶᠠᠨ ᠵᠣᠬᠢᠶᠠᠨ ᠪᠠᠶᠢᠭᠤᠯᠵᠦ ᠬᠢᠴᠢᠶᠡᠯ ᠢᠶᠠᠨ ᠰᠡᠷᠭᠦᠭᠡᠭᠰᠡᠨ ᠰᠤᠷᠭᠠᠭᠤᠯᠢ ᠶᠢᠨ ᠡᠷᠭᠢᠨ ᠲᠣᠭᠤᠷᠢᠨ ᠳᠤ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠵᠡᠢ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠪᠠᠶᠢᠴᠠᠭᠠᠯᠲᠠ ᠳᠤ ᠢᠳᠡᠭᠡᠨ ᠤᠮᠳᠠᠭᠠᠨ ᠤ ᠨᠢᠭᠡᠴᠢ ᠶᠢᠨ ᠦᠨᠡᠮᠯᠡᠯ ᠪᠦᠷᠢᠨ ᠭᠦᠢᠴᠡᠳ ᠡᠰᠡᠬᠦ᠂ ᠡᠷᠡᠭᠦᠯ ᠮᠡᠨᠳᠦ ᠶᠢᠨ ᠦᠨᠡᠮᠯᠡᠯ ᠬᠦᠴᠦᠨ ᠲᠠᠢ ᠬᠤᠭᠤᠴᠠᠭᠠᠨ ᠳᠤ ᠪᠠᠶᠢᠬᠤ ᠡᠰᠡᠬᠦ᠂ ᠢᠳᠡᠭᠡᠨ ᠤ ᠠᠮᠤᠷ ᠲᠦᠪᠰᠢᠨ ᠤ ᠡᠯ᠎ᠡ ᠵᠦᠢᠯ ᠤᠨ ᠳᠦᠷᠢᠮ ᠢ ᠪᠣᠳᠠᠲᠠᠶ ᠨᠠᠶᠢᠳᠠᠪᠤᠷᠢᠵᠢᠭᠤᠯᠤᠭᠰᠠᠨ ᠡᠰᠡᠬᠦ᠂ ᠳᠡᠯᠭᠡᠭᠦᠷ ᠤᠨ ᠳᠣᠲᠣᠷᠠᠬᠢ ᠣᠷᠴᠢᠨ ᠲᠣᠭᠤᠷᠢᠨ ᠤ ᠠᠷᠢᠭᠤᠨ ᠴᠡᠪᠡᠷ ᠪᠠᠷᠢᠮᠵᠢᠶ᠎ᠠ ᠳᠤ ᠬᠦᠷᠦᠭᠰᠡᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ ᠦᠵᠡᠵᠡᠶ᠃ ᠢᠳᠡᠭᠡᠨ ᠤ ᠵᠦᠢᠯ ᠳᠤ ᠬᠠᠭᠤᠷᠮᠠᠭ ᠴᠢᠨᠠᠷ ᠮᠠᠭᠤ᠂ ᠬᠤᠭᠤᠴᠠᠭ᠎ᠠ ᠨᠢ ᠥᠩᠭᠡᠷᠡᠭᠰᠡᠨ᠂ ︽ᠭᠤᠷᠪᠠ ᠦᠭᠡᠶ︾ ᠦᠵᠡᠭᠳᠡᠯ ᠪᠠᠶᠢᠬᠤ ᠡᠰᠡᠬᠦ ᠶᠢ ᠪᠠᠶᠢᠴᠠᠭᠠᠨ ᠦᠵᠡᠵᠠᠢ᠃ ᠡᠭᠦᠨ ᠤ ᠬᠠᠮᠲᠤ ᠴᠠᠭᠠᠨ ᠢᠳᠡᠭᠡᠨ᠂ ᠤᠮᠳᠠᠭᠠᠨ᠂ ᠰᠢᠬᠢᠷ ᠵᠢᠴᠢ ︽ᠲᠠᠪᠢᠨ ᠮᠥᠩᠭᠦ︾ ᠶᠢᠨ ᠢᠳᠡᠭᠡᠨ ᠵᠡᠷᠭᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠠᠷᠬᠠᠨ ᠬᠤᠳᠠᠯᠳᠤᠨ ᠠᠪᠬᠤ ᠢᠳᠡᠭᠡᠨ ᠳᠤ ᠪᠠᠶᠢᠴᠠᠭᠠᠯᠲᠠ ᠬᠢᠵᠡᠢ᠃      ᠣᠳᠣᠬᠠᠨ ᠳᠤ ᠡᠯ᠎ᠡ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠲᠦᠷᠢᠮ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠬᠦᠯᠪᠡ᠃ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠬᠠᠤᠯᠢ ᠬᠡᠷᠡᠭᠵᠢᠭᠦᠯᠬᠦ ᠠᠵᠢᠯᠲᠠᠳ ᠪᠠᠰᠠ ᠲᠤᠬᠠᠢ ᠶᠢᠨ ᠲᠠᠯᠠᠪᠤᠷ ᠲᠤ ᠵᠢᠷᠤᠮᠵᠢᠭᠤᠯᠤᠨ ᠵᠢᠯᠣᠭᠤᠳᠴᠤ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢ ᠠᠯᠪᠠᠳᠠᠨ ᠱᠠᠭᠠᠷᠳᠠᠵᠠᠢ᠃ ᠳᠠᠷᠠᠭ᠎ᠠ ᠠᠯᠬᠤᠮ ᠳᠤ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠢᠳᠡᠭᠡᠨ ᠤ ᠠᠮᠤᠷ ᠳᠦᠪᠰᠢᠨ ᠤ ᠪᠠᠶᠢᠴᠠᠭᠠᠯᠲᠠ ᠪᠠᠨ ᠦᠷᠭᠦᠯᠵᠢᠯᠡᠨ ᠴᠢᠩᠭᠠᠷᠠᠭᠤᠯᠵᠦ᠂ ᠢᠳᠡᠭᠡᠨ ᠤ ᠠᠮᠤᠷ ᠳᠦᠪᠰᠢᠨ ᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠪᠣᠯᠣᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号