︵ᠰᠤᠷᠪᠤᠯᠵᠢᠯᠠᠭᠴᠢ ᠹᠧᠩ ᠶᠠᠨ ᠫᠢᠩ︶ 6 ᠳ᠋ᠤᠭᠠᠷ ᠰᠠᠷ᠎ᠠ ᠶᠢᠨ 3 ᠤ ᠣᠷᠣᠢ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ | ᠯᠢ ᠰᠢᠶᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠪᠠᠢ ᠢᠦᠢ ᠭᠠᠩ ᠢᠦᠢ ᠴᠢᠣᠸᠠᠨ ᠲᠣᠭᠤᠷᠢᠭ ᠤᠨ ᠶᠡᠭᠡ ᠵᠤᠤ ᠶᠢᠨ | ᠦᠵᠡᠮᠵᠢ ᠶᠢᠨ ᠣᠷᠣᠨ ᠪᠠ ᠳ᠋ᠠ ᠱᠧᠩ ᠺᠦᠢ ᠶᠢᠨ ᠡᠮᠦᠨ᠎ᠡ ᠬᠤᠶᠢᠨ᠎ᠠ ᠲᠣᠭᠤᠷᠢᠭ ᠢᠶᠠᠷ ᠭᠦᠨᠵᠡᠭᠡᠶᠢᠷᠡᠵᠦ᠂ ᠮᠠᠨ ᠤ | ᠬᠤᠲᠠ ᠶᠢᠨ ᠰᠥᠨᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠵᠠᠬ᠎ᠠ ᠳᠡᠯᠭᠡᠭᠦᠷ ᠢᠶᠠᠷ ᠤᠳᠤᠷᠢᠳᠤᠭᠤᠯᠬᠤ ᠶᠢ ᠪᠠᠷᠢᠮᠲᠠᠯᠠᠨ᠂ ᠰᠥᠨᠢ ᠶᠢᠨ | ᠬᠡᠷᠡᠭᠯᠡᠭᠡᠨ ᠤ ᠵᠠᠬ᠎ᠠ ᠳᠡᠯᠭᠡᠭᠦᠷ ᠢ ᠢᠳᠡᠪᠬᠢᠲᠡᠢ ᠬᠥᠮᠥᠵᠢᠭᠦᠯᠵᠦ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠵᠤ᠂ | ᠥᠪᠥᠷ ᠮᠣᠩᠭᠤᠯ ᠤᠨ ᠥᠨᠥᠷ ᠠᠮᠲᠠ ᠳᠡᠭᠡᠷ᠎ᠡ ᠬᠦᠴᠦ ᠤᠷᠤᠭᠤᠯᠤᠨ᠂ ᠰᠣᠶᠣᠯ ᠬᠤᠳᠠᠯᠳᠤᠭ᠎ᠠ ᠵᠢᠭᠤᠯᠴᠢᠯᠠᠯ ᠢ | ᠭᠦᠨᠵᠡᠭᠡᠢ ᠠᠭᠤᠰᠤᠯᠴᠠᠭᠤᠯᠤᠨ᠂ ᠰᠣᠶᠣᠯ ᠢᠶᠠᠷ ᠵᠢᠭᠤᠯᠴᠢᠯᠠᠯ ᠢ ᠬᠥᠭᠵᠢᠭᠦᠯᠬᠦ᠂ ᠵᠢᠭᠤᠯᠴᠢᠯᠠᠯ ᠢᠶᠠᠷ ᠬᠦᠷᠢᠶᠡᠯᠡᠯ ᠢ | ᠨᠡᠮᠡᠭᠳᠡᠭᠦᠯᠬᠦ᠂ ᠬᠦᠷᠢᠶᠡᠯᠡᠯ ᠢᠶᠠᠷ ᠬᠡᠷᠡᠭᠯᠡᠭᠡ ᠶᠢ ᠠᠬᠢᠭᠤᠯᠬᠤ᠂ ᠬᠡᠷᠡᠭᠯᠡᠭᠡ ᠪᠠᠷ ᠡᠳ᠋ ᠬᠥᠷᠥᠩᠭᠡ ᠶᠢ ᠬᠤᠷᠠᠮᠳᠤᠭᠤᠯᠬᠤ | ᠣᠷᠴᠢᠯ ᠠᠵᠤ ᠦᠢᠯᠡᠰ ᠤᠨ ᠬᠡᠯᠬᠢᠶ᠎ᠡ ᠪᠠᠷ ᠬᠡᠷᠡᠭᠯᠡᠭᠡ ᠶᠢ ᠲᠡᠰ ᠳᠡᠪᠰᠢᠭᠦᠯᠦᠨ ᠳᠡᠭᠡᠭᠰᠢ ᠲᠠᠲᠠᠵᠤ᠂ ᠰᠣᠶᠣᠯ ᠤᠨ | ᠬᠥᠬᠡᠬᠤᠲᠠ ᠶᠢᠨ ᠲᠡᠯᠡᠬᠦ ᠬᠦᠴᠦᠨ ᠢ ᠭᠦᠢᠴᠡᠳ ᠢᠯᠡᠷᠡᠭᠦᠯᠬᠦ ᠬᠡᠷᠡᠭᠲᠡᠢ ᠭᠡᠵᠡᠢ᠃ | ᠥᠩᠭᠡ ᠶᠢᠨ ᠳ᠋ᠧᠩ ᠭᠡᠷᠡᠯᠲᠦᠭᠰᠡᠨ ᠰᠥᠨᠢ ᠶᠢᠨ ᠲᠤᠶᠠᠭᠠᠨ ᠳᠤ ᠶᠡᠭᠡ ᠵᠣᠣ ᠶᠢᠨ ᠲᠠᠯᠠᠪᠠᠢ ᠣᠨᠴᠠ ᠶᠢᠨ | ᠦᠵᠡᠮᠵᠢᠲᠡᠢ᠂ ᠠᠳᠡ ᠬᠡᠳᠦᠶᠢᠪᠡᠷ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠨᠢᠭᠡ ᠬᠡᠰᠡᠭ ᠢᠯᠢᠮ ᠵᠢᠯᠢᠮ | ᠪᠣᠯᠣᠭᠰᠠᠨ ᠪᠣᠯᠪᠠᠴᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠠᠭᠠᠯᠳᠤᠨ᠂ ᠤᠯᠠᠮ ᠠᠴᠠ | ᠤᠯᠠᠮ ᠣᠯᠠᠨ ᠬᠤᠲᠠ ᠶᠢᠨ ᠠᠷᠠᠳ ᠠᠳᠡ ᠢᠷᠡᠵᠦ ᠰᠡᠯᠡᠭᠦᠴᠡᠨ ᠵᠤᠭᠠᠯᠠᠵᠤ ᠬᠥᠮᠥᠨ ᠬᠠᠷ᠎ᠠ ᠵᠥᠷᠢᠯᠳᠦᠨ᠂ | ᠠᠳᠠᠯᠢᠬᠠᠨ ᠶᠡᠭᠡ ᠵᠣᠣ ᠠᠳᠠᠯᠢ ᠦᠭᠡᠢ ᠬᠦᠷ ᠬᠥᠭᠵᠢᠶᠡᠨ ᠲᠠᠢ᠃ | ᠸᠠᠩ ᠯᠢ ᠰᠢᠶᠠ᠂ ᠪᠠᠢ ᠢᠦᠢ ᠭᠠᠩ ᠨᠠᠷ ᠶᠠᠭ ᠥᠭᠡᠷᠡᠴᠢᠯᠡᠨ ᠰᠠᠶᠢᠵᠢᠷᠠᠭᠤᠯᠵᠤ ᠪᠠᠶᠢᠭ᠎ᠠ ᠶᠡᠭᠡ ᠵᠣᠣ ᠶᠢᠨ | ᠦᠵᠡᠮᠵᠢ ᠶᠢᠨ ᠣᠷᠣᠨ ᠤ ᠶᠠᠪᠠᠭᠠᠨ ᠵᠡᠭᠡᠯᠢ᠂ ᠪᠤᠭᠤᠮᠲᠠ ᠶᠢᠨ ᠬᠠᠭᠤᠴᠢᠨ ᠵᠡᠭᠡᠯᠢ᠂ ᠲᠦᠩ ᠱᠦᠨ ᠶᠡᠭᠡ ᠭᠤᠳᠤᠮᠵᠢ | ᠂ ᠶᠡᠭᠡ ᠵᠣᠣ ᠶᠢᠨ ᠡᠮᠦᠨ᠎ᠡ ᠵᠡᠭᠡᠯᠢ᠂ ᠭᠧ ᠯᠢᠶᠣᠤ ᠵᠡᠭᠡᠯᠢ ᠵᠡᠷᠭᠡ ᠣᠷᠣᠨ ᠪᠦᠰᠡ ᠪᠠᠷ ᠶᠠᠪᠤᠵᠤ᠂ ᠶᠠᠪᠤᠬᠤ ᠶᠢᠨ | ᠳᠠᠭᠠᠤ ᠦᠵᠡᠵᠦ᠂ ᠪᠠᠶᠢᠨ ᠪᠠᠶᠢᠨ ᠵᠤᠭᠰᠤᠵᠤ ᠵᠢᠭᠤᠯᠴᠢᠳ ᠪᠣᠯᠣᠨ ᠳᠡᠯᠭᠡᠭᠦᠷ ᠤᠨ ᠡᠵᠡᠩᠨᠡᠭᠴᠢᠳ ᠲᠠᠢ ᠶᠠᠷᠢᠯᠴᠠᠨ᠂ | ᠡᠵᠡᠩᠨᠡᠯᠲᠡ ᠶᠢᠨ ᠪᠠᠶᠢᠳᠠᠯ ᠪᠠ ᠣᠯᠠᠨ ᠤ ᠬᠤᠵᠢᠮ ᠤᠨ ᠬᠥᠭᠵᠢᠯᠲᠡ ᠳᠠᠬᠢ ᠰᠠᠨᠠᠯ ᠰᠠᠨᠠᠭᠤᠯᠭ᠎ᠠ ᠶᠢ ᠯᠠᠪᠯᠠᠨ | ᠠᠰᠠᠭᠤᠵᠤ ᠪᠠᠶᠢᠪᠠ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠥᠨᠢ ᠶᠢᠨ ᠠᠵᠤ | ᠠᠬᠤᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠴᠢᠩᠭ᠎ᠠ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠠᠷᠠᠯᠲᠠ ᠪᠠᠶᠢᠷᠢᠰᠢᠯ ᠢᠶᠠᠨ ᠤᠯᠠᠮ ᠨᠢᠭᠡ ᠠᠯᠬᠤᠮ ᠲᠣᠳᠣᠷᠬᠠᠢ ᠪᠣᠯᠭᠠᠨ᠂ ᠭᠦᠨ ᠰᠡᠳᠬᠢᠵᠦ | ᠨᠡᠪᠲᠡ ᠰᠡᠳᠬᠢᠵᠦ ᠪᠦᠬᠦ ᠲᠠᠯ᠎ᠠ ᠶᠢ ᠰᠡᠳᠬᠢᠵᠦ᠂ ᠪᠣᠳᠠᠲᠠᠢ ᠠᠳᠬᠤᠵᠤ ᠨᠠᠷᠢᠯᠢᠭ ᠠᠳᠬᠤᠵᠤ ᠪᠣᠳᠠᠲᠠᠢ ᠶᠢ | ᠠᠳᠬᠤᠵᠤ᠂ ᠭᠠᠵᠠᠷ ᠣᠷᠣᠨ ᠤ ᠣᠨᠴᠠᠯᠢᠭ ᠲᠠᠢ ᠢᠳᠡᠬᠦ᠂ ᠡᠮᠦᠰᠬᠦ᠂ ᠰᠣᠶᠣᠯ ᠤᠨ ᠪᠦᠳᠦᠭᠡᠯᠲᠡ ᠂ ᠬᠤᠪᠴᠠᠰᠤ | ᠬᠤᠨᠠᠷ ᠵᠡᠷᠭᠡ ᠠᠵᠢᠯ ᠲᠥᠷᠥᠯ ᠤᠨ ᠪᠦᠲᠦᠭᠡᠭᠳᠡᠬᠦᠨ ᠢ ᠪᠦᠲᠦᠮᠵᠢᠲᠡᠢ ᠨᠡᠶᠢᠳᠬᠡᠨ᠂ ᠰᠣᠶᠣᠯ ᠵᠢᠭᠤᠯᠴᠢᠯᠠᠯ ᠢ | ᠠᠭᠤᠰᠤᠯᠴᠠᠭᠤᠯᠵᠤ᠂ ᠥᠪᠡᠷᠮᠢᠴᠡ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢ ᠴᠣᠭᠴᠠᠯᠠᠨ ᠪᠠᠶᠢᠭᠤᠯᠵᠤ᠂ | ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠠᠵᠤ ᠦᠢᠯᠡᠰᠵᠢᠭᠰᠡᠨ | ᠡᠵᠡᠩᠨᠡᠯᠲᠡ ᠪᠠᠷ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠦᠯᠬᠦ ᠠᠵᠤ ᠦᠢᠯᠡᠰ ᠤᠨ ᠪᠥᠭᠡᠮᠨᠡᠷᠡᠯ | ᠬᠥᠭᠵᠢᠯᠲᠡ ᠶᠢ ᠳᠠᠶᠢᠴᠢᠯᠠᠬᠤ ᠬᠡᠷᠡᠭᠲᠡᠢ ᠭᠡᠪᠡ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠡᠮᠦᠨ᠎ᠡ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ | ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠥᠷᠥᠯ ᠲᠡᠮᠳᠡᠭᠲᠦ ᠶᠢᠨ | ᠠᠭᠤᠯᠬᠤᠨ ᠢ ᠭᠦᠨ ᠠᠭᠤᠳᠠᠯᠵᠤ᠂ ︽ ᠥᠩᠭᠡ ᠵᠢᠰᠦ︾ ᠪᠠ ︽ᠠᠭᠤᠯᠤᠭᠳᠠᠬᠤᠨ︾ ᠢ ᠵᠡᠷᠭᠡ ᠪᠠᠷ | ᠴᠢᠬᠤᠯᠠᠴᠢᠯᠠᠵᠤ᠂ ᠰᠣᠶᠣᠯ ᠤᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ | ᠠᠰᠢᠭ ᠢ ᠶᠡᠷᠦᠩᠬᠡᠶᠢᠯᠡᠨ ᠢᠯᠡᠷᠡᠭᠦᠯᠬᠦ ᠬᠡᠷᠡᠭᠲᠡᠢ᠃ ᠣᠯᠠᠨ ᠤ ᠬᠡᠷᠡᠭᠯᠡᠭᠡᠨ ᠤ ᠰᠡᠳᠬᠢᠴᠡ ᠶᠢ ᠡᠵᠡᠮᠰᠢᠵᠦ᠂ ᠪᠤᠰᠤᠳ | ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠶᠢ ᠲᠣᠯᠢᠯᠠᠨ ᠰᠤᠷᠤᠯᠴᠠᠵᠤ᠂ ᠣᠳᠣᠬᠠᠨ ᠤ ᠪᠠ ᠬᠤᠯᠠ ᠶᠢ | ᠤᠶᠠᠯᠳᠤᠭᠤᠯᠤᠨ ᠪᠡᠶᠡᠴᠢᠯᠡᠨ ᠣᠶᠢᠯᠠᠭᠠᠬᠤ ᠠᠭᠤᠯᠭ᠎ᠠ ᠪᠠ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠤ | ᠦᠵᠡᠭᠦᠯᠭᠡ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠲᠠᠩᠰᠤᠭ ᠪᠠᠶᠠᠯᠢᠭ ᠰᠥᠨᠢ ᠶᠢᠨ ᠰᠡᠯᠡᠭᠦᠴᠡᠯ᠂ | ᠬᠡᠷᠡᠭᠯᠡᠭᠡᠨ ᠤ ᠠᠭᠤᠷ ᠠᠮᠢᠰᠬᠤᠯ ᠢ ᠪᠣᠢ ᠪᠣᠯᠭᠠᠵᠤ᠂ ᠬᠤᠲᠠ ᠶᠢᠨ ᠲᠤᠭᠤᠷᠢᠭ ᠤᠨ ᠠᠮᠢᠵᠢᠷᠠᠯ ᠤᠨ ᠬᠦᠴᠦᠨ ᠢ | ᠭᠦᠢᠴᠡᠳ ᠢᠯᠡᠷᠡᠭᠦᠯᠦᠨ᠂ ᠬᠤᠲᠠ ᠶᠢᠨ ᠲᠤᠭᠤᠷᠢᠭ ᠤᠨ ᠰᠢᠳᠢ ᠬᠦᠴᠦᠨ ᠢ ᠲᠣᠳᠣᠷᠠᠭᠤᠯᠵᠤ᠂ ᠵᠢᠭᠤᠯᠴᠢᠳ ᠤᠨ | ᠰᠡᠳᠬᠢᠯ ᠢ ᠲᠠᠲᠠᠬᠤ ᠣᠷᠣᠨ ᠪᠣᠯᠭᠠᠨ ᠪᠦᠲᠦᠭᠡᠨ ᠪᠠᠶᠢᠭᠤᠯᠵᠤ᠂ ᠣᠷᠣᠨ ᠪᠦᠰᠡ ᠶᠢᠨ ᠠᠵᠤ ᠠᠬᠤᠢ ᠶᠢᠨ | ᠬᠥᠭᠵᠢᠯᠲᠡ ᠶᠢ ᠳᠠᠶᠢᠴᠢᠯᠠᠬᠤ ᠬᠡᠷᠡᠭᠲᠡᠢ ᠭᠡᠪᠡ᠃ | ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠵᠠᠩ ᠶᠢᠨ ᠫᠢᠩ᠂ ᠦ᠋ ᠸᠧᠨ ᠮᠢᠩ᠂ ᠴᠢᠶᠥᠥ ᠶᠦᠨ ᠯᠢ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ | | | | | | | | | | | | | | | | | |