ᠬᠥᠬᠡᠬᠤᠲᠠ ᠵᠢᠱᠢᠶ᠎ᠡ ᠦᠵᠡᠭᠦᠯᠬᠦ ᠲᠠᠷᠢᠶᠠᠯᠠᠩ ᠤᠨ ᠪᠦᠳᠦᠭᠡᠭᠳᠡᠭᠦᠨ ᠤ 4 ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2020-06-04
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠬᠠᠶᠢᠷᠬᠠᠨ︶ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠮᠡᠷᠭᠡᠵᠢᠯ ᠤᠨ ᠦᠨᠡᠯᠡᠯᠲᠡ ᠶᠢᠨ ᠠᠵᠢᠯ ᠢ ᠤᠭᠲᠤᠬᠤ ᠶᠢᠨ ᠲᠥᠯᠥᠭᠡ᠂ ᠲᠥᠪ ᠬᠤᠲᠠ ᠶᠢᠨ ᠳᠥᠷᠪᠡᠨ ᠲᠣᠭᠤᠷᠢᠭ ᠲᠤ ᠪᠠᠷᠢᠮᠵᠢᠶᠠᠵᠢᠭᠰᠠᠨ᠂ ᠤᠶᠤᠨᠴᠢᠯᠠᠭᠰᠠᠨ᠂ ᠲᠦᠷᠢᠮᠵᠢᠭᠰᠡᠨ ᠵᠢᠱᠢᠶ᠎ᠡ ᠦᠵᠡᠭᠦᠯᠬᠦ ᠳᠥᠷᠪᠡᠨ ᠲᠠᠷᠢᠶᠠᠯᠠᠩ ᠤᠨ ᠪᠦᠳᠦᠭᠡᠭᠳᠡᠭᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠬᠤ ᠪᠠᠷ ᠪᠤᠢ᠃ ᠲᠤᠬᠠᠢᠢᠯᠡᠪᠡᠯ᠂ ᠰᠢᠨ᠎ᠡ ᠬᠤᠲᠠ ᠲᠣᠭᠤᠷᠢᠭ ᠤᠨ ᠹᠦ᠋ ᠬᠠᠶ ᠰᠢᠩ ᠲᠠᠷᠢᠶᠠᠯᠠᠩ ᠤᠨ ᠪᠦᠳᠦᠭᠡᠭᠳᠡᠭᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠬᠤᠲᠣᠩ ᠠᠷᠠᠳ ᠤᠨ ᠲᠣᠭᠤᠷᠢᠭ ᠤᠨ ᠸᠠᠨ ᠾᠦᠢ ᠲᠠᠷᠢᠶᠠᠯᠠᠩ ᠤᠨ ᠪᠦᠳᠦᠭᠡᠭᠳᠡᠭᠦᠨ ᠤ  ᠠᠷᠠᠯᠵᠢᠶᠠᠨ ᠤ ᠵᠠᠬ᠎ᠠ ᠳᠡᠯᠭᠡᠭᠦᠷ᠂ ᠢᠦ᠋ᠢᠴᠢᠤᠸᠠᠨ ᠲᠣᠭᠤᠷᠢᠭ ᠤᠨ ᠮᠧᠶ ᠲᠦᠩ ᠲᠠᠷᠢᠶᠠᠯᠠᠩ ᠤᠨ ᠪᠦᠳᠦᠭᠡᠭᠳᠡᠭᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠰᠠᠶᠢᠬᠠᠨ ᠲᠣᠭᠤᠷᠢᠭ ᠤᠨ ᠳ᠋ᠦᠩ ᠸᠠ ᠶᠣᠣ ᠲᠠᠷᠢᠶᠠᠯᠠᠩ ᠤᠨ ᠪᠦᠳᠦᠭᠡᠭᠳᠡᠭᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠡᠭᠦᠳᠦᠨ ᠪᠠᠶᠢᠭᠤᠯᠤᠨ᠎ᠠ᠃      5 ᠰᠠᠷ᠎ᠠ ᠶᠢᠨ 27 ᠤ ᠡᠳᠦᠷ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠢᠩᠭᠢᠰ ᠬᠠᠭᠠᠨ ᠵᠡᠭᠡᠯᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠳᠤᠷᠠᠨ ᠰᠢᠨ᠎ᠡ ᠬᠤᠲᠠ ᠲᠣᠭᠤᠷᠢᠭ ᠤᠨ ᠮᠣᠷᠢᠨ ᠤᠷᠤᠯᠳᠤᠭᠠᠨ ᠤ ᠲᠠᠯᠠᠪᠤᠷ ᠤᠨ ᠲᠠᠷᠢᠶᠠᠯᠠᠩ ᠤᠨ ᠪᠦᠳᠦᠭᠡᠭᠳᠡᠭᠦᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠤ ᠪᠥᠬᠦ ᠲᠠᠯ᠎ᠠ ᠶᠢᠨ ᠪᠠᠶᠢᠴᠠᠭᠠᠯᠳᠠ ᠬᠢᠪᠠ᠃ ᠪᠠᠶᠢᠴᠠᠭᠠᠬᠤ ᠳᠤᠭᠤᠶᠢᠯᠠᠩ ᠤᠨ ᠬᠢᠨ ᠮᠣᠷᠢᠨ ᠤᠷᠤᠯᠳᠤᠭᠠᠨ ᠤ ᠲᠠᠯᠠᠪᠤᠷ ᠤᠨ ᠲᠠᠷᠢᠶᠠᠯᠠᠩ ᠤᠨ ᠪᠦᠳᠦᠭᠡᠭᠳᠡᠭᠦᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠰᠢᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠬᠤ ᠶᠢᠨ ᠬᠠᠮᠲᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠮᠡᠷᠭᠡᠵᠢᠯ ᠤᠨ ᠦᠨᠡᠯᠡᠨ ᠪᠠᠶᠢᠴᠠᠭᠠᠯᠲᠠ ᠶᠢᠨ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠡᠢ᠃      ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠭᠡᠳᠡᠭ ᠪᠣᠯ ᠬᠤᠲᠠ ᠶᠢᠨ ᠬᠠᠮᠤᠭ ᠤᠨ ᠴᠢᠬᠤᠯᠠ ᠨᠡᠷ᠎ᠡ ᠶᠢᠨ ᠬᠠᠭᠤᠳᠠᠰᠤ ᠪᠣᠯᠬᠤ ᠪᠥᠭᠡᠳ ᠵᠥᠭᠡᠯᠡᠨ ᠪᠣᠳᠠᠲᠤ ᠬᠦᠴᠦᠨ ᠤ ᠬᠢᠨᠢ ᠴᠢᠬᠤᠯᠠ ᠢᠯᠡᠷᠡᠯ ᠪᠣᠯᠣᠨ᠎ᠠ᠃ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠤᠳ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠤᠨ ᠪᠠᠶᠢᠭᠤᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠪᠣᠯᠤᠨ ᠲᠤᠯᠭᠠᠷᠠᠵᠤ ᠪᠠᠶᠢᠭ᠎ᠠ ᠬᠠᠳᠠᠭᠤ ᠡᠭᠦᠷᠭᠡ ᠶᠢ ᠭᠦᠨᠵᠡᠭᠡᠢ ᠲᠠᠨᠢᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠣᠳᠣᠬᠠᠨ ᠤ ᠠᠵᠢᠯ ᠤᠨ ᠭᠤᠣᠯᠳᠠᠯᠭ᠎ᠠ ᠪᠣᠯᠭᠠᠵᠤ᠂ ᠬᠥᠬᠡᠬᠤᠲᠠ ᠶᠢ ᠪᠥᠬᠦ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠤᠯᠭᠠᠨ ᠡᠭᠦᠳᠦᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠭᠦ ᠪᠠᠷ ᠴᠢᠷᠮᠡᠶᠢᠵᠤ ᠪᠤᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号