2020 ᠣᠨ ᠤ 4 ᠳ᠋ᠦ᠋ᠭᠡᠷ ᠰᠠᠷ᠎ᠠ ᠶᠢᠨ 22 ᠤᠨ ᠡᠳᠦᠷ ᠬᠥᠬᠡᠬᠤᠲᠠ ᠶᠢᠨ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ | ᠳᠡᠭᠡᠷ᠎ᠡ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠠᠩ ᠪᠠᠢ ᠴᠧᠩ | | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠦᠪᠯᠡᠬᠦ | ᠪᠣᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠠᠵᠤ ᠠᠬᠤᠶ ᠪᠠᠭᠤᠷᠠᠬᠤ ᠳᠠᠷᠤᠯᠲᠠ ᠨᠡᠮᠡᠭᠳᠡᠵᠦ ᠪᠠᠶᠢᠭ᠎ᠠ ᠪᠠ ᠬᠦᠴᠢᠷᠳᠡᠯ ᠵᠥᠷᠢᠴᠡᠯ ᠨᠡᠮᠡᠭᠳᠡᠵᠦ ᠪᠠᠶᠢᠭ᠎ᠠ ᠪᠠᠶᠢᠳᠠᠯ ᠤᠨ | ᠡᠮᠦᠨ᠎ᠡ᠂ ᠪᠢᠳᠡ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠣᠭ | ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠴᠢᠷ ᠢ ᠰᠦᠷᠦᠨ ᠤᠷᠤᠭᠰᠢᠯᠠᠵᠤ᠂ ᠡᠷᠡᠮᠡᠬᠡᠶᠢᠯᠡᠨ ᠤᠷᠤᠭᠰᠢᠯᠠᠵᠤ᠂ | ᠪᠥᠬᠦ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠰᠢᠨ᠎ᠡ ᠰᠢᠪᠲᠤᠯᠤᠯᠲᠠ᠂ ᠰᠢᠨ᠎ᠡ ᠠᠮᠵᠢᠯᠲᠠ ᠪᠦᠲᠦᠮᠵᠢ ᠤᠯᠪᠠ᠃ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠦᠷᠳᠡᠭ 5.5% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 2.3% | ᠪᠠᠷ ᠨᠡᠮᠡᠭᠳᠡᠵᠦ᠂ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ 5.2% ᠢᠶᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠶᠡᠷᠦᠩᠬᠡᠢ ᠲᠤᠭ᠎ᠠ 2.7% ᠪᠠᠷ ᠨᠡᠮᠡᠭᠳᠡᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠴᠠ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠤᠭᠰᠠᠨ ᠠᠳᠠᠯᠢᠳᠬᠠᠵᠤ ᠪᠤᠯᠣᠰᠢ ᠦᠭᠡᠢ ᠬᠦᠴᠦᠨ ᠵᠦᠢᠯ ᠢ ᠬᠠᠰᠤᠭᠠᠳ 9.5% ᠪᠠᠷ ᠨᠡᠮᠡᠭᠳᠡᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 6.1% ᠪᠠ 10.4% ᠪᠠᠷ ᠨᠡᠮᠡᠭᠳᠡᠪᠡ᠃ | ︵ᠨᠢᠭᠡ︶ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠠᠵᠤ ᠠᠬᠤᠢ ᠶᠢᠨ ᠠᠵᠢᠯᠯᠠᠭ᠎ᠠ ᠶᠢ ᠪᠦᠬᠦ | ᠬᠦᠴᠦᠨ ᠢᠶᠠᠷ ᠲᠣᠭᠲᠠᠪᠤᠷᠢᠵᠢᠭᠤᠯᠪᠠ᠃ ᠤᠯᠤᠰ ᠤᠨ ᠶᠡᠭᠡ ᠬᠡᠪᠴᠢᠶ᠎ᠡ ᠪᠠᠷ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠰᠢᠨ᠎ᠡ ᠪᠠᠷ 65 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠪᠠ᠃ ︽ᠲᠤᠰᠠᠯᠠᠨ ᠪᠠᠲᠤᠯᠠᠬᠤ | ᠵᠢᠭᠡᠯᠡᠯᠭᠡ︾ ᠵᠡᠷᠭᠡ ᠪᠡᠯᠡ ᠬᠤᠷᠠᠮᠳᠤᠭᠤᠯᠬᠤ ᠠᠷᠭ᠎ᠠ ᠵᠠᠮ ᠢ ᠥᠷᠭᠡᠳᠬᠡᠵᠦ᠂ 409 ᠳᠤᠮᠳᠠ ᠵᠢᠵᠢᠭ ᠠᠵᠤ ᠠᠬᠤᠶᠢᠯᠠᠯ ᠳᠤ 5000 ᠭᠠᠷᠤᠢ ᠲᠦᠮᠡᠨ | ᠲᠥᠭᠦᠷᠢᠭ ᠤᠨ ᠪᠡᠯᠡ ᠬᠤᠷᠠᠮᠳᠤᠭᠤᠯᠬᠤ ᠥᠪᠡᠷ ᠤᠨ ᠥᠷᠲᠡᠭ ᠢ ᠠᠷᠪᠢᠯᠠᠵᠤ ᠥᠭᠪᠡ᠃ ᠴᠠᠬᠢᠯᠭᠠᠨ ᠬᠦᠴᠦᠨ ᠤ ᠣᠯᠠᠨ ᠲᠠᠯ᠎ᠠ ᠶᠢᠨ ᠠᠷᠠᠯᠵᠢᠶᠠᠨ ᠤ 69 | ᠠᠵᠤ ᠠᠬᠤᠶᠢᠯᠠᠯ ᠳᠤ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 6.2 ᠳ᠋ᠦᠩᠰᠢᠭᠤᠷ ᠲᠥᠭᠦᠷᠢᠭ ᠠᠷᠪᠢᠯᠠᠪᠠ᠃ ᠵᠠᠬ᠎ᠠ ᠳᠡᠯᠭᠡᠭᠦᠷ ᠤᠨ ᠭᠤᠤᠯ ᠴᠣᠭᠴᠠ | 55834 ᠡᠷᠦᠬᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 42 ᠡᠷᠦᠬᠡ᠂ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠭᠡᠨ ᠤ ᠠᠵᠤ ᠠᠬᠤᠶᠢᠯᠠᠯ 130 ᠡᠷᠦᠬᠡ ᠰᠢᠨ᠎ᠡ ᠪᠠᠷ ᠨᠡᠮᠡᠭᠳᠡᠪᠡ᠃ | ᠠᠵᠤ ᠦᠢᠯᠡᠰ ᠤᠨ ᠲᠡᠰ ᠳᠡᠪᠰᠢᠬᠦ ᠠᠯᠬᠤᠴᠠ ᠲᠦᠷᠭᠡᠳᠪᠡ᠃ ᠰᠦ ᠰᠠᠭᠠᠯᠢ ᠶᠢᠨ ᠦᠢᠯᠡᠰ ᠢ ᠲᠠᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠬᠡᠷᠡᠭᠵᠢᠭᠦᠯᠵᠦ᠂ ᠢᠯᠢ᠂ ᠮᠧᠩ ᠨᠢᠤ ᠬᠤᠶᠠᠷ ᠰᠦ ᠰᠠᠭᠠᠯᠢ ᠶᠢᠨ ᠠᠵᠤ ᠠᠬᠤᠶᠢᠯᠠᠯ ᠵᠢᠱᠢᠯᠲᠡ ᠪᠠᠷ 1700 ᠳ᠋ᠦᠩᠰᠢᠭᠤᠷ ᠲᠥᠭᠦᠷᠢᠭ ᠤᠨ | ᠪᠣᠷᠣᠯᠠᠭᠤᠯᠭ᠎ᠠ ᠶᠢᠨ ᠣᠷᠣᠯᠭ᠎ᠠ ᠶᠢ ᠪᠡᠶᠡᠯᠡᠭᠦᠯᠬᠦ ᠪᠣᠯᠣᠨ᠎ᠠ᠃ ᠵᠦᠩ ᠬᠤᠸᠠᠨ ᠭᠡᠷᠡᠯ ᠸᠣᠯᠲ ᠤᠨ ᠳᠥᠷᠪᠡᠳᠦᠭᠡᠷ ᠬᠤᠭᠤᠴᠠᠭ᠎ᠠ ᠶᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠵᠤ᠂ ᠲᠠᠪᠤᠳᠤᠭᠠᠷ ᠬᠤᠭᠤᠴᠠᠭᠠᠨ ᠤ ᠲᠥᠬᠦᠭᠡᠷᠦᠮᠵᠢ ᠶᠢ ᠤᠭᠰᠠᠷᠠᠪᠠ᠃ ᠵᠢᠤ ᠲᠠᠢ ᠰᠢᠨ᠎ᠡ ᠮᠠᠲ᠋ᠧᠷᠢᠶᠠᠯ ᠤᠨ ᠵᠢᠯ ᠤᠨ ᠭᠠᠷᠤᠯᠲᠠ | 100 ᠲᠦᠮᠡᠨ ᠲᠣᠨ ᠤ ᠨᠡᠭᠦᠷᠡᠰᠦ ᠪᠠᠷ ᠡᠲ᠋ᠡ ᠬᠤᠶᠠᠷᠴᠢ ᠠᠯᠺᠦᠦᠯ ᠦᠢᠯᠡᠳᠪᠦᠷᠢᠯᠡᠬᠦ ᠲᠥᠷᠥᠯ ᠵᠦᠢᠯ ᠢ ᠲᠦᠷᠭᠡᠳᠬᠡᠨ ᠪᠦᠲᠦᠭᠡᠨ ᠪᠠᠶᠢᠭᠤᠯᠵᠤ᠂ ᠰᠢᠤᠢ ᠶᠠᠩ | ᠵᠦᠩ ᠷᠠᠨ ᠬᠡᠦᠷᠰᠢᠭᠦᠯᠬᠦ ᠣᠷᠴᠢᠯ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠳᠠᠬᠢᠨ ᠵᠣᠬᠢᠶᠠᠨ ᠪᠠᠶᠢᠭᠤᠯᠵᠤ ᠦᠢᠯᠡᠳᠪᠦᠷᠢᠯᠡᠯ ᠰᠡᠷᠭᠦᠭᠡᠪᠡ᠃ | ᠶᠢᠨ ᠢᠦᠶ ᠪᠦᠯᠦᠭᠯᠡᠯ ᠪᠥᠬᠦ ᠪᠥᠮᠪᠥᠷᠴᠡᠭ ᠤᠨ ᠬᠠᠮᠤᠭ ᠤᠨ ᠲᠣᠮᠣ ᠰᠢᠯᠦᠬᠡᠶ ᠡᠪᠡᠳᠴᠢᠨ ᠤ ᠸᠠᠺᠼᠢᠨ ᠤ ᠣᠶᠤᠨᠴᠢ ᠦᠢᠯᠡᠳᠪᠦᠷᠢᠯᠡᠬᠦ ᠰᠠᠭᠤᠷᠢᠨ ᠭᠠᠵᠠᠷ ᠢ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠢᠶᠠᠷ ᠮᠠᠭᠠᠳᠯᠠᠨ ᠲᠣᠭᠲᠠᠭᠠᠪᠠ᠃ ᠴᠤᠸᠠᠩ | ᠸᠧᠶ ᠤᠶᠤᠨᠴᠢ ᠬᠡᠷ ᠤᠨ ᠴᠠᠬᠢᠯᠭᠠᠨ ᠬᠡᠷᠡᠭᠰᠡᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠤᠷᠤᠭᠰᠢᠲᠠᠢ ᠬᠡᠷᠡᠭᠵᠢᠭᠦᠯᠪᠡ᠃ ᠤᠯᠤᠰ ᠤᠨ | ᠲᠠᠰ ᠤᠨ ᠢᠨᠲ᠋ᠧᠷ ᠰᠦᠯᠵᠢᠶᠡᠨ ᠤ ᠰᠢᠭᠤᠳ ᠬᠤᠯᠪᠣᠯᠳᠤᠬᠤ ᠭᠤᠤᠯᠯᠠᠭᠴᠢ ᠴᠡᠭ ᠢ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠶᠠᠮᠤᠨ ᠠᠴᠠ | ᠴᠣᠬᠤᠯᠠᠪᠤᠷᠢᠯᠠᠨ ᠵᠥᠪᠰᠢᠶᠡᠷᠡᠪᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠦᠬᠦ ᠲᠠᠯ᠎ᠠ ᠪᠠᠷ ᠬᠥᠭᠵᠢᠪᠡ᠃ ᠫᠢᠩ ᠠᠨ ᠪᠠᠩᠬᠢ᠂ ᠵᠧᠵᠢᠶᠠᠩ ᠤᠨ ᠬᠤᠳᠠᠯᠳᠤᠭᠠᠨ ᠤ | ᠪᠠᠩᠬᠢ ᠬᠥᠬᠡᠬᠤᠲᠠ ᠳᠤ ᠬᠤᠪᠢᠶᠠᠷᠢ ᠪᠠᠶᠢᠭᠤᠯᠤᠮᠵᠢ ᠪᠠᠶᠢᠭᠤᠯᠤᠨ ᠰᠠᠭᠤᠷᠢᠰᠢᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ 11 ᠰᠢᠨ᠎ᠡ ᠪᠠᠷ ᠨᠡᠮᠡᠭᠳᠡᠪᠡ᠃ | ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠢ ᠲᠡᠰ ᠳᠡᠪᠰᠢᠭᠦᠯᠵᠦ᠂ ᠵᠧᠨ ᠬᠤᠸᠠ ᠲᠠᠯᠠᠪᠠᠢ ᠵᠡᠷᠭᠡ ᠠᠷᠠᠯᠵᠢᠶ᠎ᠠ ᠬᠤᠳᠠᠯᠳᠤᠭᠠᠨ ᠤ ᠲᠥᠪ ᠢ | ᠪᠠᠶᠢᠭᠤᠯᠤᠨ ᠡᠵᠡᠩᠨᠡᠯᠲᠡ ᠳᠤ ᠣᠷᠣᠭᠤᠯᠪᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 18% ᠪᠠᠷ ᠨᠡᠮᠡᠭᠳᠡᠵᠦ᠂ ᠶᠢᠨ ᠴᠢᠶᠣᠣ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢᠶᠠᠷ ᠰᠣᠩᠭᠤᠭᠳᠠᠪᠠ᠃ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠭᠤᠤᠯ ᠴᠣᠭᠴᠠ ᠶᠢᠨ ᠪᠠᠷᠢᠯᠭ᠎ᠠ | ᠳᠠᠭᠤᠰᠴᠤ᠂ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ | ᠵᠢᠭᠤᠯᠴᠢᠯᠠᠯ ᠤᠨ ᠬᠦᠯᠢᠶᠡᠨ ᠠᠪᠤᠭᠰᠠᠨ ᠬᠥᠮᠦᠨ ᠤ ᠲᠤᠭ᠎ᠠ᠂ ᠵᠢᠭᠤᠯᠴᠢᠯᠠᠯ ᠤᠨ ᠣᠷᠣᠯᠭ᠎ᠠ ᠲᠤᠰ ᠲᠤᠰ 10.3% ᠪᠠ 12.6% ᠪᠠᠷ ᠨᠡᠮᠡᠭᠳᠡᠪᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠬᠥᠳᠡᠯᠭᠡᠭᠴᠢ ᠬᠦᠴᠦᠨ ᠴᠢᠩᠭᠠᠷᠠᠪᠠ᠃ ᠴᠢᠬᠤᠯᠠ ᠶᠡᠭᠡ | ᠰᠢᠨᠵᠢᠯᠡᠬᠦ ᠤᠬᠠᠭᠠᠨ ᠮᠡᠷᠭᠡᠵᠢᠯ ᠤᠨ18 ᠲᠥᠷᠥᠯ ᠵᠦᠢᠯ᠂ ᠬᠡᠷᠡᠭᠯᠡᠭᠡᠨ ᠤ ᠰᠤᠳᠤᠯᠤᠨ ᠨᠡᠭᠡᠭᠡᠯᠲᠡ ᠶᠢᠨ 54ᠲᠥᠷᠥᠯ ᠵᠦᠢᠯ ᠢ ᠬᠡᠷᠡᠭᠵᠢᠭᠦᠯᠪᠡ᠃ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ 11᠂ ᠰᠤᠳᠤᠯᠤᠨ ᠨᠡᠭᠡᠭᠡᠬᠦ ᠪᠠᠶᠢᠭᠤᠯᠤᠮᠵᠢ 26 ᠰᠢᠨ᠎ᠡ ᠪᠠᠷ ᠨᠡᠮᠡᠭᠳᠡᠪᠡ᠃ ᠮᠡᠷᠭᠡᠵᠢᠯ ᠤᠨ ᠭᠡᠷ᠎ᠡ ᠶᠢᠨ | ᠠᠷᠠᠯᠵᠢᠶ᠎ᠠ ᠪᠦᠲᠦᠭᠰᠡᠨ ᠲᠤᠭ᠎ᠠ 7.25 ᠳ᠋ᠦᠩᠰᠢᠭᠤᠷ ᠲᠥᠭᠦᠷᠢᠭ ᠲᠤ ᠬᠦᠷᠴᠦ᠂ 30.4% ᠪᠠᠷ ᠨᠡᠮᠡᠭᠳᠡᠪᠡ᠃ ︽ᠴᠢᠳᠠᠪᠤᠷᠢᠲᠠᠨ ᠤ ᠰᠢᠨ᠎ᠡ ᠲᠦᠷᠦ ᠶᠢᠨ | ᠪᠤᠳᠤᠯᠭ᠎ᠠ 9 ᠵᠦᠢᠯ︾ ᠢ ᠨᠠᠶᠢᠳᠠᠪᠤᠷᠢᠵᠢᠭᠤᠯᠵᠤ᠂ ᠠᠵᠢᠯ ᠦᠢᠯᠡᠰ ᠤᠨ ᠨᠢᠭᠡᠴᠡ ᠳᠤ 516 ᠴᠢᠳᠠᠪᠤᠷᠢᠲᠠᠨ ᠢ ᠣᠷᠣᠭᠤᠯᠤᠨ ᠠᠪᠴᠢᠷᠠᠪᠠ᠃ | ︵ᠬᠤᠶᠠᠷ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠠᠬᠢᠴᠠ ᠲᠠᠢ ᠪᠣᠯᠪᠠ᠃ ᠵᠠᠰᠠᠭ ᠤᠨ ᠣᠷᠳᠣᠨ ᠤ ᠳᠠᠯᠳᠠ | ᠥᠷᠢ ᠥᠭᠴᠡᠭᠡ ᠶᠢ ᠠᠷᠢᠯᠭᠠᠬᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠩᠰᠠᠨ ᠵᠣᠭᠤᠰ ᠢ ᠲᠥᠯᠥᠬᠦ ᠡᠭᠦᠷᠭᠡ ᠬᠠᠷᠠᠯᠲᠠ ᠶᠢ ᠳᠠᠪᠠᠭᠤᠯᠤᠨ | ᠪᠡᠶᠡᠯᠡᠭᠦᠯᠵᠦ᠂ ︽ᠠᠷᠪᠠ ᠶᠢ ᠪᠦᠷᠬᠦᠭᠦᠯᠬᠦ︾ ᠳᠤ ᠰᠢᠭᠤᠳ ᠬᠤᠯᠪᠣᠭᠳᠠᠬᠤ ᠢᠨᠵᠧᠨᠧᠷᠢᠩ ᠤᠨ ᠲᠥᠷᠥᠯ ᠤᠨ ᠥᠷᠢ ᠥᠭᠴᠡᠭᠡ ᠶᠢ ᠪᠦᠬᠦᠨ ᠢ ᠢᠯᠭᠠᠷᠠᠭᠤᠯᠪᠠ᠃ | ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠦᠴᠤᠸᠠᠨ ᠰᠢᠶᠠᠨ᠂ ᠴᠢᠩ ᠱᠦᠢ ᠾᠧ ᠰᠢᠶᠠᠨ ᠶᠠᠳᠠᠭᠤ | ᠬᠦᠴᠢᠷᠳᠡᠯᠲᠡᠢ ᠰᠢᠶᠠᠨ ᠤ ᠡᠩᠨᠡᠭᠡ ᠠᠴᠠ ᠤᠬᠤᠷᠢᠨ ᠭᠠᠷᠪᠠ᠃ ᠰᠢᠲᠠᠭᠠᠬᠤ ᠶᠢ ᠴᠠᠭᠠᠵᠠᠯᠠᠬᠤ ᠣᠷᠣᠨ ᠳᠣᠲᠣᠷᠠᠬᠢ 35 ᠠᠭᠤᠷ ᠲᠣᠨ ᠵᠢᠴᠢ ᠲᠡᠭᠦᠨ ᠠᠴᠠ | ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ 26 ᠰᠠᠭᠤᠷᠢ ᠨᠤᠷᠠᠭᠠᠵᠤ᠂ ᠡᠰᠢ ᠰᠦᠷᠡᠯ ᠢ ᠵᠠᠳᠠᠭᠠᠢ ᠰᠢᠲᠠᠭᠠᠬᠤ ᠶᠢ ᠪᠦᠬᠦ ᠲᠠᠯ᠎ᠠ ᠪᠠᠷ ᠴᠠᠭᠠᠵᠠᠯᠠᠵᠤ᠂ | ᠠᠭᠠᠷ ᠤᠨ ᠴᠡᠪᠡᠷᠴᠠ ᠣᠨᠴᠠ ᠴᠡᠪᠡᠷ ᠪᠠ ᠴᠡᠪᠡᠷ ᠡᠳᠦᠷ ᠤᠨ ᠲᠤᠭ᠎ᠠ ᠶᠢᠨ ᠬᠠᠷᠢᠴᠠᠯ ᠢ 83.2% ᠲᠤ ᠬᠦᠷᠭᠡᠪᠡ᠃ ᠬᠡᠲᠦ ᠮᠠᠯᠲᠠᠯᠲᠠ ᠶᠢᠨ ᠣᠷᠣᠨ ᠤ | ᠥᠪᠡᠷᠲᠡᠭᠡᠨ ᠪᠡᠯᠡᠳᠬᠡᠭᠰᠡᠨ 74 ᠬᠤᠳᠳᠤᠭ ᠢ ᠪᠢᠲᠡᠭᠦᠮᠵᠢᠯᠡᠵᠦ᠂ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠮᠠᠭᠤ V ᠲᠥᠷᠥᠯ ᠤᠨ | ᠤᠰᠤᠨ ᠴᠣᠭᠴᠠ ᠶᠢ ᠪᠦᠬᠦᠨ ᠢ ᠠᠷᠢᠯᠭᠠᠪᠠ᠃ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ 100 ᠦᠢᠯᠡᠳᠪᠦᠷᠢ | ᠠᠭᠤᠷᠬᠠᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ ᠤᠬᠤᠷᠢᠨ ᠭᠠᠷᠪᠠ᠃ ᠤᠯᠤᠰ ᠤᠨ ᠨᠤᠲᠤᠭ ᠪᠡᠯᠴᠢᠭᠡᠷ ᠤᠨ ᠨᠣᠭᠤᠭᠠᠷᠠᠭᠤᠯᠤᠯᠲᠠ ᠶᠢ 55.5 ᠲᠦᠮᠡᠨ | ᠮᠥ ᠪᠡᠶᠡᠯᠡᠭᠦᠯᠪᠡ᠃ | ︵ᠭᠤᠷᠪᠠ︶ ᠣᠷᠣᠨ ᠪᠦᠰᠡ ᠶᠢᠨ ᠴᠢᠨᠠᠷᠲᠠᠶ ᠭᠤᠤᠯ ᠬᠤᠲᠠ ᠶᠢᠨ ᠪᠦᠲᠦᠭᠡᠨ ᠪᠠᠶᠢᠭᠤᠯᠤᠯᠲᠠ ᠴᠢᠬᠤᠯᠠ ᠰᠢᠪᠲᠤᠯᠤᠯᠲᠠ ᠲᠠᠢ ᠪᠣᠯᠪᠠ᠃ ᠤᠳᠤ | ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮᠵᠢ ᠶᠢ ᠲᠦᠷᠭᠡᠨ ᠪᠠᠶᠢᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠢ ᠤᠯᠠᠮ ᠨᠢᠭᠡ ᠠᠯᠬᠤᠮ | ᠳᠣᠪᠣᠶᠢᠯᠭᠠᠪᠠ᠃ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶ ᠲᠥᠯᠥᠪᠵᠢᠭᠦᠯᠭᠡ ᠨᠢ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ | ᠲᠣᠪᠴᠢᠶ᠎ᠠ ᠶᠢᠨ ᠴᠣᠬᠤᠯᠠᠪᠤᠷᠢ ᠶᠢ ᠣᠯᠵᠤ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠯ ᠢ ᠬᠦᠯᠢᠶᠡᠬᠦ ᠱᠠᠲᠤᠨ ᠳᠤ ᠤᠷᠤᠪᠠ᠃ ᠪᠡᠭᠡᠵᠢᠩ ᠠᠴᠠ ᠬᠥᠬᠡᠬᠤᠲᠠ | ᠬᠦᠷᠬᠦ ᠲᠦᠷᠭᠡᠨ ᠤ ᠲᠡᠮᠦᠷ ᠵᠠᠮ ᠲᠣᠭᠲᠠᠭᠰᠠᠨ ᠬᠤᠭᠤᠴᠠᠭᠠᠨ ᠳᠠᠭᠠᠨ ᠨᠡᠪᠲᠡᠷᠡᠪᠡ᠃ ᠮᠧᠲᠷᠣ᠋ ᠶᠢᠨ1 ᠳ᠋ᠦ᠋ᠭᠡᠷ ᠱᠤᠭᠤᠮ ᠡᠬᠢᠨ ᠤ ᠬᠤᠭᠤᠴᠠᠭᠠᠨ ᠤ ᠡᠵᠡᠩᠨᠡᠯᠲᠡ | ᠳᠡᠭᠡᠨ ᠤᠷᠤᠵᠤ᠂ 2 ᠳ᠋ᠤᠭᠠᠷ ᠱᠤᠭᠤᠮ ᠤᠨ ᠨᠦᠭᠡᠨ ᠵᠠᠮ ᠢ ᠨᠡᠪᠳᠡᠷᠡᠭᠦᠯᠵᠦ ᠵᠢᠮᠳᠤ ᠵᠠᠮ ᠢ ᠲᠡᠪᠢᠰᠴᠦ ᠪᠠᠷᠠᠪᠠ᠃ ᠶᠢᠨ ᠬᠠᠢ ᠵᠠᠮ ᠤᠨ ᠥᠨᠳᠥᠷ | ᠬᠥᠭᠦᠷᠭᠡ ᠶᠢᠨ ᠱᠤᠭᠤᠮ ᠳᠡᠭᠡᠷᠡᠬᠢ ᠭᠤᠤᠯ ᠬᠡᠰᠡᠭ᠂ ᠪᠠᠶᠠᠨ ᠵᠠᠮ ᠤᠨ ᠥᠨᠳᠥᠷ ᠬᠥᠭᠦᠷᠭᠡ ᠶᠢᠨ ᠬᠡᠰᠡᠭ ᠵᠠᠮ ᠲᠤᠷᠰᠢᠨ ᠲᠡᠷᠭᠡ ᠨᠡᠪᠲᠡᠷᠡᠵᠦ᠂ ᠵᠣᠣ ᠤᠳᠠ ᠵᠠᠮ | ᠵᠢᠷᠢᠮ ᠵᠠᠮ ᠢ ᠰᠠᠶᠢᠵᠢᠷᠠᠭᠤᠯᠤᠨ ᠥᠭᠡᠷᠡᠴᠢᠯᠡᠬᠦ ᠢᠨᠵᠧᠨᠧᠷᠢᠩ ᠤᠨ ᠭᠤᠤᠯ ᠴᠣᠭᠴᠠ ᠶᠢᠨ ᠪᠠᠷᠢᠯᠭ᠎ᠠ ᠳᠠᠭᠤᠰᠴᠤ᠂ ︽ᠤᠯᠤᠰ ᠤᠨ ᠨᠡᠶᠢᠲᠡ ᠶᠢᠨ ᠵᠠᠮ | ᠬᠠᠷᠢᠯᠴᠠᠭᠠᠨ ᠤ ᠲᠣᠮᠣ ᠬᠤᠲᠠ ᠶᠢᠨ ᠵᠢᠱᠢᠶ᠎ᠡ ᠦᠵᠡᠭᠦᠯᠬᠦ ᠬᠤᠲᠠ︾ ᠶᠢᠨ ᠢᠷᠠᠭᠤ ᠠᠯᠳᠠᠷ ᠢ ᠭᠥᠷᠳᠡᠪᠡ᠃ 94.4 ᠺᠢᠯᠣᠮᠧᠲᠷ ᠤᠨ ᠬᠠᠭᠤᠴᠢᠨ ᠰᠢᠲᠠᠮᠠᠬᠠᠶ | ᠬᠡᠢ ᠶᠢᠨ ᠬᠤᠭᠤᠯᠠᠶ ᠶᠢᠨ ᠲᠣᠤᠷ᠂ 92.1 ᠺᠢᠯᠣᠮᠧᠲᠷ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠵᠦ᠂ ᠲᠥᠪᠯᠡᠷᠡᠭᠦᠯᠦᠨ ᠢᠯᠴᠢ | ᠬᠠᠩᠭᠠᠬᠤ ᠲᠠᠯᠠᠪᠠᠢ ᠶᠢ 1700 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠲᠤᠷᠰᠢᠯᠲᠠ ᠶᠢ ᠡᠮᠬᠢ ᠵᠢᠷᠤᠮ ᠲᠠᠢ ᠠᠬᠢᠭᠤᠯᠵᠤ᠂ 32 ᠵᠦᠢᠯ ᠤᠨ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠨ | ᠬᠡᠷᠡᠭᠵᠢᠭᠦᠯᠪᠡ᠃ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠡᠭᠦᠳᠦᠨ ᠪᠠᠶᠢᠭᠤᠯᠤᠯᠲᠠ ᠮᠡᠷᠭᠡᠵᠢᠯ ᠤᠨ ᠦᠨᠡᠯᠡᠨ ᠵᠢᠱᠢᠯᠲᠡ ᠶᠢᠨ ᠱᠠᠲᠤᠨ ᠳᠤ ᠣᠷᠣᠪᠠ᠃ | | ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠪᠡ᠃ ᠠᠮᠤ ᠪᠤᠳᠠᠭᠠᠨ ᠤ | ᠶᠡᠷᠦᠩᠬᠡᠶ ᠤᠨᠠᠯᠲᠠ 171.3 ᠲᠦᠮᠡᠨ ᠲᠣᠨ ᠳᠤ ᠬᠦᠷᠪᠡ᠃ ᠰᠠᠭᠠᠯᠢ ᠶᠢᠨ ᠦᠨᠢᠶᠡᠨ ᠤ ᠬᠡᠪᠴᠢᠶᠡᠵᠢᠭᠰᠡᠨ ᠮᠠᠯᠵᠢᠯ ᠤᠨ ᠲᠠᠯᠠᠪᠠᠢ ᠶᠢ 32 ᠰᠢᠨ᠎ᠡ ᠪᠠᠷ | ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠵᠤ᠂ 1.1 ᠲᠦᠮᠡᠨ ᠰᠠᠭᠠᠯᠢ ᠶᠢᠨ ᠦᠨᠢᠶ᠎ᠡ ᠴᠡᠪᠡᠷ ᠨᠡᠮᠡᠭᠳᠡᠪᠡ᠃ ᠬᠤᠲᠠ ᠶᠢᠨ ᠲᠡᠰ ᠠᠴᠠ ᠳᠡᠭᠡᠭᠰᠢᠬᠢ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ 22᠂ ᠲᠠᠷᠢᠶᠠᠴᠢᠳ ᠤᠨ ᠲᠤᠰᠬᠠᠶ ᠬᠤᠷᠰᠢᠶ᠎ᠠ 120᠂ | ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 294 ᠰᠢᠨ᠎ᠡ ᠪᠠᠷ ᠨᠡᠮᠡᠭᠳᠡᠪᠡ᠃ ᠲᠠᠷᠢᠶᠠᠯᠠᠩ ᠤᠨ ᠰᠢᠨ᠎ᠡ ᠮᠡᠷᠭᠡᠵᠢᠯ ᠢ 372 ᠵᠦᠢᠯ᠂ ᠰᠢᠨ᠎ᠡ ᠡᠭᠦᠯᠳᠡᠷ ᠢ | 224 ᠳᠡᠯᠭᠡᠷᠡᠭᠦᠯᠪᠡ᠃ ︽ᠶᠣᠣ ᠱᠠᠩ ᠲᠢᠶᠠᠨ︾ ︽ᠪᠠᠶᠢᠭᠠᠯᠢᠯᠢᠭ ᠦᠨᠦᠷ ᠠᠮᠲᠠᠲᠤ ᠦᠴᠤᠸᠠᠨ︾ ᠵᠡᠷᠭᠡ ᠲᠠᠷᠢᠶᠠᠯᠠᠩ ᠤᠨ ᠪᠦᠲᠦᠬᠡᠭᠳᠡᠬᠦᠨ ᠤ ᠣᠷᠣᠨ | ᠪᠦᠰᠡ ᠶᠢᠨ ᠣᠯᠠᠨ ᠨᠡᠶᠢᠲᠡ ᠶᠢᠨ ᠲᠥᠷᠥᠯ ᠲᠡᠮᠳᠡᠭᠲᠦ ᠶᠢ ᠪᠤᠶᠢᠵᠢᠭᠤᠯᠵᠤ᠂ ᠵᠠᠬ᠎ᠠ ᠳᠡᠯᠭᠡᠭᠦᠷ ᠲᠤ ᠮᠡᠳᠡᠷᠡᠭᠳᠡᠬᠦ ᠬᠡᠮᠵᠢᠶ᠎ᠡ ᠪᠠ ᠠᠵᠤ ᠠᠬᠤᠶ ᠶᠢᠨ ᠦᠷ᠎ᠡ ᠠᠰᠢᠭ | ᠠᠯᠬᠤᠮ ᠠᠯᠬᠤᠮ ᠢᠶᠠᠷ ᠳᠡᠭᠡᠭᠰᠢᠯᠡᠪᠡ᠃ 790 ᠵᠠᠰᠠᠭ ᠵᠠᠬᠢᠷᠭᠠᠨ ᠤ ᠲᠣᠰᠬᠤᠨ ᠳᠤ ᠬᠥᠮᠦᠨ ᠠᠮᠠ ᠶᠢᠨ ᠣᠷᠣᠰᠢᠨ ᠰᠠᠭᠤᠬᠤ ᠣᠷᠴᠢᠨ ᠨᠥᠬᠦᠴᠡᠯ ᠤᠨ | ᠴᠡᠭᠴᠡᠯᠡᠨ ᠵᠠᠰᠠᠯᠲᠠ ᠬᠡᠷᠡᠭᠵᠢᠭᠦᠯᠪᠡ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠤᠯᠠᠮ ᠨᠢᠭᠡ ᠠᠯᠬᠤᠮ ᠭᠦᠨᠵᠡᠭᠡᠶᠢᠷᠡᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠶᠡᠬᠡᠪᠡᠷ ᠠᠬᠢᠭᠤᠯᠵᠤ᠂ ᠪᠥᠬᠦ ᠣᠷᠣᠨ ᠳᠤ ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠪᠠ ᠪᠥᠬᠦ ᠶᠠᠪᠤᠴᠠ ᠶᠢᠨ ᠡᠯᠧᠺᠲᠷᠤᠨᠴᠢᠯᠡᠭᠰᠡᠨ ᠦᠨᠡᠮᠯᠡᠯ | ᠭᠦᠢᠴᠡᠳᠬᠡᠬᠦ ᠶᠢ ᠤᠷᠢᠳᠠᠪᠠᠷ ᠬᠡᠷᠡᠭᠵᠢᠭᠦᠯᠪᠡ᠃ ︽ᠨᠢᠭᠡ ᠯᠡ ᠲᠠᠮᠠᠭ᠎ᠠ ᠪᠠᠷ ᠬᠢᠨᠠᠨ ᠵᠥᠪᠰᠢᠶᠡᠷᠡᠬᠦ︾ ᠴᠣ ᠰᠢᠨ᠎ᠡ ᠬᠢᠨᠠᠨ ᠵᠥᠪᠰᠢᠶᠡᠷᠡᠬᠦ ᠵᠠᠭᠪᠤᠷ ᠢ ᠪᠠᠶᠢᠭᠤᠯᠪᠠ᠃ | ᠭᠤᠶᠤᠴᠢᠯᠠᠯ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠶᠢ 31% | ᠪᠠᠶᠢᠭᠰᠠᠨ ᠠᠴᠠ 85% ᠪᠣᠯᠭᠠᠨ ᠳᠡᠭᠡᠭᠰᠢᠯᠡᠭᠦᠯᠪᠡ᠃ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ︽ᠭᠠᠵᠠᠷ ᠠᠪᠤᠪᠠᠯ | ᠳᠠᠷᠤᠶ ᠠᠵᠢᠯ ᠡᠬᠢᠯᠡᠭᠦᠯᠬᠦ︾ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠪᠠ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ ᠨᠤᠲᠠᠯᠠᠨ | ᠲᠣᠭᠲᠠᠭᠠᠵᠤ ᠳᠠᠩᠰᠠᠯᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠬᠤᠷᠢᠨᠭᠡᠷ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ | ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠤᠯᠤᠰ ᠤᠨ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠳᠤ ᠪᠠᠲᠤᠯᠠᠭᠳᠠᠪᠠ᠃ ᠬᠥᠬᠡᠬᠤᠲᠠ ᠶᠢᠨ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠲᠤᠬᠠᠶ ᠶᠢᠨ ᠭᠠᠵᠠᠷ ᠲᠤᠨᠢ ᠰᠢᠯᠭᠠᠨ ᠬᠤᠷᠢᠶᠠᠬᠤ ᠳᠤ | ᠪᠠᠲᠤᠯᠠᠭᠳᠠᠪᠠ᠃ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠠᠶᠠᠨᠴᠢᠨ᠂ ᠣᠯᠠᠨ ᠤᠯᠤᠰ ᠤᠨ ᠲᠦᠷᠭᠡᠨ ᠢᠯᠡᠭᠡᠮᠵᠢ ᠶᠢᠨ ᠪᠠᠷᠠᠭ᠎ᠠ | ᠣᠷᠣᠭᠤᠯᠵᠤ ᠭᠠᠷᠭᠠᠬᠤ ᠬᠡᠮᠵᠢᠶ᠎ᠡ ᠲᠣᠰ ᠲᠣᠰ 37.8% ᠪᠠ 89.6% ᠪᠠᠷ ᠨᠡᠮᠡᠭᠳᠡᠪᠡ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ 6.5% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ 17 ᠠᠵᠤ | ᠠᠬᠤᠶᠢᠯᠠᠯ ᠢ ᠰᠢᠨ᠎ᠡ ᠪᠠᠷ ᠪᠠᠶᠢᠭᠤᠯᠪᠠ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠳᠤᠮᠳᠠᠳᠤ ᠧᠦ᠋ᠷᠣᠫᠠ ᠶᠢᠨ ᠣᠷᠣᠨ | ᠪᠦᠰᠡ ᠶᠢᠨ ᠬᠠᠮᠲᠤᠷᠠᠯᠴᠠᠭᠠᠨ ᠤ ᠳᠤᠮᠳᠠᠳᠤ ᠶᠢᠨ ᠲᠠᠯ᠎ᠠ ᠶᠢᠨ ᠬᠡᠷᠡᠭ ᠤᠨ ᠵᠢᠱᠢᠶ᠎ᠡ ᠶᠢᠨ ᠭᠠᠵᠠᠷ ᠣᠷᠣᠨ ᠳᠤ ᠵᠢᠭᠰᠠᠭᠠᠭᠳᠠᠪᠠ᠃ | ︵ᠵᠢᠷᠭᠤᠭ᠎ᠠ︶ ᠬᠤᠷᠢᠨᠭᠡᠷ ᠰᠢᠨ᠎ᠡ ᠲᠣᠭᠤᠷᠢᠭ ᠤᠨ ︽ᠭᠤᠷᠪᠠᠨ ᠵᠢᠯ ᠳᠤ ᠬᠡᠯᠪᠡᠷᠢᠵᠢᠬᠦ︾ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ ᠶᠢᠨ | ᠱᠧᠩ ᠵᠠᠮ ᠢ ᠰᠠᠶᠢᠵᠢᠷᠠᠭᠤᠯᠤᠨ ᠥᠭᠡᠷᠡᠴᠢᠯᠡᠬᠦ ᠢᠨᠵᠧᠨᠧᠷᠢᠩ ᠤᠨ ᠡᠮᠦᠨ᠎ᠡ ᠬᠡᠰᠡᠭ ᠢ ᠪᠠᠶᠢᠭᠤᠯᠤᠨ ᠳᠠᠭᠤᠰᠴᠤ ᠲᠡᠷᠭᠡ ᠨᠡᠪᠲᠡᠷᠡᠵᠦ᠂ ︽ᠬᠤᠶᠠᠷ ᠭᠤᠤᠯ ᠨᠢᠭᠡ | ᠬᠤᠩᠭᠢᠯ︾ ᠤᠨ ᠠᠮᠢ ᠠᠬᠤᠢ ᠶᠢᠨ ᠵᠠᠰᠠᠯᠲᠠ᠂ ᠭᠤᠣᠯᠯᠠᠭᠴᠢ ᠣᠷᠣᠨ ᠤ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ | ᠨᠣᠭᠤᠭᠠᠷᠠᠭᠤᠯᠤᠯᠲᠠ ᠠᠩᠬ᠎ᠠ ᠠᠯᠬᠤᠮ ᠦᠷ᠎ᠡ ᠪᠦᠲᠦᠮᠵᠢ ᠣᠯᠪᠠ᠃ 20 ᠠᠵᠤ ᠦᠢᠯᠡᠰ ᠤᠨ ᠲᠥᠷᠥᠯ ᠵᠦᠢᠯ ᠤᠨ ᠭᠡᠷ᠎ᠡ ᠲᠣᠭᠲᠠᠵᠤ᠂ 13.8 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ 73 ᠲᠦᠮᠡᠨ ᠲᠤᠮᠤ ᠳ᠋ᠠᠶᠢᠲ᠋ᠠ ᠶᠢᠨ ᠦᠢᠯᠡᠴᠢᠯᠡᠭᠦᠷ ᠤᠨ ᠲᠦᠷᠦᠯ ᠵᠦᠢᠯ ᠢ ᠡᠬᠢᠯᠡᠨ ᠪᠠᠶᠢᠭᠤᠯᠵᠤ᠂ | ᠳᠣᠲᠣᠭᠠᠳᠤ ᠶᠢ ᠬᠠᠮᠠᠭᠠᠯᠠᠬᠤ ᠶᠠᠮᠤᠨ ᠤ ᠨᠢᠭᠡᠳᠦᠭᠡᠷ ᠰᠤᠳᠤᠯᠬᠤ ᠭᠠᠵᠠᠷ ᠤᠨ ᠢᠲᠡᠭᠡᠮᠵᠢᠲᠡᠢ ᠪᠡᠶ᠎ᠡ ᠬᠡᠮ ᠤᠨ ᠭᠡᠷᠡᠴᠢᠯᠡᠯ ᠤᠨ ᠲᠠᠪᠴᠠᠩ᠂ ᠺᠤᠸᠠᠩ ᠱᠢ ᠬᠢᠮᠡᠯ | ᠣᠶᠣᠨ ᠭᠡᠳᠦ ᠪᠤᠳᠤᠯᠭ᠎ᠠ ᠶᠢᠨ ᠲᠠᠪᠴᠠᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠥᠪᠥᠷ ᠮᠣᠩᠭᠤᠯ ᠤᠨ ᠥᠨᠳᠥᠷ ᠴᠢᠳᠠᠪᠬᠢᠳᠤ ᠪᠤᠳᠤᠯᠭ᠎ᠠ ᠶᠢᠨ | ᠤᠯᠠᠨ ᠨᠡᠶᠢᠲᠡ ᠶᠢᠨ ᠦᠢᠯᠡᠴᠢᠯᠡᠭᠡᠨ ᠤ ᠳᠠᠪᠴᠠᠩ ᠢ ᠨᠠᠶᠢᠳᠠᠪᠤᠷᠢᠵᠢᠭᠤᠯᠤᠨ ᠪᠠᠶᠢᠭᠤᠯᠵᠤ᠂ ᠪᠥᠸᠧ ᠤᠣ ᠥᠪᠥᠷ ᠮᠣᠩᠭᠤᠯ ᠤᠨ ᠤᠯᠤᠰ ᠤᠨ ᠭᠧᠨ ᠢ ᠰᠢᠯᠭᠠᠨ | ᠪᠠᠶᠢᠴᠠᠭᠠᠬᠤ ᠲᠥᠪ᠂ ᠴᠢᠩᠬᠤᠸᠠ ᠲᠦᠩ ᠹᠠᠩ ᠦᠢᠯᠡᠴᠢᠯᠡᠭᠦᠷ ᠦᠢᠯᠡᠳᠪᠦᠷᠢᠯᠡᠬᠦ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭ᠎ᠠ ᠤᠷᠤᠭᠰᠢᠲᠠᠢ | ᠪᠠᠶᠢᠭᠤᠯᠤᠭᠳᠠᠵᠤ᠂ ᠰᠢᠨ᠎ᠡ ᠲᠣᠭᠤᠷᠢᠭ ᠤᠨ ᠰᠢᠨ᠎ᠡ ᠶᠢ ᠡᠭᠦᠳᠬᠦ ᠬᠥᠳᠡᠯᠭᠡᠭᠦᠷ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠢ ᠬᠦᠲᠦᠯᠦᠨ ᠳᠠᠭᠠᠭᠤᠯᠬᠤ ᠦᠢᠯᠡᠳᠦᠯ | ᠠᠯᠬᠤᠮ ᠠᠯᠬᠤᠮ ᠢᠶᠠᠷ ᠢᠯᠡᠷᠡᠪᠡ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠪᠠ᠃ ᠬᠤᠲᠠ ᠪᠠᠯᠭᠠᠰᠤᠨ ᠤ ᠠᠵᠢᠯ ᠣᠯᠤᠭᠰᠠᠳ 5.3 | ᠲᠦᠮᠡᠨ ᠬᠥᠮᠦᠨ ᠰᠢᠨ᠎ᠡ ᠪᠠᠷ ᠨᠡᠮᠡᠭᠳᠡᠵᠦ᠂ ᠬᠥᠳᠡᠭᠡ ᠲᠣᠰᠬᠤᠨ ᠤ ᠬᠦᠳᠡᠯᠮᠦᠷᠢ ᠬᠦᠴᠦ 28.3 ᠲᠦᠮᠡᠨ ᠬᠥᠮᠦᠨ ᠢ ᠰᠢᠯᠵᠢᠭᠦᠯᠦᠨ ᠠᠵᠢᠯ ᠣᠯᠭᠤᠵᠤ᠂ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.63% ᠪᠣᠯᠪᠠ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ | ᠥᠰᠥᠯᠲᠡ ᠶᠢᠨ ᠬᠡᠮᠵᠢᠶ᠎ᠡ 2.6% ᠪᠣᠯᠪᠠ᠃ ᠠᠯᠪᠠᠨ ᠠᠴᠠ ᠡᠷᠬᠢᠯᠡᠭᠰᠡᠨ 9 ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ | ᠪᠠᠶᠢᠭᠤᠯᠵᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠲᠤᠮᠳᠠᠳᠤ ᠰᠤᠷᠭᠠᠭᠤᠯᠢ ᠶᠢ ᠣᠷᠣᠭᠤᠯᠤᠨ ᠠᠪᠴᠢᠷᠠᠵᠤ ᠬᠠᠮᠲᠤᠷᠠᠨ | ᠰᠤᠷᠭᠠᠭᠤᠯᠢ ᠡᠷᠬᠢᠯᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ ᠰᠤᠷᠭᠠᠭᠤᠯᠢ ᠡᠬᠢᠯᠡᠨ ᠰᠤᠷᠤᠭᠴᠢ ᠡᠯᠰᠡᠪᠡ᠃ | ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ | ︽ᠲᠣᠮᠣ ᠭᠤᠷᠪᠠᠨ ᠵᠦᠢᠯ︾ ︽ᠵᠢᠵᠢᠭ ᠭᠤᠷᠪᠠᠨ ᠵᠦᠢᠯ︾ ᠤᠨ ᠲᠥᠬᠦᠭᠡᠷᠦᠮᠵᠢ ᠶᠢ ᠪᠦᠷᠢᠨ ᠲᠣᠬᠢᠷᠠᠭᠤᠯᠵᠤ ᠥᠭᠪᠡ᠃ ᠪᠥᠬᠦ ᠤᠯᠤᠰ ᠤᠨ ᠬᠡᠷ ᠪᠦᠯᠢ ᠪᠠ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠳᠥᠷᠪᠡᠳᠦᠭᠡᠷ ᠪᠦᠯᠦᠭ ᠤᠨ ᠲᠤᠷᠰᠢᠯᠲᠠ ᠶᠢᠨ ᠴᠡᠭ ᠢᠶᠠᠷ | ᠵᠥᠪᠰᠢᠶᠡᠷᠡᠭᠳᠡᠪᠡ᠃ ᠨᠡᠶᠢᠭᠡᠮ ᠤᠨ ᠠᠪᠤᠷᠠᠨ ᠲᠤᠰᠠᠯᠠᠯᠲᠠ ᠶᠢ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠪᠡ᠃ ᠴᠡᠷᠢᠭ ᠠᠴᠠ | ᠬᠠᠯᠠᠭᠳᠠᠭᠰᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠦᠬᠦ ᠲᠠᠯ᠎ᠠ ᠪᠠᠷ ᠪᠠᠶᠢᠭᠤᠯᠪᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠪᠠ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠬᠢᠷᠠᠭᠵᠢᠭᠤᠯᠬᠤ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠭᠤᠷᠪᠠᠳᠤᠭᠠᠷ | ᠪᠦᠯᠦᠭ ᠤᠨ ᠤᠯᠤᠰ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠲᠣᠭᠤᠷᠢᠭ ᠲᠤ ᠰᠣᠩᠭᠤᠭᠳᠠᠪᠠ᠃ ︽ | ᠳᠡᠯᠡᠬᠡᠢ ᠶᠢᠨ ᠠᠳᠤᠭᠤᠨ ᠰᠣᠶᠣᠯ ᠤᠨ ᠲᠥᠪ︾ ᠤᠨ ᠢᠷᠠᠭᠤ ᠠᠯᠳᠠᠷ ᠢ ᠬᠦᠷᠲᠡᠪᠡ᠃ | ︵ᠨᠠᠢᠮᠠ︶ ᠠᠮᠤᠷ ᠲᠦᠪᠰᠢᠨ ᠲᠣᠭᠲᠠᠭᠤᠨ ᠪᠠᠶᠢᠳᠠᠯ ᠢ ᠨᠠᠩ ᠪᠠᠬᠢᠵᠢᠭᠦᠯᠪᠡ᠃ ᠠᠶᠤᠯᠭᠦᠶ ᠦᠢᠯᠡᠳᠪᠦᠷᠢᠯᠡᠯ ᠤᠨ ᠡ᠊ᠨᠳᠡᠯ ᠡᠭᠦᠰᠦᠭᠰᠡᠨ ᠲᠤᠭ᠎ᠠ ᠪᠠ | ᠦᠬᠦᠭᠰᠡᠨ ᠬᠥᠮᠦᠨ ᠤ ᠲᠤᠭ᠎ᠠ ᠲᠤᠰ ᠲᠤᠰ 21.1% ᠪᠠ 22.8% ᠪᠠᠷ ᠪᠠᠭᠤᠷᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ | ᠲᠡᠮᠡᠴᠡᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠵᠤ᠂ 16 ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠡᠮᠬᠢ ᠵᠠᠮᠪᠠᠷᠠᠭ᠎ᠠ ᠥᠬᠡᠶ | ᠦᠵᠡᠭᠳᠡᠯ ᠢ ᠴᠡᠭᠴᠡᠯᠡᠨ ᠵᠠᠰᠠᠬᠤ ᠶᠢ ᠵᠡᠷᠭᠡᠪᠡᠷ ᠥᠷᠨᠢᠭᠦᠯᠪᠡ᠃ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠠᠷᠢᠯᠭᠠᠬᠤ ᠶᠢ ᠲᠦᠯᠬᠢᠨ ᠠᠬᠢᠭᠤᠯᠵᠤ᠂ ᠭᠡᠷ | ᠭᠠᠵᠠᠷ ᠬᠥᠷᠥᠩᠭᠡ ᠶᠢᠨ ᠦᠨᠡᠮᠯᠡᠯ ᠭᠦᠢᠴᠡᠳᠬᠡᠬᠦ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷᠲᠡᠶ᠂ ᠪᠤᠴᠠᠵᠤ ᠨᠡᠭᠦᠬᠦ ᠳᠤ ᠬᠦᠴᠢᠷᠲᠡᠢ ᠪᠠᠶᠢᠭ᠎ᠠ | ᠠᠰᠠᠭᠤᠳᠠᠯ ᠤᠨ 26.1 ᠲᠦᠮᠡᠨ ᠢᠵᠢ ᠶᠢ ᠰᠢᠢᠳᠪᠦᠷᠢᠯᠡᠪᠡ᠃ ᠲᠦᠷᠭᠡᠨ ᠤ ᠲᠡᠮᠦᠷ ᠵᠠᠮ ᠤᠨ ᠣᠷᠴᠢᠨ ᠲᠤᠭᠤᠷᠢᠨ ᠤ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠪᠡ᠃ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠬᠤᠯᠤᠭᠠᠨ᠎ᠠ ᠶᠢᠨ ᠬᠢᠵᠢᠭ ᠵᠡᠷᠭᠡ ᠬᠢᠵᠢᠭ ᠤᠨ | ᠪᠠᠶᠢᠳᠠᠯ ᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ | ᠲᠦᠯᠬᠢᠨ ᠠᠬᠢᠭᠤᠯᠪᠠ᠃ ᠱᠠᠰᠢᠨ ᠰᠤᠷᠲᠠᠬᠤᠨ ᠤ ᠬᠦᠷᠢᠶᠡᠨ ᠳᠠᠬᠢ ᠠᠰᠠᠭᠤᠳᠠᠯ ᠢ ᠬᠢᠨᠠᠮᠠᠭᠠᠶ ᠴᠡᠭᠴᠡᠯᠡᠨ ᠰᠠᠶᠢᠵᠢᠷᠠᠭᠤᠯᠪᠠ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠪᠠ᠃ | ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ᠂ ᠠᠮᠤ ᠪᠤᠳᠠᠭ᠎ᠠ᠂ ᠨᠢᠭᠦᠯᠡᠰᠦᠩᠭᠦᠢ᠂ ᠳᠠᠩᠰᠠ ᠡᠪᠬᠡᠮᠡᠯ᠂ ᠣᠷᠣᠨ ᠨᠤᠲᠤᠭ ᠤᠨ ᠣᠶᠢᠯᠠᠯᠭ᠎ᠠ᠂ | ᠤᠯᠠᠭᠠᠨ ᠵᠠᠭᠠᠯᠮᠠᠶᠢᠲᠠᠨ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ ᠵᠡᠷᠭᠡ ᠡᠯ᠎ᠡ | ᠵᠦᠢᠯ ᠤᠨ ᠠᠵᠢᠯ ᠦᠢᠯᠡᠰ ᠰᠢᠨ᠎ᠡ ᠠᠬᠢᠴᠠ ᠲᠠᠢ ᠪᠣᠯᠵᠤ᠂ ᠠᠵᠢᠯᠴᠢᠨ ᠤᠨ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ | ᠂ ᠵᠡᠮᠳᠡᠭᠴᠦᠳ ᠤᠨ ᠬᠤᠯᠪᠣᠭ᠎ᠠ ᠵᠡᠷᠭᠡ ᠦᠢᠯᠡᠰ ᠤᠨ ᠬᠥᠭᠵᠢᠯᠲᠡ ᠶᠢ ᠳᠡᠮᠵᠢᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ᠢᠮᠠᠭᠲᠠ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ︽ᠳᠥᠷᠪᠡᠨ ᠤᠬᠠᠮᠰᠠᠷ︾ ᠢᠶᠠᠨ | ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠪᠡ᠃ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠥᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠨᠢᠭᠡ ᠪᠦᠯᠦᠭ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠦᠵᠡᠬᠦ | ᠪᠠ ᠴᠡᠭᠴᠡᠯᠡᠨ ᠰᠠᠶᠢᠵᠢᠷᠠᠭᠤᠯᠵᠤ᠂ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠨ︾ ᠤ ᠠᠵᠢᠯ ᠢ ᠯᠠᠪᠳᠠᠭᠤᠨ ᠪᠠᠲᠤᠲᠠᠢ ᠲᠦᠯᠬᠢᠨ | ᠠᠬᠢᠭᠤᠯᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠪᠠ ᠠᠵᠢᠯ ᠤᠨ ᠰᠤᠷᠲᠠᠯ ᠢ ᠳᠡᠭᠡᠭᠰᠢᠯᠡᠭᠦᠯᠦᠨ ᠰᠠᠶᠢᠵᠢᠷᠠᠭᠤᠯᠪᠠ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠦᠪᠡᠳᠡᠭᠰᠢ ᠶᠡᠬᠡᠪᠡᠷ ᠶᠠᠪᠤᠭᠳᠠᠭᠤᠯᠪᠠ᠃ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠢ ᠪᠦᠬᠦ ᠬᠦᠴᠦᠨ ᠢᠶᠠᠷ ᠳᠡᠮᠵᠢᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ ᠶᠢ 394 ᠬᠤᠪᠢ᠂ ᠤᠯᠤᠰ ᠲᠥᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ 508 ᠬᠤᠪᠢ ᠭᠦᠢᠴᠡᠳᠬᠡᠵᠦ᠂ | ᠰᠢᠢᠳᠪᠦᠷᠢᠯᠡᠭᠰᠡᠨ ᠪᠠ ᠬᠠᠷᠢᠭᠤᠯᠲᠠ ᠥᠭᠭᠦᠭᠰᠡᠨ ᠨᠣᠷᠮ᠎ᠠ 100% ᠳᠤ ᠬᠦᠷᠪᠡ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠵᠠᠯᠠᠭᠤᠷᠳᠠᠨ ᠵᠠᠮᠴᠢᠯᠠᠵᠤ᠂ ᠳᠣᠲᠣᠨᠣ ᠪᠠᠷ ᠬᠠᠯᠠᠮᠵᠢᠯᠠᠭᠰᠠᠨ ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠦᠬᠦ | ᠬᠤᠲᠠ ᠶᠢᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠵᠦ᠂ ᠰᠢᠷᠭᠠᠭᠤ ᠠᠵᠢᠯᠯᠠᠭᠰᠠᠨ ᠤ ᠦᠷ᠎ᠡ ᠳ᠋ᠦᠩ ᠮᠥᠨ᠃ ᠠᠳᠡ᠂ ᠪᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ | ᠬᠥᠭᠵᠢᠯᠲᠡ ᠶᠢ ᠬᠠᠯᠠᠮᠵᠢᠯᠠᠨ ᠳᠠᠮᠵᠢᠵᠤ ᠪᠠᠶᠢᠭ᠎ᠠ ᠪᠤᠢ ᠪᠦᠬᠦᠢ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠵᠢᠴᠢ ᠵᠠᠰᠠᠭ ᠤᠨ ᠣᠷᠳᠣᠨ ᠤ | ᠠᠵᠢᠯ ᠳᠤ ᠪᠠᠰᠠ ᠴᠥᠭᠡᠨ ᠪᠤᠰᠤ ᠬᠦᠴᠢᠷᠳᠡᠯ ᠪᠣᠯᠣᠨ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠃ ᠨᠢᠭᠡ ᠳᠤ ᠲᠠᠷᠢᠶᠠᠯᠠᠩ ᠨᠠᠷᠢᠯᠢᠭ | ᠪᠤᠰᠤ᠂ ᠠᠵᠤ ᠦᠢᠯᠡᠳᠪᠦᠷᠢ ᠬᠦᠴᠦᠷᠬᠡᠭ ᠪᠤᠰᠤ᠂ ᠦᠢᠯᠡᠴᠢᠯᠡᠭᠡᠨ ᠤ ᠦᠢᠯᠡᠰ ᠰᠢᠯᠢᠳᠡᠭ ᠪᠤᠰᠤ᠂ ᠬᠦᠷᠢᠶᠡᠯᠡᠩ ᠲᠣᠭᠤᠷᠢᠭ ︽ᠲᠠᠷᠠᠬᠠᠶ ᠪᠤᠲᠠᠷᠬᠠᠶ᠂ ᠡᠮᠬᠢ | ᠵᠠᠮᠪᠠᠷᠠᠭ᠎ᠠ ᠦᠭᠡᠢ᠂ ᠦᠷ᠎ᠡ ᠪᠦᠲᠦᠮᠵᠢ ᠳᠣᠣᠷ᠎ᠠ︾ ᠵᠡᠷᠭᠡ ᠠᠰᠠᠭᠤᠳᠠᠯ ᠳᠣᠪᠤᠶᠢᠮ᠎ᠠ ᠪᠠᠶᠢᠵᠤ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠡᠭᠦᠷᠭᠡ ᠬᠦᠨᠳᠦ ᠵᠠᠮ ᠬᠤᠯᠠ ᠪᠠᠶᠢᠨ᠎ᠠ᠃ ᠬᠤᠶᠠᠷ ᠲᠤ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠦᠴᠦᠨ ᠰᠤᠯᠠᠳᠠᠵᠤ᠂ ᠬᠡᠷᠡᠭᠯᠡᠭᠡᠨ ᠤ | ᠬᠡᠷᠡᠭᠴᠡᠭᠡ ᠳᠣᠣᠷᠠᠳᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠭᠦᠢᠴᠡᠳ ᠪᠤᠰᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠬᠥᠳᠡᠯᠭᠡᠬᠦ ᠬᠦᠴᠦᠨ ᠴᠢᠩᠭ᠎ᠠ ᠪᠤᠰᠤ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠮᠥᠨ ᠬᠦ ᠮᠠᠰᠢ ᠶᠡᠭᠡ ᠪᠠᠶᠢᠨ᠎ᠠ᠃ ᠭᠤᠷᠪᠠ ᠳᠤ ᠵᠠᠰᠠᠭ ᠤᠨ | ᠣᠷᠳᠣᠨ ᠤ ᠥᠷᠢ ᠥᠭᠴᠡᠭᠡ ᠶᠢᠨ ᠨᠤᠷᠮ᠎ᠠ ᠮᠥᠨ ᠯᠡ ᠨᠡᠯᠢᠶᠡᠳ ᠥᠨᠳᠥᠷ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ | ᠪᠠᠶᠢᠨ᠎ᠠ᠃ ᠳᠥᠷᠪᠡ ᠳᠤ ᠬᠤᠲᠠ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠠᠷᠢᠯᠢᠭᠵᠢᠭᠤᠯᠤᠭᠰᠠᠨ ᠬᠡᠮᠵᠢᠶ᠎ᠡ ᠬᠦᠷᠦᠯᠴᠡᠬᠦ | ᠦᠭᠡᠢ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠬᠦ ᠴᠢᠬᠤᠯᠠᠲᠠᠶ᠂ ᠴᠢᠳᠠᠪᠤᠷᠢ ᠶᠢ ᠪᠠᠰᠠ ᠲᠡᠭᠦᠯᠳᠡᠷᠵᠢᠭᠦᠯᠬᠦ ᠴᠢᠬᠤᠯᠠᠲᠠᠶ᠃ ᠲᠠᠪᠤ ᠳᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠬᠤᠴᠣᠷᠤᠩᠭᠤᠢ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠮᠥᠨ ᠬᠦ ᠬᠦᠴᠦᠯᠡᠬᠦ ᠴᠢᠬᠤᠯᠠᠲᠠᠢ ᠪᠠᠶᠢᠵᠤ᠂ ᠬᠥᠳᠡᠭᠡ ᠲᠣᠰᠬᠤᠨ ᠤ ᠳᠦᠷᠰᠦ ᠪᠠᠶᠢᠳᠠᠯ ᠤᠨ | ᠬᠤᠪᠢᠷᠠᠯᠲᠠ ᠪᠠᠰᠠ ᠢᠯᠡᠳᠲᠡ ᠪᠤᠰᠤ ᠪᠠᠶᠢᠭᠰᠠᠭᠠᠷ᠃ ᠵᠢᠷᠭᠤᠭ᠎ᠠ ᠳᠤ ᠠᠮᠢ ᠠᠬᠤᠶ ᠶᠢᠨ ᠰᠢᠰᠲ᠋ᠧᠮ ᠪᠠᠰᠠ ᠨᠡᠯᠢᠶᠡᠳ ᠬᠡᠪᠡᠷᠡᠭ ᠪᠠᠶᠢᠵᠤ᠂ ᠪᠣᠬᠢᠷᠲᠤᠯ ᠢ | ᠰᠡᠷᠭᠡᠶᠢᠯᠡᠨ ᠵᠠᠰᠠᠬᠤ ᠪᠠᠶᠢᠳᠠᠯ ᠮᠥᠨ ᠯᠡ ᠬᠦᠨᠳᠦ ᠬᠡᠴᠡᠭᠦᠤ ᠪᠠᠶᠢᠵᠤ᠂ ᠡᠭᠦᠷᠭᠡ ᠲᠦᠢᠯ ᠤᠨ ᠬᠠᠲᠠᠭᠤ ᠪᠡᠷᠬᠡ ᠪᠠᠶᠢᠨ᠎ᠠ᠃ ᠲᠤᠯᠤᠭ᠎ᠠ ᠳᠤ ᠤᠯᠠᠨ ᠲᠦᠮᠡᠨ ᠤ | ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠡᠷᠡᠭᠦᠯ ᠮᠡᠨᠳᠤ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ᠂ ᠶᠠᠪᠤᠵᠤ ᠰᠠᠭᠤᠬᠤ ᠵᠡᠷᠭᠡ | ᠲᠠᠯ᠎ᠠ ᠪᠠᠷ ᠪᠠᠰᠠ ᠮᠠᠰᠢ ᠤᠯᠠᠨ ︽ᠪᠠᠴᠢᠮ ᠬᠦᠴᠢᠷ ᠵᠣᠪᠠᠭ᠋ᠤ ᠬᠦᠰᠡᠬᠦ︾ ᠠᠰᠠᠭᠤᠳᠠᠯ ᠣᠷᠣᠰᠢᠵᠤ ᠪᠠᠶᠢᠨ᠎ᠠ᠃ ᠨᠠᠢᠮᠠ ᠳᠤ ᠵᠠᠰᠠᠭ ᠤᠨ ᠣᠷᠳᠣᠨ ᠤ | ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠥᠨᠳᠥᠷ ᠪᠢᠰᠢ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠦᠨ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠃ ᠪᠢᠳᠡ ᠡᠷᠬᠡᠪᠰᠢ ᠠᠰᠠᠭᠤᠳᠠᠯ ᠳᠤ ᠰᠢᠭᠤᠳ ᠬᠠᠨᠳᠤᠵᠤ᠂ ᠳᠤᠲᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠣᠨᠣᠪᠴᠢᠲᠠᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠶᠡᠭᠡ ᠬᠦᠴᠦ ᠣᠷᠣᠭᠤᠯᠤᠨ ᠨᠠᠷᠢᠨ ᠬᠢᠨᠠᠮᠠᠭᠠᠢ ᠰᠢᠢᠳᠪᠦᠷᠢᠯᠡᠬᠦ | ᠬᠡᠷᠡᠭᠲᠡᠢ᠃ | ᠬᠤᠶᠠᠷ᠂ 2020 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠬᠦᠯ | ᠬᠤᠷᠢᠶᠠᠬᠤ ᠵᠢᠯ ᠮᠥᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠂ ᠡᠨᠡ ᠨᠢ ᠨᠢᠭᠡᠳᠦᠭᠡᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠰᠠᠶᠢᠲᠤᠷ ᠪᠡᠶᠡᠯᠡᠭᠦᠯᠵᠦ ᠴᠢᠳᠠᠬᠤ ᠡᠰᠡᠬᠦ ᠶᠢ ᠰᠢᠭᠤᠳ ᠲᠣᠭᠲᠠᠭᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠥᠭᠵᠢᠯᠲᠡ ᠪᠣᠯᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠭᠤᠷᠢ ᠶᠢ ᠲᠠᠯᠪᠢᠵᠤ ᠥᠭᠬᠦ ᠶᠠᠪᠤᠳᠠᠯ ᠶᠤᠮ᠃ | ᠵᠢᠯ ᠤᠨ ᠡᠬᠢᠨ ᠠᠴᠠ ᠨᠠᠭᠠᠰᠢ᠂ ᠭᠡᠨᠡᠳᠲᠡ ᠡᠭᠦᠰᠦᠭᠰᠡᠨ ᠨᠢᠭᠡ ᠤᠳᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠮᠠᠨ ᠤ | ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠳᠠᠭᠠᠷᠢᠯᠲᠠ ᠶᠢ ᠠᠪᠴᠢᠷᠠᠵᠠᠢ᠃ ᠬᠢᠵᠢᠭ ᠤᠨ ᠪᠠᠶᠢᠳᠠᠯ ᠤᠨ | ᠡᠮᠦᠨ᠎ᠡ᠂ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠵᠠᠷᠯᠢᠭ ᠢ ᠳᠠᠭᠠᠵᠤ᠂ ᠲᠦᠷᠭᠡᠨ ᠲᠤᠰᠬᠠᠯ ᠭᠠᠷᠭᠠᠵᠤ᠂ ᠨᠠᠮ ᠤᠨ ᠭᠡᠰᠢᠭᠦᠨ ᠺᠠᠳ᠋ᠷ ᠡᠮᠦᠨ᠎ᠡ ᠨᠢ ᠭᠠᠪᠰᠢᠭᠠᠶᠢᠯᠠᠵᠤ᠂ ᠡᠮᠨᠡᠯᠭᠡ ᠶᠢᠨ ᠠᠵᠢᠯᠲᠠᠳ ᠡᠷᠡᠯᠬᠡᠭ | ᠪᠠᠭᠠᠲᠤᠷᠯᠢᠭ ᠢᠶᠠᠷ ᠪᠠᠶᠢᠯᠳᠤᠵᠤ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ ᠡᠳᠦᠷ ᠰᠥᠨᠢ ᠦᠭᠡᠢ ᠪᠠᠲᠤ | ᠰᠠᠬᠢᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠦᠬᠦ ᠲᠠᠯ᠎ᠠ ᠪᠠᠷ ᠣᠷᠣᠯᠴᠠᠵᠦ᠂ ᠲᠦᠮᠡᠨ ᠣᠯᠠᠨ ᠨᠢᠭᠲᠠᠷᠠᠵᠤ ᠬᠢᠵᠢᠭ ᠤᠨ ᠪᠠᠶᠢᠳᠠᠯ ᠢ | ᠡᠰᠡᠷᠭᠦᠴᠡᠬᠦ᠂ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠪᠠᠶᠢᠩᠭᠤᠵᠢᠭᠰᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠠᠵᠤ ᠠᠬᠤᠶ ᠨᠡᠶᠢᠭᠡᠮ ᠤᠨ ᠠᠵᠢᠯᠯᠠᠭ᠎ᠠ ᠠᠯᠬᠤᠮ ᠠᠯᠬᠤᠮ ᠢᠶᠠᠷ ᠬᠡᠪ ᠤᠨ ᠪᠠᠶᠢᠳᠠᠯ ᠳᠠᠭᠠᠨ ᠤᠷᠤᠵᠤ᠂ | ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠲᠦᠷᠭᠡᠨ ᠰᠡᠷᠭᠦᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠯᠠᠮ ᠨᠢᠭᠡ ᠠᠯᠬᠤᠮ | ᠪᠠᠬᠢᠵᠢᠪᠡ᠃ ᠡᠭᠦᠨ ᠤ ᠬᠠᠮᠲᠤ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ ᠪᠠᠭᠤᠯᠭᠠᠬᠤ | ᠠᠷᠭᠠᠴᠠᠭᠠᠨ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠶᠢᠰᠯᠡᠯ ᠤᠨ ︽ᠬᠤᠲᠠ ᠬᠠᠮᠠᠭᠠᠯᠠᠬᠤ ᠭᠤᠤᠯ︾ ᠤᠨ ᠴᠢᠬᠤᠯᠠ ᠶᠡᠭᠡ | ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠪᠡ᠃ ᠦᠢᠯᠡᠳᠦᠯᠭᠡ ᠪᠠᠷ ᠪᠠᠲᠤᠯᠠᠭᠰᠠᠨ ᠨᠢ᠂ ᠵᠠᠩᠭᠢᠯᠠᠭ᠎ᠠ ᠶᠢᠨ ᠴᠠᠭ ᠮᠥᠴᠡ ᠳᠤ ᠮᠠᠨ ᠤ | ᠬᠤᠲᠠ ᠶᠢᠨ ᠺᠠᠳ᠋ᠷᠴᠤᠳ ᠪᠣᠯ ᠲᠡᠳᠡᠨ ᠭᠠᠷᠭᠠᠵᠤ ᠴᠢᠳᠠᠬᠤ᠂ ᠰᠢᠪᠲᠤᠯᠤᠨ ᠭᠠᠷᠴᠤ ᠴᠢᠳᠠᠬᠤ᠂ ᠢᠯᠠᠵᠤ ᠳᠡᠶᠢᠯᠬᠦ᠂ ᠨᠠᠶᠢᠳᠠᠪᠤᠷᠢᠳᠠᠢ᠂ ᠠᠷᠠᠳ ᠲᠦᠮᠡᠨ ᠤ | ᠲᠥᠯᠥᠭᠡ ᠦᠨᠡᠨᠴᠢ ᠰᠢᠳᠤᠷᠭᠤ ᠪᠠᠷ ᠬᠠᠷᠢᠭᠤᠴᠠᠬᠤ ᠬᠦᠴᠦᠷᠬᠡᠭ ᠶᠡᠭᠡ ᠡᠩᠨᠡᠭᠡ ᠪᠣᠯᠣᠨ᠎ᠠ︔ ᠣᠷᠣᠨ ᠤ ᠲᠥᠪ ᠬᠤᠲᠠ ᠶᠢᠨ ᠠᠷᠠᠳ ᠲᠦᠮᠡᠨ ᠪᠣᠯ ᠶᠡᠭᠡ | ᠪᠠᠶᠢᠳᠠᠯ ᠢ ᠲᠠᠨᠢᠵᠤ᠂ ᠶᠡᠭᠡ ᠲᠠᠯ᠎ᠠ ᠶᠢ ᠬᠠᠷᠠᠭᠠᠯᠵᠠᠵᠤ᠂ ᠪᠦᠯᠬᠦᠮᠳᠡᠯ ᠢ ᠡᠷᠬᠢᠮᠯᠡᠵᠦ᠂ ᠲᠤᠷᠠᠲᠠᠶ᠎ᠠ ᠵᠣᠷᠢᠭᠤᠯᠬᠤ ᠳᠣᠲᠣᠨᠣ ᠪᠥᠭᠡᠳ ᠬᠦᠨᠳᠦᠳᠭᠡᠯᠲᠡᠢ | ᠬᠠᠶᠢᠷᠠᠯᠠᠯᠲᠠᠢ ᠪᠠᠭᠠᠲᠤᠷᠯᠢᠭ ᠠᠷᠠᠳ ᠲᠦᠮᠡᠨ ᠮᠥᠨ᠃ | ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠮᠠᠨ ᠤ ᠬᠤᠲᠠ ᠶᠢᠨ ᠵᠠᠷᠢᠮ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠳᠤ ᠨᠡᠯᠢᠶᠡᠳ | ᠶᠡᠭᠡ ᠬᠦᠴᠢᠷᠳᠡᠯ ᠲᠤᠯᠭᠠᠷᠠᠵᠤ᠂ ᠮᠠᠰᠢ ᠣᠯᠠᠨ ᠭᠤᠣᠯᠳᠠᠯᠭ᠎ᠠ ᠲᠠᠢ ᠠᠵᠢᠯ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠠᠷᠭ᠎ᠠ ᠪᠤᠰᠤ | ︽ᠲᠦᠷ ᠵᠣᠭᠰᠣᠬᠤ ᠳᠠᠷᠤᠪᠴᠢ︾ ᠶᠢ ᠳᠠᠷᠤᠵᠤ᠂ ᠬᠡᠰᠡᠭ ᠠᠵᠤ ᠠᠬᠤᠢ ᠶᠢᠨ ᠭᠦᠢᠴᠡᠳᠬᠡᠯ ᠲᠤᠭ᠎ᠠ ᠶᠡᠬᠡᠪᠡᠷ ᠪᠠᠭᠤᠷᠠᠪᠠ᠃ ᠡᠭᠦᠨ ᠤ ᠬᠠᠮᠲᠤ᠂ ᠣᠯᠠᠨ | ᠤᠯᠤᠰ ᠤᠨ ᠬᠢᠵᠢᠭ ᠤᠨ ᠪᠠᠶᠢᠳᠠᠯ ᠦᠷᠭᠦᠯᠵᠢᠯᠡᠨ ᠥᠷᠭᠡᠵᠢᠨ ᠳᠡᠯᠭᠡᠷᠡᠵᠦ᠂ ᠭᠠᠳᠠᠭᠠᠳᠤ ᠣᠷᠴᠢᠨ ᠨᠡᠩ ᠬᠦᠨᠳᠦ ᠨᠤᠴᠢᠳᠠᠢ ᠨᠠᠷᠢᠨ ᠪᠤᠳᠤᠯᠢᠶᠠᠨᠲᠠᠶ ᠪᠣᠯᠵᠣ᠂ | ᠲᠣᠭᠲᠠᠭᠤᠨ ᠪᠤᠰᠤ ᠲᠣᠳᠤᠷᠬᠠᠢ ᠪᠤᠰᠤ ᠬᠦᠴᠦᠨ | ᠵᠦᠢᠯ ᠢᠯᠡᠳᠲᠡ ᠨᠡᠮᠡᠭᠳᠡᠵᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠡᠭᠦᠷᠭᠡ ᠨᠠᠩ ᠬᠠᠲᠠᠭᠤ ᠪᠡᠷᠬᠡ | ᠪᠥᠭᠡᠳ ᠪᠠᠴᠢᠮ ᠲᠤᠯᠭᠠᠮ᠎ᠠ ᠪᠣᠯᠪᠠ᠃ | ᠥᠯᠡᠮᠵᠢ ᠪᠡᠷᠬᠡ ᠶᠢ ᠲᠤᠭᠤᠯᠪᠠᠰᠤ ᠦᠢᠯᠡᠰ ᠪᠦᠲᠦᠭᠡᠬᠦᠢ ᠳᠤᠷ ᠲᠤᠰᠠᠲᠠᠢ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ | ᠪᠠᠳᠠᠷᠠᠭᠤᠯᠵᠤ᠂ ᠠᠷᠠᠳ ᠤᠯᠠᠨ ᠢ ᠴᠢᠩᠭ᠎ᠠ ᠲᠦᠰᠢᠭᠯᠡᠪᠡᠯ ᠢᠯᠠᠬᠤ ᠦᠭᠡᠢ ᠳᠠᠶᠢᠯᠠᠯᠳᠤᠭᠠᠨ᠂ ᠳᠠᠪᠠᠵᠤ ᠳᠡᠶᠢᠯᠬᠦ ᠦᠭᠡᠢ ᠳᠠᠪᠠᠭ᠎ᠠ ᠭᠡᠵᠦ ᠪᠠᠶᠢᠬᠤ ᠦᠭᠡᠢ᠂ ᠡᠨᠡ | ᠪᠣᠯ ᠮᠠᠨ ᠤ ᠠᠯᠢᠪᠠ ᠠᠵᠢᠯ ᠢᠶᠠᠨ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ ᠭᠡᠳᠡᠭ ᠢ ᠬᠢᠵᠢᠭ ᠤᠨ ᠪᠠᠶᠢᠳᠠᠯ ᠢ ᠡᠰᠡᠷᠭᠦᠴᠡᠬᠦ ᠱᠠᠳᠤᠴᠢ ᠴᠢᠨᠠᠷᠲᠠᠢ | ᠢᠯᠠᠯᠲᠠ ᠳᠠᠬᠢᠨᠲᠠ ᠮᠠᠷᠭᠤᠰᠢ ᠦᠭᠡᠢ ᠭᠡᠷᠡᠴᠢᠯᠡᠪᠡ᠃ ᠣᠳᠣᠬᠠᠨ ᠳᠤ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠠᠭ ᠪᠦᠬᠦ ᠲᠠᠯ᠎ᠠ ᠪᠠᠷ | ᠰᠡᠷᠭᠦᠵᠦ ᠪᠠᠶᠢᠨ᠎ᠠ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠨᠢ ᠬᠢᠵᠢᠭ ᠤᠨ ᠪᠠᠶᠢᠳᠠᠯ ᠠᠴᠠ ᠪᠤᠯᠵᠤ ᠬᠤᠪᠢᠷᠠᠬᠤ ᠦᠭᠡᠢ ᠶᠤᠮ᠃ | ᠪᠢᠳᠡ ᠬᠦᠬᠡᠬᠤᠲᠠ ᠶᠢᠨ ᠣᠯᠠᠨ ᠲᠦᠮᠡᠨ ᠤ ᠵᠣᠷᠢᠭ ᠢ ᠦᠷᠭᠦᠯᠵᠢᠯᠡᠨ ᠨᠢᠭᠲᠠᠷᠠᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠵᠣᠷᠢᠭᠲᠠᠶ ᠪᠠᠷ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠳᠠᠭ ᠯᠠ ᠶᠤᠮ ᠪᠣᠯ ᠯᠠᠪᠲᠠᠶ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠪᠥᠬᠦ | ᠬᠤᠲᠠ ᠶᠢᠨ ᠠᠵᠤ ᠠᠬᠤᠶ ᠨᠡᠶᠢᠭᠡᠮ ᠤᠨ ᠨᠠᠩ ᠶᠡᠭᠡ ᠰᠢᠨ᠎ᠡ ᠬᠥᠭᠵᠢᠯᠲᠡ ᠶᠢ ᠠᠬᠢᠭᠤᠯᠵᠤ ᠴᠢᠳᠠᠨ᠎ᠠ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠵᠢᠴᠢ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ | ᠬᠤᠭᠤᠴᠠᠭᠠᠨ ᠤ ᠠᠷᠪᠠᠨ ᠨᠢᠭᠡᠳᠦᠭᠡᠷ ᠤᠳᠠᠭ᠎ᠠ ᠶᠢᠨ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠬᠤᠲᠠ ᠶᠢᠨ | ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠳᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠡᠭᠦᠷᠭᠡ ᠲᠠᠢ ᠨᠢᠭᠲᠠ | ᠤᠶᠠᠯᠳᠤᠭᠤᠯᠵᠤ᠂ ᠲᠣᠭᠲᠠᠭᠤᠨ ᠤ ᠳᠤᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ | ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ | ᠬᠦᠴᠦᠷᠬᠡᠭᠵᠢᠭᠦᠯᠬᠦ ᠶᠢ ᠪᠣᠳᠣᠯᠬᠢᠯᠠᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ | ᠰᠠᠶᠢᠲᠤᠷ ᠬᠢᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ | ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠶ | ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ | ᠣᠨᠣᠴᠠᠲᠠᠶ ᠪᠠᠷ ᠰᠠᠶᠢᠲᠤᠷ ᠠᠳᠬᠤᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠰᠡᠬᠦᠯ ᠬᠤᠷᠢᠶᠠᠬᠤ ᠶᠢ ᠦᠨᠡᠨᠬᠦ ᠪᠠᠳᠤᠯᠠᠨ᠎ᠠ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 6% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 5.5% ᠣᠷᠴᠢᠮ | ᠨᠡᠮᠡᠭᠳᠡᠭᠦᠯᠦᠨ᠎ᠡ︔ ᠲᠣᠭᠲᠠᠮᠠᠯᠬᠥ᠋ᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ | ᠲᠦᠪᠰᠢᠨ ᠠᠴᠠ ᠳᠣᠤᠷ᠎ᠠ ᠪᠠᠶᠢᠯᠭᠠᠬᠤ ᠥᠬᠡᠶ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 4% ᠣᠷᠴᠢᠮ ᠢᠶᠠᠷ | ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠠᠵᠤ ᠠᠬᠤᠶ ᠶᠢᠨ | ᠨᠡᠮᠡᠭᠳᠡᠯ ᠤᠨ ᠬᠤᠷᠳᠤᠴᠠ ᠠᠴᠠ ᠳᠣᠤᠷ᠎ᠠ ᠪᠠᠶᠢᠯᠭᠠᠬᠤ ᠥᠬᠡᠶ︔ ᠬᠤᠳᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠯᠲᠠ ᠶᠢᠨ ᠨᠤᠷᠮ᠎ᠠ ᠶᠢ 5.5% | ᠣᠷᠴᠢᠮ ᠪᠠᠶᠢᠯᠭᠠᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠳᠣᠲᠣᠷ᠎ᠠ ᠪᠠᠶᠢᠯᠭᠠᠨ᠎ᠠ︔ ᠰᠠᠭᠤᠭᠠᠯᠢ ᠠᠷᠠᠳ ᠤᠨ | ᠬᠡᠷᠡᠭᠯᠡᠭᠡ ᠶᠢᠨ ᠦᠨ᠎ᠡ ᠶᠢᠨ ᠥᠰᠥᠯᠲᠡ ᠶᠢᠨ ᠬᠡᠮᠵᠢᠶ᠎ᠡ ᠶᠢ 3.5% ᠣᠷᠴᠢᠮ ᠪᠠᠶᠢᠯᠭᠠᠨ᠎ᠠ︔ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ | ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠬᠠᠷᠠᠯᠲᠠ ᠶᠢ ᠪᠡᠶᠡᠯᠡᠭᠦᠯᠦᠨ᠎ᠡ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠭᠦᠨᠵᠡᠭᠡᠢ | ᠲᠤᠭᠤᠰᠢᠯᠠᠭᠤᠯᠵᠤ᠂ ᠠᠮᠢ ᠠᠬᠤᠢ ᠶᠢ ᠤᠷᠢᠳᠠᠪᠡᠷ ᠪᠤᠳᠤᠯᠬᠢᠯᠠᠵᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠢᠭᠡᠳᠦᠯᠲᠠᠢ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠭᠠᠳᠠᠨ᠎ᠠ ᠪᠠᠨ ᠣᠷᠤᠵᠤ ᠢᠷᠡᠬᠦ ᠶᠢ ᠰᠡᠷᠭᠡᠶᠢᠯᠡᠨ᠂ | ᠳᠣᠲᠣᠭᠠᠳᠤ ᠳᠤ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠪᠦᠬᠦ | ᠲᠠᠯ᠎ᠠ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠤᠤᠰ ᠢᠯᠠᠯᠲᠠ ᠶᠢ | ᠴᠢᠷᠮᠠᠶᠢᠨ ᠲᠡᠮᠡᠴᠡᠨ ᠣᠯᠬᠤ ᠬᠡᠷᠡᠭᠲᠡᠶ᠃ ᠲᠥᠪ ᠬᠤᠲᠠ ᠶᠢᠨ ᠤᠬᠠᠮᠰᠠᠷ ᠢ ᠴᠢᠩᠭᠠᠳᠬᠠᠵᠤ᠂ ᠲᠥᠪ ᠬᠤᠲᠠ ᠶᠢᠨ ᠡᠭᠦᠷᠭᠡᠯᠡᠯ ᠢ ᠴᠢᠩᠭᠠᠳᠬᠠᠵᠤ᠂ ︽ᠡᠮᠦᠨ᠎ᠡ | ᠨᠢ ᠭᠠᠪᠰᠢᠭᠠᠶᠢᠯᠠᠨ ᠬᠡᠪ ᠳᠠᠭᠤᠷᠢᠶᠠᠯ ᠪᠣᠯᠬᠤ︾ ᠶᠢ ᠪᠠᠷᠢᠮᠲᠠᠯᠠᠬᠤ ᠬᠡᠷᠡᠭᠲᠡᠶ᠃ ︽ᠳᠦᠷᠪᠡᠨ ᠲᠣᠬᠢᠶᠠᠯ ᠳᠠᠪᠬᠤᠴᠠᠭᠰᠠᠨ︾ ᠵᠡᠷᠭᠡ ᠲᠡᠦᠬᠡ ᠶᠢᠨ ᠠᠵᠠ | ᠲᠣᠬᠢᠶᠠᠯ ᠢ ᠠᠮᠵᠢᠵᠤ᠂ ᠪᠣᠳᠠᠲᠠᠢ ᠠᠵᠠ ᠲᠣᠬᠢᠶᠠᠯ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠭᠵᠢᠯᠲᠡ ᠶᠢᠨ ᠳᠠᠪᠠᠭᠤᠯᠢᠭ ᠢ | ᠬᠥᠭᠵᠢᠯᠲᠡ ᠶᠢᠨ ᠢᠯᠠᠬᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠠᠷᠠᠳ ᠲᠦᠮᠡᠨ ᠢ ᠦᠨᠡᠨᠬᠦ ᠬᠤᠲᠠ ᠶᠢᠨ ᠡᠵᠡᠨ ᠪᠣᠯᠭᠠᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠪᠥᠬᠦ ᠬᠦᠴᠦᠨ ᠢᠶᠠᠷ ᠢᠶᠠᠨ | ᠨᠡᠮᠡᠭᠳᠡᠭᠦᠯᠵᠦ᠂ ︽ᠡᠵᠡᠨ ᠬᠥᠮᠦᠨ︾ ᠤ ᠰᠠᠶᠢᠨ ᠰᠠᠶᠢᠬᠠᠨ ᠬᠡᠷ ᠣᠷᠣᠨ ᠢᠶᠠᠨ ᠪᠥᠲᠥᠭᠡᠨ ᠪᠠᠶᠢᠭᠤᠯᠬᠤ ᠬᠠᠯᠠᠭᠤᠨ ᠰᠡᠳᠭᠢᠯᠭᠡ ᠶᠢ ᠬᠥᠭᠵᠢᠭᠡᠵᠦ᠂ ᠣᠷᠣᠨ ᠤ | ᠲᠥᠪ ᠬᠤᠲᠠ ᠶᠢᠨ ᠣᠯᠠᠨ ᠲᠦᠮᠡᠨ ᠤ ᠬᠦᠷᠲᠡᠮᠵᠢᠲᠦ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠲᠠᠰᠤᠷᠠᠯᠲᠠ ᠥᠬᠡᠶ | ᠨᠡᠮᠡᠭᠳᠡᠭᠦᠯᠬᠦ ᠬᠡᠷᠡᠭᠲᠡᠶ᠃ ᠦᠨᠡᠨᠬᠦ ᠠᠳᠬᠤᠨ ᠪᠣᠳᠠᠲᠠᠶ ᠪᠠᠷ ᠠᠵᠢᠯᠯᠠᠵᠤ᠂ ᠠᠷᠪᠢᠯᠠᠨ ᠭᠠᠮᠨᠠᠵᠤ ᠠᠷᠠᠳ ᠢ ᠴᠢᠨᠡᠭᠡᠯᠢᠭᠵᠢᠭᠦᠯᠬᠦ᠂ ᠠᠷᠪᠢᠴᠢ ᠭᠠᠮᠴᠢ ᠪᠠᠷ | ᠠᠮᠢᠳᠤᠷᠠᠬᠤ᠂ ᠰᠢᠨᠵᠢᠯᠡᠬᠦ ᠤᠬᠠᠭᠠᠨᠴᠢ᠂ ᠠᠷᠠᠳᠴᠢᠯᠠᠯ᠂ ᠬᠠᠤᠯᠢ ᠶᠣᠰᠣᠭᠠᠷ ᠰᠢᠢᠳᠪᠦᠷᠢᠲᠦ ᠪᠣᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠪᠦᠬᠦ | ᠬᠦᠴᠦ ᠪᠠᠷ ᠢᠶᠠᠨ ᠴᠢᠷᠮᠠᠶᠢᠬᠤ ᠬᠡᠷᠡᠭᠲᠡᠶ ᠮᠥᠷᠲᠡᠭᠡᠨ ᠨᠡᠩ ᠴᠤ ᠴᠢᠳᠠᠯ ᠤᠨ ᠢᠶᠠᠨ ᠬᠢᠷᠢ ᠪᠠᠷ ᠬᠢᠬᠦ ᠬᠡᠷᠡᠭᠲᠡᠶ᠂ ᠡᠳ᠋ ᠤᠨ ᠬᠦᠴᠦᠨ ᠠᠴᠠ ᠬᠡᠲᠦᠷᠡᠵᠦ᠂ ᠢᠷᠡᠬᠦ | ᠵᠢᠯ ᠤᠨ ᠠᠮᠤ ᠶᠢ ᠡᠨᠡ ᠵᠢᠯ ᠳᠤ ᠪᠠᠨ ᠢᠳᠡᠬᠦ ᠠᠵᠢᠯ ᠢ ᠶᠠᠭᠠᠬᠢᠭᠰᠠᠨ ᠴᠤ ᠬᠢᠵᠦ ᠪᠣᠯᠬᠤ ᠦᠭᠡᠢ᠂ ᠡᠯ᠎ᠡ ᠵᠦᠢᠯ ᠤᠨ ᠠᠵᠢᠯ ᠢ ᠲᠡᠤᠬᠡ ᠪᠠ ᠠᠷᠠᠳ ᠲᠦᠮᠡᠨ ᠤ | ᠰᠢᠯᠭᠠᠯᠲᠠ ᠶᠢ ᠳᠠᠭᠠᠭᠠᠵᠤ ᠴᠢᠳᠠᠬᠤ ᠪᠣᠯᠭᠠᠨ᠎ᠠ᠃ | ᠡᠨᠡ ᠵᠢᠯ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠬᠦᠴᠦᠯᠡᠨ ᠪᠠᠲᠤᠯᠠᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ | ᠠᠬᠢᠭᠤᠯᠤᠨ᠎ᠠ | ᠨᠡᠮᠡᠭᠳᠡᠯ ᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠢ ᠵᠠᠪᠳᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠠᠴᠠ | ᠪᠣᠯᠤᠭᠰᠠᠨ ᠬᠤᠬᠢᠷᠠᠯ ᠪᠠ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠨ᠎ᠠ᠃ ᠬᠢᠵᠢᠭ ᠤᠨ ᠪᠠᠶᠢᠳᠠᠯ ᠢ | ᠰᠢᠨᠵᠢᠯᠡᠬᠦ ᠤᠬᠠᠭᠠᠨᠴᠢ ᠪᠠᠷ ᠣᠨᠤᠴᠠᠲᠠᠢ ᠰᠡᠷᠭᠡᠶᠢᠯᠡᠨ ᠡᠵᠡᠮᠳᠡᠵᠦ᠂ ᠬᠢᠯᠢ ᠶᠢᠨ ᠭᠠᠳᠠᠨᠠᠬᠢ ᠪᠠ ᠤᠯᠤᠰ ᠤᠨ ᠳᠣᠲᠤᠭᠠᠳᠤ ᠶᠢᠨ ᠬᠢᠵᠢᠭ ᠤᠨ ᠪᠠᠶᠢᠳᠠᠯ ᠭᠦᠨᠳᠣ | ᠨᠣᠴᠢᠲᠠᠢ ᠭᠠᠵᠠᠷ ᠣᠷᠣᠨ ᠠᠴᠠ ᠬᠥᠬᠡᠬᠤᠲᠠ ᠳᠤ ᠢᠷᠡᠬᠦ ᠬᠥᠮᠦᠰ ᠢ ᠬᠠᠮᠢᠶᠠᠷᠬᠤ ᠶᠤᠰᠤᠳᠠᠢ ᠶᠢ ᠪᠦᠬᠦᠨ ᠢ ᠬᠠᠮᠢᠶᠠᠷᠴᠤ᠂ ᠭᠠᠳᠠᠨ᠎ᠠ ᠠᠴᠠ ᠣᠷᠤᠵᠤ ᠢᠷᠡᠬᠦ | ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠪᠠ ᠨᠡᠶᠢᠰᠯᠡᠯ ᠤᠨ ︽ᠬᠤᠲᠠ ᠬᠠᠮᠠᠭᠠᠯᠠᠬᠤ ᠭᠤᠣᠯ︾ ᠤᠨ ᠰᠡᠷᠭᠡᠶᠢᠯᠡᠯᠲᠡ ᠶᠢᠨ ᠱᠤᠭᠤᠮ ᠢ ᠪᠠᠲᠤ | ᠰᠠᠬᠢᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ | ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠣᠨᠣᠪᠴᠢᠲᠠᠢ ᠰᠢᠯᠢᠳᠡᠭᠵᠢᠭᠦᠯᠦᠨ ᠲᠡᠭᠦᠯᠳᠡᠷᠵᠢᠭᠦᠯᠵᠤ᠂ ᠡᠯ᠎ᠡ ᠠᠵᠢᠯ ᠲᠥᠷᠥᠯ ᠤᠨ ᠬᠦᠴᠢᠷ ᠪᠡᠷᠬᠡᠰᠢᠶᠡᠯ ᠢ | ᠲᠤᠭᠤᠯᠬᠤ᠂ ᠬᠤᠬᠢᠷᠠᠯ ᠢ ᠪᠠᠭᠠᠰᠬᠠᠵᠤ ᠣᠷᠣᠯᠭ᠎ᠠ ᠪᠠᠨ ᠨᠡᠮᠡᠭᠳᠡᠭᠦᠯᠬᠦ ᠶᠢ ᠴᠢᠷᠮᠠᠶᠢᠨ ᠬᠠᠪᠰᠤᠷᠴᠤ᠂ ᠳᠤᠮᠳᠠ ᠪᠠᠭ᠎ᠠ ᠠᠵᠤ ᠠᠬᠤᠶᠢᠯᠠᠯ ᠤᠨ ᠣᠷᠣᠰᠢᠨ | ᠲᠣᠭᠲᠠᠨᠢᠬᠤ ᠪᠠ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠠᠵᠠ | ᠲᠣᠬᠢᠶᠠᠯ ᠢ ᠴᠢᠩᠭ᠎ᠠ ᠠᠳᠬᠤᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠵᠢᠴᠢ ᠲᠥᠪ ᠤᠨ ᠲᠥᠰᠦᠪ ᠤᠨ | ᠳᠣᠲᠣᠷᠠᠬᠢ ᠪᠠᠯᠠ ᠣᠷᠣᠭᠤᠯᠤᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠨᠡᠶᠢᠭᠡᠮ ᠤᠨ ᠬᠥᠷᠥᠩᠭᠡ ᠶᠢ ᠣᠯᠠᠨ ᠲᠠᠯ᠎ᠠ ᠪᠠᠷ ᠰᠢᠩᠭᠡᠭᠡᠨ ᠠᠪᠴᠤ᠂ | 5G ᠰᠦᠯᠵᠢᠶ᠎ᠡ᠂ ᠲᠤᠭ᠎ᠠ ᠪᠠᠷᠢᠮᠲᠠ ᠶᠢᠨ ᠲᠥᠪ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ | ᠴᠡᠨᠡᠭᠯᠡᠬᠦ ᠪᠠᠭᠠᠨ᠎ᠠ ᠵᠡᠷᠭᠡ ︽ᠰᠢᠨ᠎ᠡ ᠰᠠᠭᠤᠷᠢ ᠪᠥᠲᠦᠭᠡᠨ ᠪᠠᠶᠢᠭᠤᠯᠤᠯᠲᠠ︾ ᠶᠢᠨ ᠲᠥᠷᠥᠯ ᠵᠦᠢᠯ ᠢ ᠢᠳᠡᠪᠬᠢᠲᠡᠶ ᠪᠠᠶᠢᠷᠢᠯᠠᠭᠤᠯᠤᠨ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠲᠠᠷᠢᠶᠠᠯᠠᠩ ᠣᠶ ᠰᠢᠭᠤᠶ | ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠡᠨᠧᠷᠭᠢ᠂ ᠬᠤᠲᠠ ᠶᠢᠨ ᠶᠠᠪᠤᠳᠠᠯ ᠵᠡᠷᠭᠡ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ | ᠡᠬᠢᠯᠡᠨ ᠬᠡᠷᠡᠭᠵᠢᠭᠦᠯᠵᠦ᠂ ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠢ 260 ᠠᠴᠠ ᠳᠡᠭᠡᠭᠰᠢ ᠬᠡᠷᠡᠭᠵᠢᠭᠦᠯᠵᠦ᠂ 530 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠵᠤ᠂ ᠠᠵᠤ ᠦᠢᠯᠡᠰ ᠤᠨ ᠳᠡᠭᠡᠳᠦ ᠲᠡᠰ ᠤᠨ᠂ | ᠤᠶᠤᠨᠴᠢᠯᠠᠭᠰᠠᠨ᠂ ᠪᠣᠬᠢᠷᠲᠤᠯ ᠦᠭᠡᠢ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠲᠣᠭᠲᠠᠪᠤᠷᠢᠲᠤ ᠴᠢᠨᠠᠷ ᠪᠠ | ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠢᠯᠢ ᠶᠢᠨ ᠣᠳᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠦᠨᠳᠡᠢ᠂ ᠮᠧᠩ ᠨᠢᠦ ᠰᠦ ᠰᠠᠭᠠᠯᠢ ᠶᠢᠨ | ᠦᠢᠯᠡᠰ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠰᠠᠭᠠᠯᠢ ᠶᠢᠨ ᠦᠨᠢᠶᠡᠨ ᠤ ᠬᠡᠪᠴᠢᠶᠡᠵᠢᠭᠰᠡᠨ | ᠮᠠᠯᠵᠢᠯ ᠤᠨ ᠲᠠᠯᠠᠪᠠᠢ ᠶᠢ10 ᠠᠴᠠ ᠳᠡᠭᠡᠭᠰᠢ ᠢᠵᠢ ᠪᠦᠷᠢᠳᠦᠭᠦᠯᠦᠨ ᠰᠢᠨ᠎ᠡ ᠪᠠᠷ ᠪᠠᠶᠢᠭᠤᠯᠵᠤ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠢ ᠵᠡᠷᠭᠡ ᠳᠤᠨᠢ ᠪᠦᠲᠦᠭᠡᠨ ᠪᠠᠶᠢᠭᠤᠯᠵᠤ᠂ ︽ᠳᠤᠮᠳᠠᠳᠤ ᠤᠯᠤᠰ ᠤᠨ ᠰᠦ ᠰᠠᠭᠠᠯᠢ ᠶᠢᠨ ᠬᠤᠲᠠ︾ ᠶᠢᠨ ᠳᠡᠰ ᠳᠡᠪᠰᠢᠭᠰᠡᠨ | ᠬᠡᠯᠪᠡᠷᠢ ᠶᠢ ᠪᠠᠶᠢᠭᠤᠯᠤᠨ᠎ᠠ᠃ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠦᠬᠡᠬᠤᠲᠠ ᠶᠢᠨ ᠴᠢᠯᠠᠭᠤᠨ ᠲᠣᠰᠤᠨ ᠤ ᠬᠢᠮᠢ ᠶᠢᠨ ᠠᠵᠤ ᠦᠢᠯᠡᠳᠪᠦᠷᠢ ᠶᠢᠨ ︽ | ᠴᠢᠯᠠᠭᠤᠨ ᠲᠣᠰᠣ ᠶᠢ ᠪᠠᠭᠠᠰᠬᠠᠵᠤ ᠴᠢᠯᠠᠭᠤᠨ ᠲᠣᠰᠤᠨ ᠤ ᠬᠢᠮᠢ ᠶᠢ ᠨᠡᠮᠡᠭᠳᠡᠭᠦᠯᠬᠦ︾ ᠶᠢ ᠲᠦᠯᠬᠢᠨ ᠠᠬᠢᠭᠤᠯᠵᠤ᠂ ᠵᠢᠤ ᠲᠠᠢ ᠰᠢᠨ᠎ᠡ ᠮᠠᠲ᠋ᠧᠷᠢᠶᠠᠯ ᠤᠨ ᠵᠢᠯ ᠤᠨ | ᠭᠠᠷᠤᠯᠲᠠ 100 ᠲᠦᠮᠡᠨ ᠲᠣᠨ ᠤ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠦᠢᠯᠡᠳᠪᠦᠷᠢᠯᠡᠬᠦ ᠵᠢᠴᠢ 6 ᠲᠦᠮᠡᠨ ᠲᠣᠨ ᠪᠥᠭᠡᠭᠡᠨᠡᠷᠡᠯ ᠮᠧᠲ᠋ᠢᠯ ᠠᠯᠳᠧᠭᠢᠳ᠋᠂ | ᠰᠢᠤᠢ ᠶᠠᠩ ᠵᠦᠩ ᠷᠠᠨ ᠬᠡᠣᠷᠰᠢᠭᠦᠯᠦᠭᠰᠡᠨ ᠣᠷᠴᠢᠯ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠰᠠᠶᠢᠲᠤᠷ ᠬᠢᠨ᠎ᠡ᠃ ᠵᠦᠩ ᠬᠤᠸᠠᠨ ᠬᠡᠷᠡᠯ ᠸᠣᠯᠲ ᠤᠨ ᠲᠠᠪᠤᠳᠤᠭᠠᠷ ᠬᠤᠭᠤᠴᠠᠭ᠎ᠠ᠂ | ᠬᠠᠭᠠᠰ ᠳᠠᠮᠵᠢᠭᠤᠯᠤᠭᠴᠢ ᠶᠢᠨ ᠬᠤᠶᠠᠳᠤᠭᠠᠷ ᠬᠤᠭᠤᠴᠠᠭ᠎ᠠ᠂ ᠳᠤᠮᠳᠠ ᠲᠠᠯᠠᠰᠲᠤ ᠶᠢᠨ ᠬᠤᠶᠠᠳᠤᠭᠠᠷ ᠬᠤᠭᠤᠴᠠᠭ᠎ᠠ᠂ ᠡᠸᠤ ᠵᠢᠩ ᠰᠢᠨᠵᠢᠯᠡᠬᠦ ᠤᠬᠠᠭᠠᠨ | ᠮᠡᠷᠭᠡᠵᠢᠯ ᠤᠨ ᠴᠢᠨᠠᠷᠵᠢᠭᠤᠨ ᠥᠭᠡᠬᠦᠨ ᠴᠢᠯᠠᠭᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠱᠤᠭᠤᠮ ᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠱᠧᠨ ᠵᠸᠤ ᠴᠠᠬᠢᠭᠤᠷ ᠤᠨ ᠦᠢᠯᠡᠰ ᠤᠨ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠳᠬᠡᠵᠦ᠂ ᠬᠡᠷᠡᠯ ᠸᠣᠯᠲ ᠤᠨ | ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠨ ᠬᠦᠴᠦᠷᠬᠡᠭᠵᠢᠭᠦᠯᠦᠨ᠎ᠡ᠃ ᠶᠢᠨ ᠢᠦᠶ ᠣᠯᠠᠨ ᠤᠯᠤᠰ ᠤᠨ ᠠᠮᠢᠳᠤ ᠪᠣᠳᠠᠰ ᠤᠨ | ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠵᠢᠴᠢ ᠳᠡᠭᠡᠳᠦ ᠵᠡᠷᠭᠡ ᠶᠢᠨ ᠠᠮᠢᠳᠤ ᠪᠣᠳᠠᠰ ᠤᠨ ᠠᠶᠤᠯᠭᠦᠢ ᠲᠤᠷᠰᠢᠯᠲᠠ ᠶᠢᠨ ᠲᠠᠰᠤᠭ᠂ ᠶᠢᠨ ᠾᠧ ᠶᠢᠦ ᠪᠧᠨ | ᠸᠠᠺᠼᠢᠨ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠦᠭᠦᠬᠡᠢ ᠮᠠᠲ᠋ᠧᠷᠢᠶᠠᠯ ᠤᠨ ᠡᠮ ᠠᠴᠠ | ᠪᠥᠲᠦᠭᠡᠭᠳᠡᠬᠦᠨ ᠤ ᠡᠮ ᠲᠡᠰᠢ ᠳᠡᠰ ᠳᠡᠪᠰᠢᠭᠦᠯᠬᠦ ᠶᠢ ᠪᠡᠶᠡᠯᠡᠭᠦᠯᠦᠨ᠎ᠡ᠃ ᠺᠠᠢ ᠸᠧ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠰᠠᠭᠤᠷᠢᠨ | ᠭᠠᠵᠠᠷ᠂ ᠵᠦᠩ ᠯᠢ ᠰᠢᠨ᠎ᠡ ᠮᠠᠲ᠋ᠧᠷᠢᠶᠠᠯ ᠤᠨ ᠬᠦᠨᠳᠡᠶᠢᠷᠡᠭᠦᠯᠬᠦ ᠪᠦᠷᠬᠦᠪᠴᠢ ᠶᠢᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨ᠎ᠡ ᠢᠵᠢ ᠪᠦᠷᠢᠳᠦᠭᠦᠯᠬᠦ ᠲᠥᠷᠥᠯ ᠵᠦᠢᠯ ᠢ ᠦᠷᠭᠦᠯᠵᠢᠯᠡᠨ ᠣᠷᠣᠭᠤᠯᠤᠨ ᠠᠪᠴᠢᠷᠠᠵᠤ ᠬᠡᠷᠡᠭᠵᠢᠭᠦᠯᠦᠨ᠎ᠡ᠃ | ᠤᠯᠤᠰ ᠤᠨ ᠳᠡᠰ ᠤᠨ ᠢᠨᠲ᠋ᠧᠷ ᠰᠦᠯᠵᠢᠶᠡᠨ ᠤ ᠰᠢᠭᠤᠳ ᠬᠤᠯᠪᠣᠯᠳᠤᠬᠤ ᠭᠤᠤᠯᠯᠠᠭᠴᠢ ᠴᠡᠭ ᠤᠨ ᠪᠠᠶᠢᠭᠤᠯᠤᠯᠲᠠ ᠶᠢ ᠲᠥᠷᠭᠡᠳᠬᠡᠵᠤ᠂ ᠭᠤᠤᠯᠯᠠᠭᠴᠢ | ᠰᠦᠯᠵᠢᠶᠡᠨ ᠤ ︽ᠭᠠᠳᠠᠭᠠᠳᠤ ᠳᠤ ᠭᠠᠷᠭᠠᠬᠤ ᠪᠦᠰᠡ ᠶᠢᠨ ᠥᠷᠭᠡᠨ ᠢ ᠲᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠲᠤᠮᠤ ᠳ᠋ᠠᠶᠢᠲ᠋ᠠ᠂ | ᠬᠢᠮᠡᠯ ᠤᠶᠤᠨ ᠴᠢᠳᠠᠪᠤᠷᠢ ᠪᠣᠯᠤᠨ ᠪᠣᠳᠠᠲᠤ ᠴᠣᠭᠴᠠ ᠶᠢᠨ ᠠᠵᠤ ᠠᠬᠤᠶ ᠶᠢᠨ ᠠᠭᠤᠰᠤᠯᠴᠠᠯ ᠢ ᠠᠬᠢᠭᠤᠯᠵᠤ᠂ ᠰᠢᠨ᠎ᠡ ᠠᠵᠤ ᠦᠢᠯᠡᠰ᠂ ᠰᠢᠨ᠎ᠡ ᠠᠵᠤ | ᠦᠢᠯᠡᠰ ᠤᠨ ᠪᠠᠶᠢᠳᠠᠯ᠂ ᠰᠢᠨ᠎ᠡ ᠠᠵᠤ ᠠᠬᠤᠶᠢᠯᠠᠯ ᠢ ᠪᠤᠢ ᠪᠣᠯᠭᠠᠵᠤ᠂ ᠲᠤᠭᠠᠨ ᠤ ᠠᠵᠤ ᠦᠶᠯᠡᠰᠵᠢᠯᠲᠡ᠂ ᠠᠵᠣ ᠦᠢᠯᠡᠰ ᠤᠨ ᠲᠤᠭᠠᠴᠢᠯᠠᠯᠲᠠ ᠶᠢ | ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠨᠡᠭᠡᠭᠡᠯᠲᠡ ᠶᠢᠨ ᠲᠣᠭᠤᠷᠢᠭ ᠢ ᠨᠡᠶᠢᠳᠬᠡᠨ ᠲᠡᠭᠡᠭᠰᠢᠯᠡᠭᠦᠯᠵᠦ᠂ ︽ᠲᠠᠷᠠᠬᠠᠶ ᠪᠤᠲᠠᠷᠬᠠᠢ | ᠵᠠᠮᠪᠠᠷᠠᠭ᠎ᠠ ᠦᠭᠡᠢ ᠦᠷ᠎ᠡ ᠪᠥᠲᠦᠮᠵᠢ ᠪᠠᠷ ᠳᠣᠣᠷ᠎ᠠ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ ᠬᠦᠷᠢᠶᠡᠯᠡᠩ ᠲᠣᠭᠤᠷᠢᠭ ᠤᠨ ᠠᠵᠤ | ᠦᠢᠯᠡᠳᠪᠦᠷᠢ ᠶᠢᠨ ᠬᠥᠭᠵᠢᠯᠲᠡ ᠶᠢᠨ ᠭᠤᠤᠯ ᠳᠠᠶᠢᠯᠠᠯᠳᠤᠭᠠᠨ ᠤ ᠲᠠᠯᠠᠪᠤᠷ᠂ ᠭᠤᠤᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠠᠵᠤ | ᠠᠬᠤᠶᠢᠯᠠᠯ ᠢ ᠲᠡᠳᠬᠦᠨ ᠳᠡᠮᠵᠢᠬᠦ ᠪᠠ ᠦᠢᠯᠡᠴᠢᠯᠡᠬᠦ ᠶᠢ ᠴᠢᠩᠭᠠᠳᠬᠠᠵᠤ᠂ ᠵᠢᠯ ᠤᠨ ᠳᠣᠲᠣᠷ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ15 ᠶᠢ | ᠬᠡᠪᠴᠢᠶᠡᠵᠢᠯ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠤᠶᠢᠷ᠎ᠠ ᠶᠢᠨ ᠵᠢᠯ ᠤᠨ ᠲᠤᠷᠰᠢ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠤᠭᠰᠠᠨ | ᠠᠵᠤ ᠠᠬᠤᠶᠢᠯᠠᠯ ᠦᠭᠡᠢ ᠪᠠᠶᠢᠳᠠᠯ ᠳᠤ ᠰᠢᠪᠳᠤᠯᠤᠯᠲᠠ ᠭᠠᠷᠭᠠᠨ᠎ᠠ᠃ | ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠲᠦᠷᠭᠡᠳᠬᠡᠵᠦ᠂ ᠬᠡᠷᠡᠭᠯᠡᠭᠡᠨ ᠤ ᠲᠣᠭᠲᠠᠭᠤᠨ ᠨᠡᠮᠡᠭᠳᠡᠯ ᠢ ᠠᠬᠢᠭᠤᠯᠤᠨ᠎ᠠ᠃ ᠣᠷᠣᠨ ᠤ ᠲᠥᠪ | ᠬᠤᠲᠠ ᠶᠢᠨ ᠳᠠᠪᠠᠭᠤᠯᠢᠭ ᠲᠤ ᠰᠠᠭᠤᠷᠢᠯᠠᠨ᠂ ᠥᠪᠥᠷ ᠮᠣᠩᠭᠤᠯ ᠵᠢᠴᠢ ᠳᠤᠮᠳᠠᠳᠤ ᠤᠯᠤᠰ ᠤᠨ ᠤᠮᠠᠷᠠᠲᠤ ᠣᠷᠣᠨ ᠤ ᠴᠢᠬᠤᠯᠠ ᠣᠳᠣ ᠦᠶ᠎ᠡ ᠶᠢᠨ ᠠᠷᠠᠯᠵᠢᠶ᠎ᠠ | ᠬᠤᠳᠠᠯᠳᠤᠭᠠᠨ ᠤ ᠲᠥᠪ᠂ ᠪᠠᠷᠠᠭ᠎ᠠ ᠶᠢᠨ ᠭᠦᠢᠯᠭᠡᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ᠂ ᠬᠢᠯᠢ ᠠᠯᠤᠰᠯᠠᠭᠰᠠᠨ ᠲᠠᠸᠠᠷ ᠤᠨ ᠠᠷᠠᠯᠵᠢᠶᠠᠨ ᠤ ᠲᠥᠪ᠂ | ᠰᠡᠯᠡᠭᠦᠴᠡᠯ ᠵᠢᠭᠤᠯᠴᠢᠯᠠᠯ ᠠᠮᠠᠷᠠᠯᠲᠠ ᠶᠢᠨ ᠦᠢᠯᠡᠴᠢᠯᠡᠭᠡᠨ ᠤ ᠲᠥᠪ ᠢ ᠪᠠᠶᠢᠭᠤᠯᠤᠨ᠎ᠠ᠃ ᠭᠤᠤᠯᠳᠠᠯᠭ᠎ᠠ ᠲᠠᠢ ᠬᠤᠳᠠᠯᠳᠤᠭᠠᠨ ᠤ ᠶᠠᠪᠠᠭᠠᠨ ᠵᠡᠭᠡᠯᠢ ᠭᠤᠳᠤᠮᠵᠢ ᠶᠢ | ᠥᠭᠡᠷᠡᠴᠢᠯᠡᠨ ᠳᠡᠭᠡᠭᠰᠢᠯᠡᠭᠦᠯᠬᠦ ᠶᠢ ᠬᠡᠷᠡᠭᠵᠢᠭᠦᠯᠵᠦ᠂ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ ᠢ ᠵᠣᠷᠢᠭᠵᠢᠭᠤᠯᠤᠨ ᠬᠥᠭᠵᠢᠭᠦᠯᠵᠦ᠂ | ᠰᠥᠨᠢ ᠶᠢᠨ ᠪᠠ ᠠᠮᠠᠷᠠᠯᠲᠠ ᠶᠢᠨ ᠡᠳᠦᠷ ᠤᠨ ᠬᠡᠷᠡᠭᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠸᠠᠩ ᠹᠦ᠋ ᠵᠢᠩ ᠣᠣ ᠯᠠᠶ ᠵᠢᠵᠢᠭ ᠪᠠᠯᠭᠠᠰᠤ ᠪᠠ ᠰᠢᠶᠠᠩ | ᠱᠧᠩ ᠰᠤᠶᠣᠯ ᠵᠢᠭᠤᠯᠴᠢᠯᠠᠯ ᠤᠨ ᠬᠤᠲᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ ᠵᠢᠩ ᠳ᠋ᠦᠩ ᠤᠨ ᠬᠥᠬᠡᠬᠤᠲᠠ ᠶᠢᠨ ᠣᠨᠴᠠᠯᠢᠭᠲᠤ ᠦᠢᠯᠡᠳᠬᠦᠨ ᠤ ᠣᠷᠳᠣᠨ ᠢ | ᠰᠦᠯᠵᠢᠶᠡᠨ ᠳᠤ ᠭᠠᠷᠭᠠᠨ᠎ᠠ᠃ ᠦᠢᠯᠡᠳᠪᠦᠷᠢᠯᠡᠯ᠂ ᠠᠷᠠᠯᠵᠢᠶ᠎ᠠ ᠬᠤᠳᠠᠯᠳᠤᠭ᠎ᠠ ᠵᠢᠴᠢ ᠢᠳᠡᠭᠡᠨ ᠤᠮᠳᠠᠭᠠᠨ ᠤ ᠠᠵᠤ ᠠᠬᠤᠶᠢᠯᠠᠯ ᠢ ᠵᠣᠷᠢᠭᠵᠢᠭᠤᠯᠤᠨ ᠬᠥᠲᠥᠯᠥᠨ | ᠵᠢᠯᠣᠭᠤᠳᠴᠤ᠂ ᠰᠢᠨ᠎ᠡ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠥᠪᠡᠷᠮᠢᠴᠡ᠂ ᠵᠦᠷᠢᠶᠡᠴᠢᠯᠡᠭᠰᠡᠨ᠂ ᠨᠠᠷᠢᠯᠢᠬᠵᠢᠭᠤᠯᠤᠭᠰᠠᠨ | ᠦᠢᠯᠡᠳᠬᠦᠨ ᠪᠠ ᠦᠢᠯᠡᠴᠢᠯᠡᠭᠡ ᠬᠠᠩᠭᠠᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠡᠷᠡᠭᠯᠡᠭᠡᠨ ᠤ ᠪᠡᠶᠡᠴᠢᠯᠡᠨ ᠣᠶᠢᠯᠠᠭᠠᠬᠤ ᠲᠥᠪ᠂ | ᠭᠠᠳᠠᠭᠠᠳᠤ ᠠᠴᠠ ᠣᠷᠣᠭᠤᠯᠬᠤ ᠲᠠᠸᠠᠷ ᠢ ᠰᠢᠭᠤᠳ ᠪᠣᠷᠣᠯᠠᠭᠤᠯᠬᠤ ᠲᠣᠤᠷ ᠴᠡᠭ ᠢ ᠲᠦᠷᠭᠡᠳᠬᠡᠨ ᠪᠠᠶᠢᠭᠤᠯᠤᠨ᠎ᠠ᠃ ᠴᠡᠯᠡᠭᠡᠷ ᠲᠠᠯ᠎ᠠ ᠣᠯᠠᠨ ᠤᠯᠤᠰ ᠤᠨ | ᠬᠤᠷᠠᠯ ᠦᠵᠡᠰᠬᠦᠯᠡᠩ ᠤᠨ ᠲᠥᠪ᠂ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ ᠵᠡᠷᠭᠡ ᠲᠠᠯᠠᠪᠠᠶ ᠣᠷᠳᠣᠨ ᠢ ᠭᠦᠢᠴᠡᠳ ᠠᠰᠢᠭᠯᠠᠨ᠂ | ᠬᠤᠷᠠᠯ ᠦᠵᠡᠰᠬᠦᠯᠡᠩ ᠤᠨ ᠠᠵᠤ ᠠᠬᠤᠶ ᠶᠢ ᠬᠥᠭᠵᠢᠶᠡᠨᠲᠡᠶ ᠪᠣᠯᠭᠠᠨ᠎ᠠ᠃ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠰ ᠢ ᠲᠥᠷᠭᠡᠳᠬᠡᠨ | ᠬᠥᠭᠵᠢᠭᠦᠯᠵᠦ᠂ ᠮᠥᠩᠭᠦᠨ ᠭᠦᠢᠯᠭᠡᠭᠡᠨ ᠤ ᠦᠢᠯᠡᠳᠬᠦᠨ ᠳᠤ ᠰᠢᠨ᠎ᠡ ᠶᠢ ᠡᠭᠦᠳᠴᠦ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠮᠥᠩᠭᠦᠨ | ᠭᠦᠢᠯᠭᠡᠭᠡᠨ ᠤ ᠦᠢᠯᠡᠰ ᠤᠨ ᠰᠢᠯᠢᠳᠡᠭᠵᠢᠨ ᠬᠦᠴᠦᠷᠬᠡᠭᠵᠢᠬᠦ ᠶᠢ ᠠᠬᠢᠭᠤᠯᠤᠨ᠎ᠠ᠃ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠢ ᠲᠦᠷᠭᠡᠳᠬᠡᠨ | ᠬᠥᠭᠵᠢᠭᠦᠯᠵᠦ᠂ ᠴᠧᠩ ᠹᠠ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ᠂ ᠱᠠ ᠯᠢᠶᠠᠩ ᠵᠠᠰᠠᠮᠠᠯ ᠵᠠᠮ ᠲᠡᠮᠦᠷ ᠵᠠᠮ ᠤᠨ ᠪᠠᠷᠠᠭᠠᠨ ᠤ ᠭᠦᠢᠯᠭᠡᠭᠡ ᠶᠢᠨ | ᠬᠦᠷᠢᠶᠡᠯᠡᠩ ᠲᠣᠭᠤᠷᠢᠭ᠂ ᠰᠢᠨ ᠴᠠᠩ ᠲᠡᠮᠦᠷ ᠵᠠᠮ ᠤᠨ ᠲᠤᠬᠢᠷᠠᠭᠤᠯᠤᠨ ᠬᠦᠷᠭᠡᠬᠦ ᠲᠥᠪ ᠵᠡᠷᠭᠡ ᠶᠢ ᠬᠥᠲᠥᠯᠥᠨ ᠵᠢᠯᠣᠭᠤᠳᠴᠤ ᠳᠡᠰ ᠳᠡᠪᠰᠢᠭᠦᠯᠦᠨ | ᠥᠭᠡᠷᠡᠴᠢᠯᠡᠬᠦ ᠶᠢ ᠠᠬᠢᠭᠤᠯᠵᠤ᠂ ᠪᠠᠷᠠᠭᠠᠨ ᠤ ᠭᠦᠢᠯᠭᠡᠭᠡ ᠶᠢ ᠪᠠᠷᠢᠮᠵᠢᠶᠠᠵᠢᠭᠤᠯᠬᠤ᠂ ᠣᠶᠤᠨᠴᠢᠯᠠᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠦᠷᠭᠡᠨ | ᠬᠦᠷᠭᠡᠬᠦ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠬᠡᠷ ᠪᠦᠯᠢ ᠶᠢᠨ ᠰᠤᠪᠢᠯᠠᠯᠲᠠ᠂ ᠭᠡᠷ ᠤᠨ ᠶᠠᠪᠤᠳᠠᠯ᠂ | ᠬᠡᠤᠬᠡᠳ ᠰᠠᠭᠠᠲᠠᠭᠤᠯᠬᠤ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠥᠨᠳᠥᠷ ᠶᠠᠰᠤ ᠴᠢᠨᠠᠷ ᠪᠠ ᠣᠯᠠᠨ ᠶᠠᠩᠵᠤᠴᠢᠯᠠᠯᠳᠠ ᠳᠠᠰᠢ ᠲᠠᠰ | ᠳᠡᠪᠰᠢᠭᠦᠯᠬᠦ ᠶᠢ ᠠᠬᠢᠭᠤᠯᠤᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠪᠦᠬᠦ ᠲᠠᠯ᠎ᠠ ᠪᠠᠷ ᠴᠢᠩᠭᠠᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ | ᠬᠥᠳᠡᠯᠭᠡᠭᠴᠢ ᠬᠦᠴᠦᠨ ᠢ ᠨᠡᠮᠡᠭᠳᠡᠭᠦᠯᠦᠨ᠎ᠡ᠃ ᠬᠤᠲᠠ ᠶᠢᠨ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ᠂ ᠬᠤᠰᠢᠭᠤ ᠰᠢᠶᠠᠨ ᠲᠣᠭᠤᠷᠢᠭ ᠪᠣᠯᠤᠨ | ᠨᠡᠭᠡᠭᠡᠯᠲᠡ ᠶᠢᠨ ᠲᠣᠭᠤᠷᠢᠭ ᠤᠨ ᠭᠤᠤᠯ ᠬᠠᠷᠢᠭᠤᠴᠠᠯᠭ᠎ᠠ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠨᠢᠭᠡᠳᠦᠯᠲᠡᠶ | ᠲᠥᠯᠥᠪᠯᠡᠬᠦ᠂ ᠡᠯ᠎ᠡ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠭᠰᠡᠨ ᠬᠤᠳᠠᠯᠳᠤᠭᠠᠴᠢᠨ ᠤᠷᠢᠬᠤ ᠲᠣᠮᠤ ᠪᠠᠶᠢᠷᠢᠰᠢᠯ ᠢ ᠪᠠᠶᠢᠭᠤᠯᠤᠨ᠎ᠠ᠃ ᠨᠠᠷᠢᠯᠢᠭ | ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠵᠦ᠂ ᠠᠵᠤ ᠠᠬᠤᠶᠢᠯᠠᠯ ᠳᠤ ᠲᠦᠰᠢᠭᠯᠡᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠤ | ᠡᠪᠯᠡᠯ ᠬᠤᠳᠠᠯᠳᠤᠭᠠᠴᠢᠨ ᠤᠷᠢᠬᠤ᠂ ᠲᠤᠰᠬᠠᠶ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ ᠶᠢ ᠵᠣᠷᠢᠭᠵᠢᠭᠤᠯᠵᠤ᠂ ᠲᠤᠰ ᠭᠠᠵᠠᠷ ᠣᠷᠣᠨ ᠤ ᠠᠵᠤ | ᠠᠬᠤᠶᠢᠯᠠᠯ ᠤᠨ ᠳᠠᠬᠢᠨᠲᠠ ᠪᠡᠯᠡ ᠣᠷᠣᠭᠤᠯᠬᠤ ᠶᠢ ᠲᠡᠮᠵᠢᠨ᠎ᠠ᠃ ᠠᠯᠢᠪᠠ ᠣᠷᠣᠭᠤᠯᠵᠤ ᠢᠷᠡᠬᠦ ᠲᠥᠷᠥᠯ ᠵᠦᠢᠯ ᠢ ᠬᠢᠨᠠᠨ ᠲᠣᠭᠲᠠᠭᠠᠬᠤ ᠪᠠ ᠪᠠᠶᠢᠷᠢᠰᠢᠭᠤᠯᠬᠤ ᠶᠢ | ᠴᠢᠩᠭ᠎ᠠ ᠠᠳᠬᠤᠵᠤ᠂ ︽ᠣᠷᠣᠨ ᠠᠯᠤᠰᠯᠠᠭᠰᠠᠨ ᠠᠵᠤ ᠠᠬᠤᠶ︾ ᠶᠢᠨ ᠠᠰᠢᠭ ᠲᠤᠰᠠ ᠶᠢ ᠬᠤᠪᠢᠳᠠᠨ ᠬᠤᠪᠢᠶᠠᠬᠤ ᠲᠥᠷᠥ ᠶᠢᠨ ᠪᠣᠳᠣᠯᠭ᠎ᠠ ᠶᠢ ᠢᠵᠢ | ᠪᠦᠷᠢᠳᠦᠭᠦᠯᠦᠨ ᠲᠣᠭᠲᠠᠭᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠯᠲᠠᠲᠤ ᠬᠢᠨᠠᠨ ᠰᠢᠯᠭᠠᠯᠲᠠ ᠶᠢ ᠴᠢᠩᠭᠠᠳᠬᠠᠵᠤ᠂ ᠵᠢᠯ ᠤᠨ ᠳᠣᠲᠣᠷ᠎ᠠ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠦᠯ ᠵᠦᠢᠯ ᠢ 100 ᠠᠴᠠ ᠳᠤᠲᠠᠭᠤ ᠦᠭᠡᠢ ᠰᠢᠨ᠎ᠡ ᠪᠠᠷ ᠣᠷᠣᠭᠤᠯᠤᠨ ᠠᠪᠴᠢᠷᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ | ᠬᠦᠴᠦᠨ ᠢ ᠬᠥᠭᠵᠢᠭᠡᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ | ᠬᠡᠷᠡᠭᠵᠢᠭᠦᠯᠵᠦ᠂ ᠵᠣᠷᠢᠭ ᠰᠢᠭᠤᠳᠴᠤ ᠪᠠᠶᠢᠭᠠᠳ ᠬᠥᠭᠵᠢᠯᠲᠡ ᠳᠤ ᠬᠦᠴᠦᠨ ᠨᠡᠮᠡᠷᠢᠯᠡᠬᠦ ᠵᠥᠭᠡᠯᠡᠨ᠂ ᠬᠠᠲᠠᠭᠤ ᠣᠷᠴᠢᠨ ᠨᠥᠬᠦᠴᠡᠯ ᠢ ᠰᠠᠶᠢᠲᠤᠷ ᠪᠠᠶᠢᠭᠤᠯᠵᠤ᠂ | ᠬᠥᠬᠡᠬᠤᠲᠠ ᠶᠢᠨ ᠲᠠᠲᠠᠬᠤ ᠬᠦᠴᠦᠨ᠂ ᠲᠥᠪᠯᠡᠷᠡᠭᠦᠯᠬᠦ ᠬᠦᠴᠦᠨ᠂ ᠤᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠬᠦᠴᠦᠷᠬᠡᠭᠵᠢᠭᠦᠯᠦᠨ᠎ᠡ᠃ ︽ᠡᠷᠬᠡ ᠲᠡᠭᠰᠢ | ︾ ᠳᠤ ᠠᠩᠬᠠᠷᠤᠯ ᠢᠶᠠᠨ ᠲᠦᠪᠯᠡᠷᠡᠭᠦᠯᠦᠨ᠂ ︽ᠬᠤᠶᠠᠷ ᠥᠴᠦᠬᠡᠨ ᠴᠦ ᠭᠤᠶᠢᠪᠢᠰᠢ ᠥᠬᠡᠶ︾ ᠶᠢ ᠪᠠᠷᠢᠮᠲᠠᠯᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ | ᠭᠤᠤᠯ ᠴᠣᠭᠴᠠ ᠳᠤ ᠠᠳᠠᠯᠢ ᠲᠡᠭᠰᠢ ᠪᠠᠷ ᠬᠠᠨᠳᠤᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠥᠭᠡᠷᠡᠴᠢᠯᠡᠯᠲᠡ ᠪᠠ ᠵᠠᠰᠠᠭ ᠤᠨ ᠣᠷᠳᠣᠨ ᠤ | ᠬᠤᠳᠠᠯᠳᠤᠨ ᠠᠪᠬᠤ ᠶᠢ ᠢᠯᠡ ᠲᠣᠳᠣ ᠪᠣᠯᠭᠠᠬᠤ ᠶᠢ ᠠᠬᠢᠭᠤᠯᠤᠨ᠎ᠠ᠃ ︽ᠥᠨᠳᠥᠷ ᠪᠦᠲᠦᠮᠵᠢᠲᠡᠢ︾ ᠳᠤ ᠠᠩᠬᠠᠷᠤᠯ ᠢᠶᠠᠨ ᠲᠦᠪᠯᠡᠷᠡᠭᠦᠯᠵᠦ᠂ ᠪᠤᠢ ᠪᠦᠬᠦᠢ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠭᠤᠭᠴᠤᠭ᠎ᠠ ᠶᠢ ᠴᠥᠭᠡᠳᠬᠡᠬᠦ᠂ ᠴᠠᠭ ᠤᠨ ᠬᠢᠵᠠᠭᠠᠷ ᠢ ᠪᠠᠭᠠᠰᠬᠠᠬᠤ᠂ ᠮᠠᠲ᠋ᠧᠷᠢᠶᠠᠯ ᠢ | ᠴᠥᠭᠡᠳᠬᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠳᠤᠮᠳᠠᠴᠢ ᠨᠡᠭᠡᠭᠡᠨ ᠡᠷᠬᠢᠯᠡᠬᠦ ᠴᠠᠭ ᠢ ᠨᠢᠳᠤᠨᠤᠨ ᠤ 6.8 ᠠᠵᠢᠯ ᠤᠨ ᠡᠳᠦᠷ ᠪᠠᠶᠢᠭᠰᠠᠨ ᠠᠴᠠ 1.5 | ᠠᠵᠢᠯ ᠤᠨ ᠡᠳᠦᠷ ᠪᠣᠯᠭᠠᠵᠤ᠂ ᠪᠠᠷᠢᠯᠭ᠎ᠠ ᠪᠠᠷᠢᠬᠤ ᠵᠥᠪᠰᠢᠶᠡᠷᠡᠯ ᠢ 224 ᠠᠵᠢᠯ ᠤᠨ ᠡᠳᠦᠷ ᠪᠠᠶᠢᠭᠰᠠᠨ ᠠᠴᠠ 90 ᠠᠵᠢᠯ ᠤᠨ ᠡᠳᠦᠷ ᠪᠣᠯᠭᠠᠵᠤ᠂ ᠴᠠᠬᠢᠯᠭᠠᠨ | ᠬᠡᠷᠡᠭᠯᠡᠬᠦ᠂ ᠤᠰᠤ ᠬᠡᠷᠡᠭᠯᠡᠬᠦ᠂ ᠬᠡᠢ ᠬᠡᠷᠡᠭᠯᠡᠵᠦ ᠤᠭᠰᠠᠷᠠᠬᠤ ᠵᠢᠴᠢ ᠲᠤᠭᠲᠠᠮᠠᠯ ᠬᠥᠷᠥᠩᠭᠡ ᠶᠢᠨ ᠳᠠᠩᠰᠠᠯᠠᠯᠲᠠ ᠶᠢ ᠭᠦᠢᠴᠡᠳᠬᠡᠬᠦ ᠴᠠᠭ ᠢ ᠶᠡᠬᠡᠪᠡᠷ ᠪᠠᠭᠠᠰᠬᠠᠨ᠎ᠠ᠃ | ︽ᠲᠥᠬᠦᠮ ᠦᠵᠡᠭᠦᠯᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠰᠦᠯᠵᠢᠶᠡᠨ ᠳᠡᠭᠡᠷ᠎ᠡ | ᠭᠦᠢᠴᠡᠳᠬᠡᠬᠦ ᠨᠣᠷᠮ᠎ᠠ ᠶᠢ ᠬᠤᠲᠠ ᠶᠢᠨ ᠲᠣᠰ ᠱᠠᠲᠤ 90% ᠠᠴᠠ ᠳᠣᠤᠷ᠎ᠠ ᠥᠬᠡᠶ᠂ ᠬᠤᠰᠢᠭᠤ ᠰᠢᠶᠠᠨ ᠲᠣᠭᠤᠷᠢᠭ 80% ᠠᠴᠠ ᠳᠣᠤᠷ᠎ᠠ ᠥᠬᠡᠶ | ᠪᠣᠯᠭᠠᠵᠤ᠂ ᠭᠤᠣᠯ ᠭᠠᠶᠢᠯᠢ ᠳᠤ ᠬᠤᠯᠪᠣᠭᠳᠠᠬᠤ ᠦᠢᠯᠡᠴᠢᠯᠡᠭᠡᠨ ᠤ ᠵᠦᠢᠯᠡᠰ ᠤᠨ ᠰᠦᠯᠵᠢᠶᠡᠨ ᠳᠡᠭᠡᠷ᠎ᠡ ᠭᠦᠢᠴᠡᠳᠬᠡᠬᠦ ᠨᠣᠷᠮ᠎ᠠ ᠶᠢ 90% ᠬᠦᠷᠭᠡᠨ᠎ᠡ᠃ ︽ | ᠨᠥᠬᠦᠷᠰᠡᠭ ᠳᠣᠲᠤᠨᠤ ᠠᠷᠢᠭᠤᠨ ᠴᠢᠭᠡᠴᠢ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤᠷᠢᠳᠬᠤ ᠺᠠᠳ᠋ᠷ ᠠᠵᠤ ᠠᠬᠤᠶᠢᠯᠠᠯ ᠢ ᠳᠠᠭᠠᠭᠠᠴᠢᠯᠠᠨ ᠬᠤᠯᠪᠣᠭᠠᠯᠠᠬᠤ | ᠲᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠣᠳᠤᠯᠭ᠎ᠠ ᠲᠣᠭᠲᠠᠭᠠᠬᠤ ᠳᠤ ᠴᠥᠮ ᠠᠵᠤ ᠠᠬᠤᠶᠢᠯᠠᠯ ᠪᠠ ᠠᠵᠢᠯ | ᠲᠦᠷᠦᠯ ᠤᠨ ᠨᠡᠶᠢᠭᠡᠮᠯᠢᠭ ᠤᠨ ᠰᠠᠨᠠᠯ ᠢ ᠬᠤᠷᠢᠶᠠᠬᠤ ᠬᠡᠷᠡᠭᠲᠡᠢ᠃ ︽ᠦᠨᠡᠨᠴᠢ ᠢᠲᠡᠭᠡᠮᠵᠢ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠳᠤ | ᠬᠤᠯᠪᠣᠭᠳᠠᠬᠤ ᠲᠦᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠬᠤ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠮᠠᠯᠠᠯᠲᠠ ᠪᠠᠨ ᠪᠦᠬᠦ ᠲᠠᠯ᠎ᠠ ᠪᠠᠷ | ᠪᠡᠶᠡᠯᠡᠭᠦᠯᠦᠨ᠎ᠡ᠃ ︽ᠬᠠᠨᠤᠮᠵᠢᠲᠠᠶ ᠪᠠᠶᠢᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠠᠶᠢᠨ ᠮᠠᠭᠤ ᠶᠢ ᠦᠨᠡᠯᠡᠬᠦ︾ ᠳᠦᠷᠢᠮ ᠢ ᠬᠡᠷᠡᠭᠵᠢᠭᠦᠯᠵᠦ᠂ ᠠᠵᠤ | ᠠᠬᠤᠶᠢᠯᠠᠯ ᠪᠣᠯᠤᠨ ᠣᠯᠠᠨ ᠲᠦᠮᠡᠨ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠮᠵᠢᠯᠲᠠ ᠪᠦᠲᠦᠮᠵᠢ ᠶᠢ ᠦᠨᠡᠨᠬᠦ ᠦᠨᠡᠯᠡᠨ ᠮᠠᠭᠠᠳᠯᠠᠨ᠎ᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨ᠎ᠡ ᠶᠢ ᠡᠭᠦᠳᠬᠦ ᠨᠢᠭᠡᠳᠦᠭᠡᠷ | ᠬᠥᠳᠡᠯᠭᠡᠭᠴᠢ ᠬᠦᠴᠦᠨ ᠢ ᠴᠢᠩᠭᠠᠳᠬᠠᠨ᠎ᠠ᠃ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠵᠢᠯᠴᠠᠨ ᠰᠢᠨ᠎ᠡ ᠶᠢ ᠡᠭᠦᠳᠬᠦ ᠶᠢ ᠲᠦᠯᠬᠢᠨ | ᠠᠬᠢᠭᠤᠯᠵᠤ᠂ ᠵᠢᠤ ᠲᠠᠢ ᠪᠦᠯᠦᠭᠯᠡᠯ ᠬᠢᠭᠡᠳ ᠴᠢᠩᠬᠤᠸᠠ ᠶᠡᠭᠡ ᠰᠤᠷᠭᠠᠭᠤᠯᠢ᠂ ᠶᠢᠨ ᠢᠦᠶ ᠪᠦᠯᠦᠭᠯᠡᠯ ᠬᠢᠭᠡᠳ ᠳᠤᠮᠳᠠᠳᠤ ᠣᠷᠣᠨ ᠤ ᠲᠠᠷᠢᠶᠠᠯᠠᠩ ᠤᠨ ᠶᠡᠭᠡ | ᠰᠤᠷᠭᠠᠭᠤᠯᠢ᠂ ᠡᠮᠦᠨᠡᠲᠦ ᠣᠷᠣᠨ ᠤ ᠲᠠᠷᠢᠶᠠᠯᠠᠩ ᠤᠨ ᠶᠡᠭᠡ ᠰᠤᠷᠭᠠᠭᠤᠯᠢ ᠯᠤᠭ᠎ᠠ ᠮᠡᠷᠭᠡᠵᠢᠯ ᠤᠨ ᠰᠢᠪᠲᠤᠯᠤᠯᠲᠠ ᠵᠢᠴᠢ ᠦᠢᠯᠡᠳᠪᠦᠷᠢᠯᠡᠯ ᠵᠢᠭᠠᠨ ᠰᠤᠷᠭᠠᠯᠲᠠ | ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠨ᠎ᠠ᠃ ᠪᠡᠭᠡᠵᠢᠩ ᠲᠢᠶᠠᠨᠵᠢᠨ ᠾᠧᠪᠧᠶ ᠵᠡᠷᠭᠡ ᠲᠡᠷᠢᠭᠦᠨ ᠤ ᠭᠠᠵᠠᠷ ᠣᠷᠣᠨ ᠳᠤ ᠬᠠᠨᠳᠤᠭᠤᠯᠤᠨ᠂ | ᠥᠮᠴᠢᠯᠡᠯ ᠢ ᠬᠥᠭᠡᠭᠡᠴᠡᠯᠳᠦᠬᠦ ᠦᠭᠡᠢ᠂ ᠬᠠᠷᠢᠶ᠎ᠠ ᠶᠢ ᠬᠥᠭᠡᠭᠡᠴᠡᠯᠳᠦᠬᠦ ᠦᠭᠡᠢ᠂ ᠵᠦᠪᠬᠡᠨ ᠬᠡᠷᠡᠭᠴᠡᠭᠡ ᠶᠢ ᠬᠥᠭᠡᠭᠡᠴᠡᠯᠳᠦᠬᠦ ᠶᠢ ᠪᠠᠷᠢᠮᠲᠠᠯᠠᠵᠤ᠂ ᠰᠢᠨ᠎ᠡ ᠶᠢ | ᠡᠭᠦᠳᠬᠦ ᠡᠬᠢ ᠪᠠᠶᠠᠯᠢᠭ᠂ ᠰᠢᠨ᠎ᠡ ᠶᠢ ᠡᠭᠦᠳᠬᠦ ᠠᠴᠢᠶᠠᠯᠠᠪᠤᠷᠢ ᠪᠠ ᠰᠢᠨ᠎ᠡ ᠶᠢ ᠡᠭᠦᠳᠬᠦ ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠨ᠎ᠠ᠃ | ᠬᠦᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠨᠡᠪᠴᠢᠭᠦᠯᠦᠭᠦᠷ ᠤᠨ ᠦᠢᠯᠡᠳᠦᠯ ᠢ ᠪᠠᠳᠠᠷᠠᠭᠤᠯᠵᠤ᠂ ᠥᠪᠡᠷ ᠤᠨ ᠥᠷᠲᠡᠭ ᠢᠶᠠᠷ ᠳᠣᠤᠷ᠎ᠠ᠂ ᠳᠥᠭᠦᠮ ᠳᠥᠲᠡ᠂ ᠪᠦᠬᠦ ᠡᠯᠧᠮᠧᠨ᠋ᠲ ᠤᠨ᠂ ᠨᠡᠭᠡᠭᠡᠯᠲᠡᠲᠦ | ᠮᠠᠶ᠋ᠢᠭ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠪᠦᠷᠢᠯᠳᠦᠭᠦᠯᠦᠨ᠎ᠡ᠃ ᠬᠥᠬᠡᠬᠤᠲᠠ ᠶᠢᠨ ᠶᠢᠨ ᠱᠠᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠤᠭᠤᠷᠢᠭ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠨᠢᠭᠡ ᠪᠦᠯᠦᠭ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠪᠠ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠬᠥᠬᠡᠬᠤᠲᠠ ᠪᠤᠭᠤᠲᠤ | ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠢ ᠲᠥᠷᠭᠡᠳᠬᠡᠨ ᠪᠠᠶᠢᠭᠤᠯᠤᠨ᠎ᠠ᠃ | ︵ᠬᠤᠶᠠᠷ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠶᠠᠰᠤ ᠴᠢᠨᠠᠷ ᠢ ᠳᠡᠭᠡᠭᠰᠢᠯᠡᠭᠦᠯᠦᠨ᠎ᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠨᠢᠭᠡ ᠯᠡ ᠬᠦᠴᠦ ᠪᠠᠷ ᠣᠯᠤᠨ᠎ᠠ᠃ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠨᠢᠭᠡ ᠶᠢ ᠴᠦ ᠬᠤᠴᠤᠷᠤᠭᠤᠯᠬᠤ ᠦᠭᠡᠢ︔ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ ᠳᠤ ᠨᠡᠩ ᠴᠤ ᠤᠳᠠᠭᠠᠨ ᠳᠠᠭᠠᠭᠠᠮᠠᠭᠠᠢ ᠴᠢᠨᠠᠷ ᠰᠠᠶᠢᠲᠠᠢ ᠶᠠᠳᠠᠭᠤ ᠠᠴᠠ ᠠᠩᠭᠢᠵᠢᠷᠠᠭᠤᠯᠬᠤ ᠶᠢ | ᠬᠦᠭᠡᠭᠡᠴᠡᠯᠳᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠫᠠᠶᠢᠰᠠ ᠡᠯᠭᠦᠨ ᠰᠢᠮᠳᠠᠭᠤᠯᠬᠤ ᠳᠠᠶᠢᠯᠠᠯᠳᠤᠭᠠᠨ ᠢ ᠥᠷᠨᠢᠭᠦᠯᠵᠦ᠂ ᠲᠥᠪ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠭᠢᠵᠦ ᠬᠠᠷᠠᠬᠤ︾ ᠵᠢᠴᠢ ᠤᠯᠤᠰ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠨᠡ ᠬᠦ ᠵᠠᠩᠭᠢᠯᠠᠭ᠎ᠠ ᠶᠢ ᠴᠢᠩᠭ᠎ᠠ | ᠠᠳᠬᠤᠵᠤ᠂ ᠠᠵᠤ ᠦᠢᠯᠡᠰ ᠤᠨ ᠲᠥᠷᠦᠯ ᠵᠦᠢᠯ ᠢ ᠣᠨᠣᠪᠴᠢᠲᠠᠶ ᠰᠠᠶᠢᠲᠤᠷ ᠰᠣᠩᠭᠤᠵᠤ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ | ᠬᠦᠴᠦᠨ ᠢ ᠲᠥᠪᠯᠡᠷᠡᠭᠦᠯᠦᠨ ᠦᠷᠭᠦᠯᠵᠢᠯᠡᠨ ᠬᠦᠴᠦᠯᠡᠵᠦ᠂ ᠲᠠᠷᠢᠶᠠᠴᠢᠳ ᠤᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠪᠠ ᠣᠷᠣᠯᠭ᠎ᠠ ᠪᠠᠨ | ᠲᠣᠭᠲᠠᠭᠤᠨ ᠢᠶᠠᠷ ᠨᠡᠮᠡᠭᠳᠡᠭᠦᠯᠬᠦ ᠳᠤ ᠰᠢᠨ᠎ᠡ ᠵᠠᠮ ᠭᠠᠷᠭᠠᠵᠤ᠂ ᠪᠣᠳᠠᠲᠤ ᠦᠷ᠎ᠡ ᠪᠦᠲᠦᠮᠵᠢ ᠣᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠶᠡᠷᠦᠩᠬᠡᠶᠢᠯᠡᠨ ᠲᠤᠬᠢᠷᠠᠭᠤᠯᠤᠨ ᠵᠢᠯᠣᠭᠤᠳᠬᠤ ᠲᠠᠪᠴᠠᠩ ᠢ ᠪᠠᠶᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ᠵᠢᠴᠢ ᠶᠠᠳᠠᠭᠤ ᠬᠦᠴᠢᠷᠳᠡᠯᠲᠡᠢ ᠬᠥᠮᠦᠨ ᠠᠮᠠ᠂ ᠠᠮᠠᠷᠬᠠᠨ ᠶᠠᠳᠠᠭᠤᠷᠠᠬᠤ ᠬᠥᠮᠦᠨ ᠠᠮᠠ ᠵᠡᠷᠭᠡ ᠶᠢᠨ | ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠴᠠᠭ ᠲᠤᠬᠠᠢ ᠳᠤᠨᠢ ᠣᠨᠣᠪᠴᠢᠲᠠᠢ ᠡᠵᠡᠮᠳᠡᠨ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ | ᠳᠤᠮᠳᠠ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠥᠳᠡᠯᠮᠦᠷᠢ ᠬᠦᠴᠦᠨ ᠢ ᠡᠩ ᠲᠡᠷᠢᠭᠦᠨ ᠳᠤ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ | ᠪᠦᠲᠦᠮᠵᠢ ᠶᠢᠨ ᠲᠣᠭᠲᠠᠭᠤᠨ᠂ ᠳᠠᠬᠢᠬᠤ ᠦᠭᠡᠢ᠂ ᠦᠷᠬᠦᠯᠵᠢᠯᠡᠬᠦᠶᠢᠴᠡ ᠪᠠᠶᠢᠬᠤ ᠶᠢ ᠪᠠᠲᠤᠯᠠᠵᠤ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠲᠥᠪ ᠤᠨ ᠨᠢᠭᠡᠴᠡ ᠶᠢᠨ | ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠶᠢᠳᠠᠯ ᠢ ᠣᠶᠢᠯᠠᠭᠠᠵᠤ | ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠤᠭ᠎ᠠ ᠪᠠᠷᠢᠮᠲᠠ ᠶᠢᠨ ᠰᠠᠭᠤᠷᠢ ᠶᠢ | ᠪᠠᠬᠢᠵᠢᠭᠦᠯᠵᠦ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃ | | ᠴᠢᠩᠭ᠎ᠠ ᠬᠦᠴᠦᠳᠡᠢ ᠠᠷᠭ᠎ᠠ ᠬᠡᠮᠵᠢᠶ᠎ᠡ ᠠᠪᠴᠤ ᠪᠤᠬᠢᠷᠳᠤᠯ ᠢ ᠰᠡᠷᠭᠡᠶᠢᠯᠡᠨ ᠵᠠᠰᠠᠬᠤ ᠶᠢ ᠠᠬᠢᠭᠤᠯᠤᠨ᠎ᠠ᠃ ᠣᠷᠴᠢᠨ ᠲᠣᠭᠤᠷᠢᠨ ᠪᠣᠯ ᠳᠠᠷᠤᠢ ᠠᠷᠠᠳ ᠤᠨ | ᠠᠮᠢᠳᠤᠷᠠᠯ᠂ ᠬᠥᠬᠡᠮᠳᠦᠭ ᠠᠭᠤᠯᠠ ᠪᠣᠯ ᠳᠠᠷᠤᠢ ᠦᠵᠡᠰᠭᠦᠯᠡᠩ ᠰᠠᠶᠢᠬᠠᠨ᠂ ᠬᠦᠬᠡ ᠣᠭᠲᠠᠷᠭᠤᠢ ᠴᠤ ᠵᠣᠯ ᠵᠢᠷᠭᠠᠯ ᠪᠣᠯᠤᠨ᠎ᠠ᠃ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠠᠷᠳᠠᠴᠠ ᠪᠣᠯᠭᠠᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠵᠢᠯᠯᠠᠭᠠᠨ ᠤ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠤᠨᠤᠪᠴᠢᠳᠠᠢ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠠᠬᠢᠭᠤᠯᠵᠤ᠂ | ᠬᠦᠬᠡᠮᠳᠦᠭ ᠨᠤᠭᠤᠭᠠᠨ ᠠᠭᠤᠯᠠ ᠤᠰᠤ᠂ ᠬᠦᠬᠡ ᠣᠭᠲᠠᠷᠭᠤᠢ ᠴᠡᠪᠡᠷ ᠬᠦᠷᠦᠰᠦ ᠶᠢ ᠬᠦᠬᠡᠬᠤᠲᠠ ᠶᠢᠨ ᠬᠠᠮᠤᠭ ᠤᠨ ᠦᠵᠡᠰᠬᠦᠯᠡᠩᠲᠦ ᠰᠠᠶᠢᠬᠠᠨ ᠱᠣᠰᠢᠭ᠎ᠠ | ᠲᠡᠮᠳᠡᠭ ᠪᠣᠯᠭᠠᠨ᠎ᠠ᠃ ᠬᠥᠬᠡ ᠣᠭᠲᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠢ ᠰᠠᠶᠢᠲᠤᠷ ᠬᠢᠨ᠎ᠡ᠃ ᠬᠥᠬᠡᠬᠤᠲᠠ ᠶᠢᠨ ᠢᠯᠴᠢ ᠴᠠᠬᠢᠯᠭᠠᠨ ᠤ | ᠦᠢᠯᠡᠳᠪᠦᠷᠢ ᠶᠢᠨ ᠢᠯᠴᠢ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠶᠢᠨ ᠱᠠᠨ ᠢᠯᠴᠢ ᠴᠠᠬᠢᠯᠭᠠᠨ ᠤ ᠦᠢᠯᠡᠳᠪᠦᠷᠢ ᠶᠢ ᠥᠷᠭᠡᠳᠬᠡᠨ ᠪᠠᠶᠢᠭᠤᠯᠵᠤ᠂ | ᠵᠢᠰᠢᠶ᠎ᠠ ᠠᠶᠢᠯ ᠤᠨ ᠴᠠᠭᠢᠯᠭᠠᠨ ᠤ ᠦᠢᠯᠡᠳᠪᠦᠷᠢ ᠶᠢᠨ ᠢᠯᠴᠢ ᠶᠢ ᠬᠥᠬᠡᠬᠤᠲᠠ ᠳᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠠᠭᠤᠴᠢᠨ ᠠᠶᠢᠯ ᠤᠨ | ᠭᠡᠷᠡᠭᠯᠡᠭᠡᠨ ᠤ ᠤᠷᠬᠢᠯ ᠢ ᠲᠤᠬᠢᠷᠠᠭᠤᠯᠬᠤ ᠢᠯᠴᠢ ᠶᠢᠨ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ᠂ ᠢᠯᠴᠢ ᠬᠠᠩᠭᠠᠬᠤ ᠬᠤᠭᠤᠯᠠᠶ ᠶᠢᠨ ᠲᠤᠤᠷ ᠤᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ᠲᠥᠪᠯᠡᠷᠡᠭᠦᠯᠦᠨ ᠢᠯᠴᠢ ᠬᠠᠩᠭᠠᠬᠤ ᠲᠠᠯᠠᠪᠠᠢ ᠶᠢ ᠶᠡᠬᠡᠪᠡᠷ ᠨᠡᠮᠡᠭᠳᠡᠭᠦᠯᠦᠨ᠎ᠡ᠃ 214 ᠠᠶᠢᠯ | ᠲᠣᠰᠬᠤᠨ ︵ᠨᠡᠶᠢᠭᠡᠮ ᠲᠣᠭᠤᠷᠢᠭ︶᠂ 12.96 ᠲᠦᠮᠡᠨ ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠨ ᠴᠡᠭᠴᠡᠯᠡᠬᠦ ᠶᠢ ᠡᠬᠢᠯᠡᠭᠦᠯᠦᠨ | ᠬᠡᠷᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠥᠪᠯᠡᠷᠡᠭᠦᠯᠦᠨ ᠢᠯᠴᠢ ᠬᠠᠩᠭᠠᠬᠤ᠂ ᠨᠡᠭᠦᠷᠡᠰᠦ ᠶᠢ ᠴᠠᠬᠢᠯᠭᠠᠨ ᠢᠶᠠᠷ | ᠥᠭᠡᠷᠡᠴᠢᠯᠡᠬᠦ᠂ ᠨᠤᠷᠠᠭᠠᠵᠤ ᠨᠡᠭᠦᠯᠭᠡᠬᠦ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠲᠦᠯᠡᠰᠢᠨ ᠨᠡᠭᠦᠷᠡᠰᠦ ᠶᠢ ᠰᠤᠯᠠ ᠰᠢᠳᠠᠭᠠᠬᠤ ᠠᠰᠠᠭᠤᠳᠠᠯ ᠢ | ᠰᠢᠢᠳᠪᠦᠷᠢᠯᠡᠨ᠎ᠡ᠃ ᠬᠤᠲᠠ ᠶᠢᠨ ᠲᠣᠭᠤᠷᠢᠭ ᠤᠨ 35 ᠠᠭᠤᠷ ᠲᠣᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ︽ᠠᠷᠢᠯᠭᠠᠬᠤ︾ | ᠡᠭᠦᠷᠭᠡ ᠶᠢ ᠪᠡᠶᠡᠯᠡᠭᠦᠯᠦᠨ᠎ᠡ᠃ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ᠂ ᠪᠠᠷᠢᠯᠭ᠎ᠠ ᠶᠢᠨ ᠭᠠᠵᠠᠷ ᠤᠨ ︽ᠵᠢᠷᠭᠤᠭᠠᠨ ᠵᠠᠭᠤᠨ ᠤ ᠵᠠᠭᠤ︾ ᠶᠢᠨ | ᠬᠠᠮᠢᠶᠠᠷᠤᠯᠲᠠ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠲᠠ ᠶᠢᠨ ᠠᠭᠠᠷ ᠤᠨ | ᠴᠡᠪᠡᠷᠴᠡ ᠣᠨᠴᠠ ᠴᠡᠪᠡᠷ ᠪᠠ ᠴᠡᠪᠡᠷ ᠡᠳᠦᠷ ᠤᠨ ᠲᠤᠭ᠎ᠠ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠰᠢᠯᠭᠠᠨ ᠬᠢᠨᠠᠬᠤ ᠱᠠᠭᠠᠷᠳᠠᠯᠭ᠎ᠠ ᠳᠤ ᠬᠦᠷᠭᠡᠬᠦ ᠶᠢ | ᠪᠠᠲᠤᠯᠠᠵᠤ᠂ ᠣᠯᠠᠨ ᠲᠦᠮᠡᠨ ᠤ ︽ᠠᠭᠤᠰᠬᠢ ᠵᠢᠷᠦᠭᠡᠨ ᠤ ᠵᠤᠪᠠᠯᠠᠩ︾ ᠢ ᠪᠦᠲᠦᠮᠵᠢᠲᠡᠶ ᠰᠢᠢᠳᠪᠦᠷᠢᠯᠡᠨ᠎ᠡ᠃ ᠨᠣᠮᠢᠨ ᠤᠰᠤ ᠶᠢ ᠬᠠᠮᠠᠭᠠᠯᠠᠬᠤ | ᠲᠠᠶᠢᠯᠠᠯᠳᠤᠭᠠᠨ ᠢ ᠰᠠᠶᠢᠲᠤᠷ ᠬᠢᠨ᠎ᠡ᠃ ᠪᠦᠬᠦ ᠤᠯᠤᠰ ᠤᠨ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠳᠠᠭᠠᠶ ᠭᠤᠣᠯ ᠤᠨ ᠢᠦᠶ ᠴᠢᠤᠸᠠᠨ ᠲᠣᠭᠤᠷᠢᠭ ᠤᠨ ᠬᠡᠰᠡᠭ᠂ ᠪᠠᠭ᠎ᠠ ᠲᠦᠷᠭᠡᠨ ᠭᠤᠣᠯ ᠤᠨ ᠪᠠᠶᠠᠨᠨᠠᠭᠤᠷ ᠡᠮᠦᠨ᠎ᠡ | ᠵᠠᠮ ᠠᠴᠠ ᠶᠦᠨ ᠵᠦᠩ ᠵᠠᠮ ᠬᠦᠷᠬᠦ ᠬᠡᠰᠡᠭ ᠤᠨ ᠭᠤᠣᠯ ᠤᠨ ᠵᠠᠮ ᠢ ᠯᠠᠶᠢᠳᠠᠬᠤ᠂ ᠬᠠᠰᠢᠯᠭ᠎ᠠ ᠳᠠᠯᠠᠩ ᠵᠠᠰᠠᠬᠤ᠂ ᠠᠮᠢ ᠠᠬᠤᠢ ᠶᠢᠨ ᠬᠠᠮᠠᠭᠠᠯᠠᠯᠲᠠ ᠶᠢᠨ | ᠬᠥᠲᠥᠯ ᠪᠠ ᠤᠰᠤᠨ ᠤ ᠠᠮᠢᠳᠤ ᠪᠣᠳᠠᠰ ᠤᠨ ᠲᠠᠷᠢᠮᠠᠯ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ ᠪᠠᠨᠳᠢ ᠠᠶᠢᠯ ᠪᠣᠬᠢᠷ ᠤᠰᠤ ᠶᠢ ᠰᠢᠢᠳᠪᠦᠷᠢᠯᠡᠬᠦ | ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ ᠢ ᠦᠷᠭᠡᠳᠭᠡᠨ ᠪᠠᠶᠢᠭᠤᠯᠵᠤ᠂ ᠶᠢᠨ ᠱᠠᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ | ᠳᠡᠭᠡᠭᠰᠢᠯᠡᠭᠦᠯᠦᠨ ᠥᠭᠡᠷᠡᠴᠢᠯᠡᠨ ᠰᠠᠶᠢᠵᠢᠷᠠᠭᠤᠯᠵᠤ᠂ ᠬᠤᠲᠠ ᠶᠢᠨ ᠲᠣᠭᠤᠷᠢᠭ ᠤᠨ ᠳᠥᠷᠪᠡᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠭᠤᠯᠠᠶ ᠶᠢᠨ | ᠲᠣᠤᠷ ᠢ ᠬᠤᠯᠪᠣᠯᠳᠤᠭᠤᠯᠤᠨ ᠨᠡᠪᠲᠡᠷᠡᠯᠴᠡᠭᠦᠯᠬᠦ ᠢᠨᠵᠧᠨᠧᠷᠢᠩ ᠢ ᠪᠡᠶᠡᠯᠡᠭᠦᠯᠦᠨ᠎ᠡ᠃ ᠨᠢᠭᠡᠳᠦᠭᠡᠷ ᠳᠡᠰ ᠤᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ | ᠣᠷᠣᠨ ᠤ ᠳᠣᠲᠣᠷᠠᠬᠢ ᠪᠠᠷᠢᠯᠭ᠎ᠠ ᠪᠣᠯᠤᠨ ᠬᠤᠶᠠᠳᠤᠭᠠᠷ ᠳᠡᠰ ᠤᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠵᠤ ᠠᠬᠤᠶᠢᠯᠠᠯ ᠢ | ᠢᠯᠭᠠᠷᠠᠭᠤᠯᠤᠨ ᠴᠡᠭᠴᠡᠯᠡᠨ᠎ᠡ᠃ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠥᠪᠡᠷᠲᠡᠭᠡᠨ ᠪᠡᠯᠡᠳᠬᠡᠭᠰᠡᠨ ᠬᠤᠳᠳᠤᠭ ᠢ 54 ᠶᠢ | ᠪᠢᠳᠡᠭᠦᠮᠵᠢᠯᠡᠨ᠎ᠡ᠃ ᠴᠡᠪᠡᠷ ᠬᠥᠷᠥᠰᠥ ᠶᠢ ᠬᠠᠮᠠᠭᠠᠯᠠᠬᠤ ᠲᠠᠶᠢᠯᠠᠯᠳᠤᠭᠠᠨ ᠢ ᠰᠠᠶᠢᠲᠤᠷ ᠬᠢᠨ᠎ᠡ᠃ ᠠᠶᠤᠯᠲᠠᠶ ᠬᠠᠶᠠᠭᠳᠠᠮᠠᠯ ᠪᠣᠳᠠᠰ ᠪᠣᠯᠤᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢ ᠵᠢᠷᠤᠮᠵᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠰᠢᠩᠭᠡᠭᠡᠬᠦ ᠭᠠᠵᠠᠷ᠂ ᠬᠤᠭᠤᠯᠠᠨ ᠭᠡᠷ ᠲᠣᠭᠤᠭᠠᠨ ᠭᠡᠷ ᠤᠨ | ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯᠠᠪᠠᠶ ᠶᠢᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠦᠨ᠎ᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ | ᠴᠢᠩᠭᠠᠳᠬᠠᠵᠤ᠂ ᠬᠦᠨᠳᠦ ᠲᠡᠮᠦᠷᠯᠢᠭ ᠲᠤ ᠬᠤᠯᠪᠣᠭᠳᠠᠬᠤ ᠠᠵᠢᠯ ᠲᠥᠷᠥᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ ᠠᠵᠢᠯᠯᠠᠭ᠎ᠠ︾ ᠶᠢ ᠪᠦᠬᠦ ᠲᠠᠯ᠎ᠠ ᠪᠠᠷ ᠥᠷᠨᠢᠭᠦᠯᠵᠦ᠂ ᠲᠠᠷᠢᠶᠠᠯᠠᠩ ᠤᠨ ᠰᠦᠯᠢᠶᠣᠣ | ᠪᠦᠷᠬᠦᠪᠴᠢ ᠶᠢ ᠬᠤᠷᠢᠶᠠᠵᠤ ᠠᠪᠬᠤ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠵᠦ᠂ ᠭᠤᠤᠯ ᠪᠣᠯᠬᠤ ᠲᠠᠷᠢᠮᠠᠯ ᠤᠨ ᠬᠢᠮᠢ ᠶᠢᠨ ᠪᠣᠷᠳᠣᠭᠤᠷ ᠪᠣᠯᠤᠨ | ᠲᠠᠷᠢᠶᠠᠨ ᠡᠮ ᠬᠡᠷᠡᠭᠯᠡᠬᠦ ᠬᠡᠮᠵᠢᠶ᠎ᠡ ᠶᠢᠨ ᠰᠥᠭᠡᠷᠭᠦ ᠨᠡᠮᠡᠭᠳᠡᠯ ᠢ ᠪᠡᠶᠡᠯᠡᠭᠦᠯᠦᠨ᠎ᠡ᠃ | ᠦᠨᠡᠨ ᠪᠤᠳᠠᠳᠠᠢ ᠠᠷᠭ᠎ᠠ ᠬᠡᠮᠵᠢᠶ᠎ᠡ ᠠᠪᠴᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠨᠢᠮᠭᠡᠨ ᠮᠥᠰᠥᠨ ᠳᠡᠭᠡᠷ᠎ᠡ ᠬᠢᠰᠬᠢᠬᠦ | ᠪᠣᠯᠭᠤᠮᠵᠢ᠂ ᠨᠠᠪᠴᠢ ᠶᠢ ᠦᠵᠡᠵᠦ ᠨᠠᠮᠤᠷ ᠢ ᠮᠡᠳᠡᠬᠦ ᠬᠤᠷᠴᠠ ᠰᠡᠷᠭᠡᠭ ᠢᠶᠠᠷ᠂ ᠡᠯ᠎ᠡ ᠬᠦᠷᠢᠶᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠴᠠᠭ ᠢᠮᠠᠭᠳᠠ | ᠳᠡᠭᠡᠳᠦ ᠬᠡᠮᠵᠢᠶ᠎ᠡ ᠪᠠᠷ ᠰᠡᠷᠡᠮᠵᠢᠯᠡᠨ ᠰᠡᠷᠭᠡᠶᠢᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠥᠯᠥᠬᠦ ᠶᠣᠰᠣᠲᠠᠢ | ᠥᠷᠢ ᠥᠭᠴᠡᠭᠡ ᠶᠢ ᠠᠷᠭ᠎ᠠ ᠪᠦᠬᠦᠨ ᠢ ᠰᠦᠪᠡᠭᠴᠢᠯᠡᠨ ᠲᠥᠯᠥᠬᠦ ᠪᠠᠨ ᠲᠦᠷᠭᠡᠳᠬᠡᠵᠦ᠂ ᠥᠷᠢᠲᠦᠬᠦ ᠶᠣᠰᠣ ᠦᠭᠡᠢ ᠥᠷᠢ ᠥᠭᠴᠡᠭᠡ ᠶᠢ ᠨᠢᠭᠡ ᠮᠥᠩᠭᠦ ᠨᠢᠭᠡ | ᠮᠥᠬᠦᠯᠢᠭ ᠴᠦ ᠥᠷᠢᠲᠦᠬᠦ ᠦᠭᠡᠢ ᠪᠠᠶᠢᠵᠤ᠂ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ᠂ ᠥᠷᠢ ᠥᠭᠴᠡᠭᠡ ᠶᠢ ᠳᠠᠬᠢᠨ ᠲᠤᠬᠢᠷᠠᠭᠤᠯᠬᠤ᠂ ᠡᠳ᠋ | ᠬᠥᠷᠥᠩᠭᠡ ᠡᠬᠢ ᠪᠠᠶᠠᠯᠢᠭ ᠢ ᠠᠮᠢᠳᠤᠯᠢᠭ ᠪᠣᠯᠭᠠᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ᠂ ᠵᠠᠰᠠᠭ ᠤᠨ ᠣᠷᠳᠣᠨ ᠤ ᠥᠷᠢ ᠥᠭᠴᠡᠭᠡ ᠶᠢ | ᠠᠷᠢᠯᠭᠠᠬᠤ ᠣᠨ ᠤ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠨ᠎ᠠ᠃ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠥᠷᠢ ᠥᠭᠴᠡᠭᠡ ᠶᠢᠨ ᠲᠦᠭᠰᠢᠭᠦᠷᠢ ᠶᠢᠨ | ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠥᠷᠢ ᠥᠭᠴᠡᠭᠡ ᠶᠢᠨ ᠭᠡᠷ᠎ᠡ ᠵᠥᠷᠢᠴᠡᠬᠦ | ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ ᠮᠥᠩᠭᠦᠨ ᠬᠦᠢᠯᠭᠡᠭᠡᠨ ᠤ ᠬᠦᠷᠢᠶᠡᠨ ᠳᠠᠬᠢ ᠡᠮᠬᠢ ᠵᠠᠮᠪᠠᠷᠠᠭ᠎ᠠ ᠦᠭᠡᠢ ᠦᠵᠡᠭᠳᠡᠯ ᠢ ᠵᠠᠰᠠᠬᠤ ᠶᠢ | ᠠᠬᠢᠭᠤᠯᠵᠤ᠂ ᠰᠢᠰᠲ᠋ᠧᠮ ᠤᠨ ᠴᠢᠨᠠᠷᠲᠠᠶ ᠮᠥᠩᠭᠦᠨ ᠬᠦᠢᠯᠭᠡᠭᠡᠨ ᠤ ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠴᠢᠩᠭᠠᠳᠬᠠᠵᠤ᠂ ᠲᠣᠰᠬᠤᠨ ᠨᠢ ᠦᠵᠡᠰᠭᠦᠯᠡᠩ ᠠᠷᠠᠳ | ᠨᠢ ᠴᠢᠨᠡᠭᠡᠯᠢᠭ ᠰᠢᠨ᠎ᠡ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠷᠦᠩᠬᠡᠢ | ᠭᠠᠷᠳᠠᠴᠠ ᠪᠣᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠬᠢᠴᠠ ᠳᠤᠮᠳᠠ᠂ ᠬᠥᠳᠡᠭᠡ ᠲᠣᠰᠬᠤᠨ ᠢ ᠦᠵᠡᠰᠬᠦᠯᠡᠩᠲᠦ ᠰᠠᠶᠢᠬᠠᠨ ᠪᠣᠯᠭᠠᠵᠤ | ᠂ ᠠᠵᠤ ᠦᠢᠯᠡᠰ ᠢ ᠬᠦᠴᠦᠷᠬᠡᠭᠵᠢᠭᠦᠯᠵᠦ᠂ ᠲᠠᠷᠢᠶᠠᠴᠢᠳ ᠢ ᠪᠠᠶᠠᠵᠢᠭᠤᠯᠤᠨ᠎ᠠ᠃ ᠬᠤᠳᠠ ᠮᠠᠶ᠋ᠢᠭ ᠤᠨ ᠲᠠᠷᠢᠶᠠᠯᠠᠩ ᠢ ᠬᠥᠭᠵᠢᠭᠦᠯᠬᠦ ᠳᠤ ᠰᠠᠭᠤᠷᠢᠯᠠᠵᠤ᠂ | ᠨᠢᠭᠡᠳᠦᠭᠡᠷ ᠠᠵᠤ ᠦᠢᠯᠡᠰ ᠪᠣᠯᠤᠨ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠤᠯᠠᠮᠵᠢᠯᠠᠯᠲᠤ ᠲᠠᠷᠢᠶᠠᠯᠠᠩ | ᠤᠨ ᠤᠶᠤᠨᠳᠤ ᠲᠠᠷᠢᠶᠠᠯᠠᠩ᠂ ᠨᠠᠷᠢᠯᠢᠭ ᠲᠠᠷᠢᠶᠠᠯᠠᠩ᠂ ᠥᠨᠳᠥᠷ ᠦᠷ᠎ᠡ ᠠᠰᠢᠭᠲᠤ ᠲᠠᠷᠢᠶᠠᠯᠠᠩ ᠲᠡᠰᠢ ᠬᠥᠭᠵᠢᠬᠦ ᠶᠢ ᠠᠬᠢᠭᠤᠯᠤᠨ᠎ᠠ᠃ ︽ᠰᠠᠶᠢᠨ ᠴᠢᠨᠠᠷ ᠤᠨ | ᠠᠮᠤ ᠪᠤᠳᠠᠭᠠᠨ ᠤ ᠢᠨᠵᠧᠨᠧᠷᠢᠩ︾ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 24 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠠᠰᠠ 25 ᠲᠦᠮᠡᠨ ᠮᠥ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ | ᠬᠡᠷᠡᠭᠵᠢᠭᠦᠯᠬᠦ ᠪᠠᠷ ᠴᠢᠷᠮᠠᠶᠢᠵᠤ᠂ ᠲᠠᠷᠢᠶᠠᠯᠠᠩ ᠤᠨ ᠰᠠᠭᠤᠷᠢ ᠶᠢ ᠪᠠᠬᠢᠵᠢᠭᠦᠯᠦᠨ᠎ᠡ᠃ ᠣᠳᠣ ᠶᠢᠨ ᠪᠠᠶᠢᠭ᠎ᠠ ᠪᠡᠯᠡᠳᠬᠡᠮᠵᠢᠲᠦ ᠲᠠᠷᠢᠶᠠᠯᠠᠩ ᠤᠨ ᠰᠠᠭᠤᠷᠢᠨ ᠭᠠᠵᠠᠷ ᠢ | ᠰᠠᠶᠢᠵᠢᠷᠠᠭᠤᠯᠤᠨ ᠦᠭᠡᠷᠡᠴᠢᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠰᠠᠨ᠂ ᠪᠣᠬᠢᠷᠲᠤᠯ ᠦᠭᠡᠢ᠂ ᠴᠢᠨᠠᠷᠵᠢᠭᠰᠠᠨ ᠬᠥᠭᠵᠢᠯᠲᠡ ᠶᠢ ᠲᠦᠯᠬᠢᠨ | ᠠᠬᠢᠭᠤᠯᠵᠤ᠂ ᠨᠢᠭᠡ ᠪᠦᠯᠦᠭ ᠳᠠᠪᠠᠭᠤᠯᠢᠭ ᠣᠨᠴᠠᠯᠢᠭᠲᠤ ᠲᠠᠷᠢᠮᠠᠯ ᠲᠠᠷᠢᠬᠤ ᠰᠠᠭᠤᠷᠢᠨ ᠭᠠᠵᠠᠷ ᠪᠠ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠰᠠᠭᠤᠷᠢᠨ | ᠭᠠᠵᠠᠷ ᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠰᠡᠯᠡᠭᠦᠴᠡᠯ ᠠᠮᠠᠷᠠᠯᠲᠠ᠂ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ | ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠵᠦ᠂ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ | ᠲᠣᠰᠬᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ | ᠪᠠᠶᠢᠭᠤᠯᠬᠤ ᠠᠵᠢᠯ ᠢ ᠰᠠᠶᠢᠳᠤᠷ ᠠᠳᠬᠤᠨ᠎ᠠ᠃ ᠨᠠᠷᠠᠲᠤ ᠰᠢᠯᠢᠳᠡᠭ ᠣᠨᠴᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠣᠭᠤᠷᠢᠨ ᠳᠤ᠂ ︽ᠴᠡᠯᠡᠭᠡᠷ | ᠲᠠᠯ᠎ᠠ ᠶᠢᠨ ᠦᠨᠦᠷ ᠠᠮᠲᠠ︾ ᠣᠷᠣᠨ ᠪᠦᠰᠡ ᠶᠢᠨ ᠣᠯᠠᠨ ᠨᠡᠶᠢᠲᠡ ᠶᠢᠨ ᠲᠥᠷᠥᠯ ᠲᠡᠮᠳᠡᠭᠲᠦ ᠶᠢ ᠬᠦᠴᠦ ᠪᠠᠨ ᠲᠦᠪᠯᠡᠷᠡᠭᠦᠯᠦᠨ ᠪᠤᠶᠢᠵᠢᠭᠤᠯᠵᠤ᠂ ︽ᠤᠯᠠᠨ | ᠨᠡᠶᠢᠲᠡ ᠳᠤ ᠬᠦᠳᠡᠭᠡ ᠠᠵᠤ ᠠᠬᠤᠢ ᠶᠢᠨ ᠪᠤᠬᠢᠷᠳᠤᠯ ᠦᠭᠡᠢ ᠪᠦᠲᠦᠭᠡᠭᠳᠡᠭᠦᠨ᠂ ᠪᠤᠬᠢᠷᠳᠤᠯ ᠦᠭᠡᠢ ᠢᠳᠡᠭᠡᠨ᠂ ᠬᠦᠳᠡᠭᠡ ᠠᠵᠤ ᠠᠬᠤᠢ ᠶᠢᠨ ᠤᠷᠭᠠᠨᠢᠭ | ᠪᠦᠳᠦᠭᠡᠭᠳᠡᠭᠦᠨ ᠪᠤᠯᠤᠨ ᠬᠦᠳᠡᠭᠡ ᠠᠵᠤ ᠠᠬᠤᠢ ᠶᠢᠨ ᠪᠦᠳᠦᠭᠡᠭᠳᠡᠭᠦᠨ ᠤ ᠭᠠᠵᠠᠷ ᠵᠦᠢ ᠶᠢᠨ ᠢᠯᠡᠷᠭᠡᠶᠢᠯᠡᠯ︾᠂ ᠨᠠᠷᠠᠲᠤ ᠰᠢᠯᠢᠳᠡᠭ ᠣᠨᠴᠠ ᠭᠡᠷᠡᠴᠢᠯᠡᠯ ᠲᠠᠢ | ᠠᠵᠤ ᠠᠬᠤᠶᠢᠯᠠᠯ15 ᠶᠢ᠂ ᠪᠦᠲᠦᠭᠡᠭᠳᠡᠭᠦᠨ 45 ᠶᠢ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠯᠠᠩ ᠤᠨ ᠦᠢᠯᠡᠳᠪᠦᠷᠢᠯᠡᠯ ᠪᠠ ᠴᠢᠬᠤᠯᠠ ᠬᠤᠯᠢᠰᠢᠨ ᠢᠳᠡᠭᠡᠨ ᠤ | ᠬᠠᠩᠭᠠᠯᠭ᠎ᠠ ᠶᠢ ᠪᠠᠲᠤᠯᠠᠵᠤ ᠦᠨ᠎ᠡ ᠶᠢ ᠲᠤᠭᠲᠠᠪᠤᠷᠢᠵᠢᠭᠤᠯᠬᠤ ᠠᠵᠢᠯ ᠢ ᠰᠠᠶᠢᠲᠤᠷ ᠠᠳᠬᠤᠨ᠎ᠠ᠃ ︽ᠬᠤᠯᠢᠰᠢᠨ ᠢᠳᠡᠭᠡᠨ︾ ᠤ ᠢᠨᠵᠧᠨᠧᠷᠢᠩ ᠢ ᠴᠢᠩᠭ᠎ᠠ | ᠠᠳᠬᠤᠵᠤ᠂ ᠢᠳᠡᠰᠢᠨ ᠨᠣᠭᠤᠭ᠎ᠠ ᠶᠢᠨ ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠵᠦ᠂ ᠡᠪᠦᠯ ᠬᠠᠪᠤᠷ ᠤᠨ ᠤᠯᠠᠷᠢᠯ᠂ | ᠵᠤᠨ ᠨᠠᠮᠤᠷ ᠤᠨ ᠤᠯᠠᠷᠢᠯ ᠤᠨ ᠨᠤᠲᠤᠭ ᠤᠨ ᠢᠳᠡᠰᠢᠨ ᠨᠣᠭᠤᠭ᠎ᠠ ᠶᠢᠨ ᠥᠪᠡᠷ ᠢ ᠪᠠᠨ ᠬᠠᠩᠭᠠᠬᠤ ᠨᠣᠷᠮ᠎ᠠ ᠶᠢ ᠲᠣᠰ ᠲᠣᠰ 30% ᠪᠠ 60% ᠠᠴᠠ | ᠳᠡᠭᠡᠭᠰᠢ ᠳᠤ ᠬᠦᠷᠦᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠤᠭᠤᠯᠠᠨ ᠰᠢᠷᠡᠭᠡ ᠶᠢ ᠨᠠᠩ ᠡᠯᠪᠡᠭ᠂ ᠨᠠᠩ ᠠᠶᠤᠯᠬᠦᠢ᠂ ᠨᠠᠩ ᠪᠤᠳᠠᠳᠤ | ᠠᠰᠢᠭᠳᠠᠢ ᠪᠣᠯᠭᠠᠨ᠎ᠠ᠃ | ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠲᠣᠭᠠᠴᠢᠯᠠᠭᠰᠠᠨ ᠬᠥᠳᠡᠭᠡ ᠲᠣᠰᠬᠤᠨ ᠢ ᠲᠦᠷᠭᠡᠳᠭᠡᠨ | ᠪᠠᠶᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠦᠨ᠎ᠡ᠃ ᠨᠡᠶᠢᠭᠡᠮ ᠤᠨ ᠬᠥᠷᠥᠩᠭᠡ ᠶᠢ ᠬᠥᠳᠡᠭᠡ ᠪᠠᠭᠤᠯᠭᠠᠬᠤ ᠶᠢ | ᠵᠣᠷᠢᠭᠵᠢᠭᠤᠯᠬᠤ ᠪᠠ ᠵᠢᠷᠤᠮᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠢᠲᠡᠭᠡᠮᠵᠢᠲᠦ ᠵᠢᠭᠡᠯᠡᠯᠭᠡ ᠶᠢᠨ ᠪᠠᠳᠤᠯᠠᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ | ᠲᠡᠭᠦᠯᠳᠡᠷᠵᠢᠬᠦᠯᠦᠨ᠎ᠡ᠃ 500 ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠤᠮᠢᠯᠠᠭᠳᠠᠭᠴᠢ ᠶᠢ ᠰᠣᠩᠭᠤᠨ ᠤᠷᠢᠵᠤ ᠬᠥᠳᠡᠭᠡ ᠲᠤᠰᠬᠤᠨ ᠳᠤ | ᠬᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠪᠠ ᠠᠵᠤ ᠦᠢᠯᠡᠰ ᠢ ᠬᠦᠭᠵᠢᠬᠦᠯᠬᠦ ᠦᠢᠯᠡᠴᠢᠯᠡᠭᠡ ᠶᠢ | ᠦᠷᠨᠢᠭᠦᠯᠦᠨ᠎ᠡ᠃ ᠲᠤᠯᠤᠭᠠᠶᠢᠯᠠᠭᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠠᠷᠢᠶᠠᠴᠢᠳ ᠤᠨ ᠬᠤᠷᠰᠢᠶ᠎ᠠ ᠶᠢ ᠵᠢᠷᠤᠮᠵᠢᠭᠤᠯᠤᠨ | ᠳᠡᠭᠡᠭᠰᠢᠯᠡᠭᠦᠯᠵᠦ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠬᠦᠯᠦᠨ᠂ ᠨᠠᠩ ᠣᠯᠠᠨ ᠲᠠᠷᠢᠶᠠᠴᠢᠨ | ᠡᠷᠦᠬᠡ ᠶᠢ ᠬᠥᠲᠥᠯᠦᠨ ᠵᠢᠯᠣᠭᠤᠳᠴᠤ ᠠᠵᠤ ᠦᠢᠯᠡᠰ ᠤᠨ ᠬᠡᠯᠬᠢᠶ᠎ᠡ ᠳᠤ ᠣᠷᠣᠭᠤᠯᠤᠨ᠎ᠠ᠃ ᠡᠯ᠎ᠡ ᠲᠥᠷᠥᠯ ᠤᠨ ᠴᠢᠳᠠᠪᠤᠷᠢᠲᠠᠨ ᠤ ᠨᠤᠲᠤᠭ ᠲᠠᠭᠠᠨ ᠪᠤᠴᠠᠵᠤ | ᠬᠥᠳᠡᠭᠡ ᠪᠠᠭᠤᠵᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠤᠨ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ᠂ | ᠣᠲᠣ ᠦᠶ᠎ᠡ ᠶᠢᠨ ᠵᠠᠯᠠᠭᠤ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠨ᠂ ᠬᠥᠳᠡᠭᠡ ᠲᠣᠰᠬᠤᠨ ᠤ ᠵᠠᠯᠠᠭᠤᠴᠤᠳ ᠤᠨ ᠠᠳᠠᠯ ᠦᠢᠯᠡᠰ ᠴᠣᠭᠴᠠᠯᠠᠵᠤ | ᠪᠡᠶᠡᠵᠢᠨ ᠴᠢᠨᠡᠭᠡᠯᠢᠭᠵᠢᠬᠦ ︽ᠲᠦᠷᠦᠭᠦᠴᠢ ᠭᠠᠯᠠᠭᠤ︾ ᠶᠢ 1100 ᠬᠥᠮᠦᠨ ᠠᠴᠠ ᠳᠡᠭᠡᠭᠰᠢ ᠬᠦᠮᠦᠵᠢᠬᠦᠯᠵᠦ᠂ ᠰᠢᠨ᠎ᠡ ᠮᠠᠶ᠋ᠢᠭ ᠤᠨ ᠲᠠᠷᠢᠶᠠᠴᠢᠨ ᠢ ᠲᠠᠲᠠᠬᠤ | ᠬᠦᠴᠦᠨ ᠢᠶᠠᠷ ᠪᠢᠯᠬᠠᠮ᠎ᠠ ᠠᠵᠢᠯ ᠮᠡᠷᠭᠡᠵᠢᠯ ᠪᠣᠯᠭᠠᠨ᠎ᠠ᠃ | ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠠᠭᠤᠯᠠ ᠨᠢ ᠰᠠᠶᠢᠬᠠᠨ ᠤᠰᠤ ᠨᠢ ᠲᠤᠩᠭᠠᠯᠠᠭ᠂ ᠲᠩᠷᠢ | ᠨᠢ ᠬᠥᠬᠡ ᠭᠠᠵᠠᠷ ᠨᠢ ᠨᠤᠭᠤᠭᠠᠨ᠂ ᠲᠣᠰᠬᠤᠨ ᠨᠢ ᠦᠵᠡᠰᠭᠦᠯᠡᠩ ᠬᠥᠮᠦᠨ ᠨᠢ ᠡᠶ᠎ᠡ ᠲᠠᠢ ᠰᠢᠨ᠎ᠡ ᠬᠥᠳᠡᠭᠡ ᠲᠣᠰᠬᠤᠨ ᠢ ᠴᠣᠭᠴᠠᠯᠠᠨ ᠪᠠᠶᠢᠭᠤᠯᠬᠤ ᠶᠢᠨ | ᠲᠣᠭᠤᠷᠢᠨ ᠳᠤ᠂ ᠬᠥᠳᠡᠭᠡ ᠲᠣᠰᠬᠤᠨ ᠤ ᠤᠷᠤᠰᠢᠨ ᠰᠠᠭᠤᠬᠤ ᠣᠷᠴᠢᠨ ᠨᠦᠬᠦᠴᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠵᠤ᠂ | ᠬᠥᠳᠡᠭᠡ ᠲᠣᠰᠬᠤᠨ ᠤ ᠬᠤᠭ ᠨᠣᠪᠰᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠵᠢᠱᠢᠶ᠎ᠡ ᠦᠵᠡᠭᠦᠯᠬᠦ ᠪᠠᠯᠭᠠᠰᠤ᠂ ᠵᠢᠱᠢᠶ᠎ᠡ ᠦᠵᠡᠭᠦᠯᠬᠦ ᠲᠣᠰᠬᠤᠨ ᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠪᠦᠷᠬᠦᠴᠡ ᠶᠢᠨ ᠨᠣᠷᠮ᠎ᠠ ᠶᠢ ᠲᠤᠰ ᠲᠤᠰ 80% ᠪᠠ 85% ᠠᠴᠠ | ᠳᠡᠭᠡᠭᠰᠢ ᠳᠤ ᠬᠦᠷᠦᠭᠦᠯᠦᠨ᠎ᠡ᠃ ︽ᠵᠣᠷᠯᠣᠩ ᠤᠨ ᠬᠤᠪᠢᠰᠬᠠᠯ︾ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠡᠷᠡᠭᠵᠢᠭᠦᠯᠵᠦ᠂ 4.3 | ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠦᠨ᠎ᠡ᠃ ᠮᠠᠯ ᠵᠢᠭᠦᠷᠲᠡᠨ ᠢ ᠲᠡᠵᠢᠭᠡᠨ ᠦᠷᠡᠵᠢᠬᠦᠯᠬᠦ ᠳᠤ ᠢᠯᠭᠠᠳᠠᠰᠤ ᠶᠢ ᠨᠢ ᠡᠬᠢ | ᠪᠠᠶᠠᠯᠢᠭᠵᠢᠭᠤᠯᠵᠤ ᠶᠡᠷᠦᠩᠬᠡᠶᠢᠯᠡᠭᠰᠡᠨ ᠠᠰᠢᠭᠯᠠᠬᠤ ᠨᠤᠷᠮ᠎ᠠ ᠶᠢ 75% ᠠᠴᠠ ᠲᠡᠭᠡᠭᠰᠢ ᠳᠤ ᠬᠦᠷᠦᠭᠦᠯᠦᠨ᠎ᠡ᠃ ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ | ᠨᠣᠷᠮ᠎ᠠ ᠶᠢ 30% ᠠᠴᠠ ᠳᠡᠭᠡᠭᠰᠢ ᠳᠤ ᠬᠦᠷᠦᠭᠦᠯᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠲᠦᠷᠢᠮ︾ ᠤᠨ | ᠲᠤᠷᠰᠢᠯᠲᠠ ᠶᠢᠨ ᠴᠡᠭ ᠢ ᠥᠷᠨᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 143 ᠺᠢᠯᠣᠮᠧᠲᠷ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ | ︽ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ 2 ᠢ ᠴᠤᠭᠴᠠᠯᠠᠨ ᠪᠠᠶᠢᠭᠤᠯᠤᠨ᠎ᠠ᠃ | ︵ᠳᠥᠷᠪᠡ︶ ᠬᠤᠲᠠ ᠶᠢᠨ ᠠᠭᠤᠯᠤᠭᠳᠠᠬᠤᠨ ᠤ ᠬᠡᠯᠪᠡᠷᠢ ᠶᠢᠨ ᠬᠥᠭᠵᠢᠯᠲᠡ ᠶᠢ ᠠᠬᠢᠭᠤᠯᠵᠤ᠂ ᠬᠤᠲᠠ ᠶᠢᠨ ᠴᠢᠳᠠᠪᠤᠷᠢ ᠴᠢᠨᠠᠷ ᠲᠡᠰ ᠢ ᠳᠡᠭᠡᠭᠰᠢᠯᠡᠭᠦᠯᠦᠨ᠎ᠡ | ᠬᠤᠲᠠ ᠶᠢ ᠨᠠᠷᠢᠨ ᠨᠢᠮᠪᠠᠶ ᠲᠥᠯᠥᠪᠵᠢᠭᠦᠯᠦᠨ᠎ᠡ᠃ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠲᠥᠪ ᠬᠤᠲᠠ ᠶᠢ ᠪᠦᠲᠦᠭᠡᠨ ᠪᠠᠶᠢᠭᠤᠯᠬᠤ ᠪᠠᠶᠢᠷᠢ | ᠲᠣᠭᠲᠠᠭᠠᠯᠲᠠ ᠶᠢᠨ ᠲᠤᠭᠤᠷᠢᠨ ᠳᠤ᠂ ᠨᠡᠮᠡᠭᠳᠡᠯ ᠤᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ | ᠬᠠᠷᠢᠯᠴᠠᠨ ᠲᠡᠩᠴᠡᠭᠦᠷᠢᠲᠡᠶ᠂ ᠠᠵᠤ ᠠᠬᠤᠶ ᠨᠡᠶᠢᠭᠡᠮ ᠠᠮᠢ ᠠᠬᠤᠢ ᠶᠢᠨ ᠦᠷ᠎ᠡ ᠠᠰᠢᠭ ᠬᠠᠷᠢᠯᠴᠠᠨ ᠨᠢᠭᠡᠳᠦᠯᠲᠡᠶ ᠪᠠᠶᠢᠬᠤ ᠶᠢ ᠪᠠᠷᠢᠮᠳᠠᠯᠠᠵᠤ ᠂ ᠣᠷᠣᠨ | ᠵᠠᠶ ᠬᠦᠷᠢᠶ᠎ᠡ ᠬᠡᠪᠴᠢᠶ᠎ᠡ ᠠᠵᠤ ᠦᠢᠯᠡᠰ ᠭᠤᠷᠪᠠᠨ ᠶᠡᠭᠡ ᠪᠦᠲᠦᠴᠡ᠂ ᠦᠢᠯᠡᠳᠪᠦᠷᠢᠯᠡᠯ ᠠᠮᠢᠳᠤᠷᠠᠯ ᠠᠮᠢ ᠠᠬᠤᠶ ᠭᠤᠷᠪᠠᠨ ᠶᠡᠭᠡ ᠪᠠᠶᠢᠷᠢᠰᠢᠭᠤᠯᠤᠯᠲᠠ ᠶᠢ | ᠨᠢᠭᠡᠳᠦᠯᠲᠡᠢ ᠲᠦᠯᠦᠪᠯᠡᠨ᠂ ᠪᠠᠷᠠᠯᠠᠯ ᠢ ᠳᠣᠪᠤᠶᠢᠯᠭᠠᠨ᠂ ᠵᠠᠢ ᠦᠯᠡᠳᠡᠭᠡᠬᠦ ᠶᠢ ᠴᠢᠬᠤᠯᠠᠴᠢᠯᠠᠵᠤ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠶᠡᠷᠦᠩᠬᠡᠶ | ᠲᠥᠯᠥᠪᠵᠢᠭᠦᠯᠭᠡ ᠶᠢ ᠴᠢᠨᠠᠷ ᠰᠠᠶᠢᠲᠠᠢ ᠨᠠᠶᠢᠷᠠᠭᠤᠯᠤᠨ ᠵᠣᠬᠢᠶᠠᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ︽ | ᠨᠢᠭᠡ ᠵᠢᠷᠤᠭ︾ ᠢ ᠪᠤᠢ ᠪᠣᠯᠭᠠᠵᠤ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠬᠢᠨᠠᠨ ᠵᠥᠪᠰᠢᠶᠡᠷᠡᠬᠦ | ᠰᠢᠰᠲ᠋ᠧᠮᠵᠢ ᠶᠢ ᠪᠠᠶᠢᠭᠤᠯᠤᠨ᠎ᠠ᠃ ᠰᠣᠳᠣᠨ ᠪᠦᠲᠦᠭᠡᠯ ᠤᠨ ᠣᠶᠢᠯᠠᠭᠠᠭᠳᠠᠬᠤᠨ ᠢ ᠬᠤᠲᠠ ᠶᠢᠨ ᠵᠢᠷᠤᠭ ᠲᠥᠯᠥᠪᠯᠡᠭᠡ ᠶᠢᠨ ᠪᠦᠬᠦ ᠶᠠᠪᠤᠴᠠ ᠳᠤ | ᠲᠤᠭᠤᠰᠢᠯᠠᠭᠤᠯᠵᠤ᠂ ᠬᠤᠲᠠ ᠶᠢᠨ ᠣᠷᠣᠨ ᠵᠠᠶ ᠶᠢᠨ ᠪᠡᠶᠡᠲᠦ ᠴᠢᠨᠠᠷ᠂ ᠬᠠᠪᠲᠠᠭᠠᠶ ᠶᠢᠨ ᠵᠣᠬᠢᠴᠠᠩᠭᠤᠶ ᠴᠢᠨᠠᠷ᠂ ᠳᠦᠷᠢ ᠲᠥᠷᠬᠦ ᠶᠢᠨ ᠪᠦᠬᠦᠯᠢ ᠴᠣᠭᠴᠠᠲᠤ | ᠴᠢᠨᠠᠷ᠂ ᠰᠣᠶᠣᠯ ᠤᠨ ᠰᠤᠳᠠᠰᠤᠨ ᠤ ᠦᠷᠭᠦᠯᠵᠢᠯᠡᠭᠰᠡᠨ ᠴᠢᠨᠠᠷ ᠪᠦᠬᠦᠢ ᠲᠥᠯᠥᠪᠵᠢᠭᠦᠯᠭᠡ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠲᠠᠯ᠎ᠠ ᠨᠤᠲᠤᠭ | ᠤᠨ ᠬᠤᠳᠠ᠂ ᠪᠣᠭᠤᠮᠲᠠ ᠶᠢᠨ ᠭᠠᠳᠠᠨᠠᠬᠢ ᠬᠦᠬᠡᠬᠤᠲᠠ ᠲᠠᠢ ᠨᠡᠶᠢᠴᠡᠭᠰᠡᠨ ᠪᠠᠷᠢᠯᠭ᠎ᠠ ᠶᠢᠨ ᠬᠡᠪ ᠨᠠᠮᠪᠠ ᠪᠠ ᠬᠤᠳᠠ ᠶᠢᠨ ᠲᠦᠷᠢ ᠲᠦᠷᠬᠦ ᠶᠢ ᠪᠦᠷᠢᠯᠳᠦᠭᠦᠯᠵᠦ᠂ | ᠬᠤᠳᠠ ᠶᠢ ᠨᠡᠩ ᠦᠡᠭᠭᠡ ᠪᠤᠳᠤᠭ ᠲᠠᠢ᠂ ᠥᠪᠡᠷᠮᠢᠴᠡ ᠣᠨᠴᠠᠯᠢᠭ ᠲᠠᠢ᠂ ᠲᠤᠳᠤᠭᠠᠳᠤ ᠠᠭᠤᠯᠤᠭᠳᠠᠬᠤᠨ ᠲᠠᠢ ᠪᠣᠯᠭᠠᠨ᠎ᠠ᠃ | ᠬᠤᠲᠠ ᠶᠢ ᠨᠠᠷᠢᠯᠢᠭ ᠪᠦᠲᠦᠭᠡᠨ ᠪᠠᠶᠢᠭᠤᠯᠤᠨ᠎ᠠ᠃ ᠬᠤᠲᠠ ᠶᠢᠨ ᠳᠠᠭᠠᠭᠠᠴᠠ᠂ ᠳᠠᠶᠢᠴᠢᠯᠠᠬᠤ ᠬᠦᠴᠦᠨ ᠪᠠ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ | ᠲᠡᠭᠡᠭᠰᠢᠯᠡᠭᠦᠯᠬᠦ ᠶᠢᠨ ᠲᠣᠭᠤᠷᠢᠨ ᠳᠤ᠂ ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠰᠢᠨᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ | ᠰᠢᠨ᠎ᠡ ᠨᠢᠰᠬᠡᠯ ᠤᠨ ᠪᠠᠭᠤᠳᠠᠯ᠂ ᠬᠦᠬᠡᠬᠤᠲᠠ ᠪᠠ ᠯᠢᠶᠠᠩᠴᠧᠩ ᠰᠢᠶᠠᠨ ᠤ ᠬᠤᠭᠤᠷᠤᠨᠳᠤᠬᠢ ᠲᠦᠷᠭᠡᠨ ᠤ ᠵᠠᠮ᠂ ᠮᠤᠵᠢ ᠶᠢᠨ ᠵᠠᠮ ᠤᠨ 311 ᠱᠤᠭᠤᠮ ᠤᠨ | ᠦᠴᠤᠸᠠᠨ ᠠᠴᠠ ᠶᠠᠩ ᠱᠣ᠋ ᠪᠠ ᠬᠦᠷᠬᠦ ᠵᠠᠰᠠᠮᠠᠯ ᠵᠠᠮ ᠤᠨ ᠲᠥᠷᠥᠯ ᠵᠦᠢᠯ ᠢ ᠠᠵᠢᠯ ᠡᠬᠢᠯᠡᠭᠦᠯᠵᠦ᠂ ᠤᠯᠤᠰ ᠤᠨ ᠵᠠᠮ ᠤᠨ 209 ᠱᠤᠭᠤᠮ ᠤᠨ | ᠦᠴᠤᠸᠠᠨ ᠠᠴᠠ ᠬᠥᠬᠡᠬᠤᠲᠠ ᠬᠦᠷᠬᠦ ᠵᠠᠮ ᠤᠨ ᠳᠠᠯᠠᠨ ᠬᠠᠷ᠎ᠠ ᠠᠭᠤᠯᠠ ᠶᠢᠨ ᠨᠦᠬᠡᠨ ᠵᠠᠮ ᠵᠢᠴᠢ ᠵᠠᠯᠭᠠᠪᠤᠷᠢ ᠢᠨᠵᠧᠨᠧᠷᠢᠩ᠂ ᠮᠧᠲᠷᠤ᠋ ᠶᠢᠨ 2 ᠳ᠋ᠤᠭᠠᠷ | ᠱᠤᠭᠤᠮ᠂ ᠶᠢᠨ ᠬᠠᠢ ᠵᠠᠮ ᠵᠢᠴᠢ ᠪᠠᠶᠠᠨ ᠵᠠᠮ ᠤᠨ ᠥᠨᠳᠥᠷ ᠬᠥᠭᠦᠷᠭᠡ᠂ ᠵᠤᠤ ᠤᠳᠠ ᠵᠢᠷᠢᠮ ᠵᠠᠮ ᠤᠨ ᠰᠠᠶᠢᠵᠢᠷᠠᠭᠤᠯᠤᠨ ᠥᠭᠡᠷᠡᠴᠢᠯᠡᠬᠦ ᠢᠨᠵᠧᠨᠧᠷᠢᠩ ᠢ | ᠪᠠᠶᠢᠭᠤᠯᠵᠤ᠂ ᠵᠠᠮ ᠢ ᠠᠯᠢ ᠲᠦᠷᠭᠡᠨ ᠢᠶᠠᠷ ᠠᠷᠠᠳ ᠲᠤ ᠪᠤᠴᠠᠭᠠᠨ᠎ᠠ᠃ ᠬᠥᠬᠡᠬᠤᠲᠠ ᠪᠤᠭᠤᠲᠤ᠂ ᠬᠥᠬᠡᠬᠤᠲᠠ ᠣᠷᠳᠣᠰ ᠤᠨ ᠬᠤᠲᠠ ᠶᠢᠨ ᠬᠤᠭᠤᠷᠣᠨᠳᠣᠬᠢ | ᠲᠡᠮᠦᠷ ᠵᠠᠮ᠂ ᠬᠦᠬᠡᠬᠤᠲᠠ — ᠱᠦᠸᠧᠵᠸᠦ — ᠲᠠᠶᠢᠶᠤᠸᠠᠨ ᠤ ᠲᠡᠮᠦᠷ ᠵᠠᠮ ᠤᠨ ᠲᠥᠷᠥᠯ ᠵᠦᠢᠯ ᠢ ᠰᠢᠨ᠎ᠡ ᠴᠠᠭ ᠦᠶ᠎ᠡ ᠶᠢᠨ ᠤᠷᠲᠤᠪᠲᠤᠷ ᠪᠠ ᠤᠷᠲᠤ | ᠬᠤᠭᠤᠴᠠᠭᠠᠨ ᠤ ᠲᠡᠮᠦᠷ ᠵᠠᠮ ᠤᠨ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃ ᠣᠷᠣᠨ ᠰᠠᠭᠤᠴᠠ ᠶᠢᠨ ᠬᠤᠷᠢᠶᠠᠯᠠᠯ ᠳᠤ ᠨᠠᠰᠤᠵᠢᠯ ᠤᠨ ᠠᠰᠠᠷᠠᠮᠵᠢ | ᠂ ᠬᠡᠦᠬᠡᠳ ᠤᠨ ᠰᠤᠷᠭᠠᠨ ᠬᠥᠮᠦᠵᠢᠯ᠂ ᠲᠡᠷᠭᠡᠨ ᠵᠤᠭᠰᠤᠭᠠᠯ ᠵᠡᠷᠭᠡ ᠪᠡᠯᠡᠳᠭᠡᠮᠵᠢ ᠶᠢ ᠲᠤᠬᠢᠷᠠᠭᠤᠯᠤᠨ ᠪᠠᠶᠢᠭᠤᠯᠬᠤ ᠱᠠᠭᠠᠷᠳᠠᠯᠭ᠎ᠠ ᠶᠢ ᠴᠢᠩᠳᠠ | ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠲᠣᠣᠷ ᠴᠡᠭ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ᠂ | ᠨᠡᠶᠢᠭᠡᠮ ᠲᠣᠭᠤᠷᠢᠭ ᠤᠨ ᠠᠵᠢᠯᠯᠠᠭᠠᠨ ᠤ ᠲᠠᠯᠠᠪᠤᠷ ᠢ ᠵᠦᠢ ᠵᠣᠬᠢᠰᠲᠠᠢ ᠪᠠᠶᠢᠷᠢᠯᠠᠭᠤᠯᠵᠤ᠂ 821 ᠬᠠᠭᠤᠴᠢᠨ ᠬᠤᠷᠢᠶᠠᠯᠠᠯ ᠤᠨ ᠤᠰᠤ ᠬᠠᠩᠭᠠᠬᠤ ᠤᠰᠤ | ᠵᠠᠯᠠᠬᠤ ᠬᠤᠭᠤᠯᠠᠢ ᠶᠢᠨ ᠲᠣᠣᠷ ᠵᠢᠴᠢ ᠬᠤᠶᠠᠳᠤᠭᠠᠷ ᠤᠳᠠᠭᠠᠨ ᠤ ᠤᠰᠤ ᠬᠠᠩᠭᠠᠬᠤ ᠪᠡᠯᠡᠳᠭᠡᠮᠵᠢ ᠶᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 95 | ᠺᠢᠯᠤᠮᠧᠲᠷ ᠤᠨ ᠬᠠᠭᠤᠴᠢᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ ᠰᠢᠨᠡᠳᠬᠡᠨ ᠦᠭᠡᠷᠡᠴᠢᠯᠡᠵᠦ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠬᠤ | ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠬᠤᠲᠠ ᠶᠢ ᠨᠠᠷᠢᠯᠢᠭ ᠬᠠᠮᠢᠶᠠᠷᠤᠨ᠎ᠠ᠃ ᠠᠷᠠᠳ ᠲᠦᠮᠡᠨ ᠤ ᠬᠤᠳᠠ ᠠᠷᠠᠳ ᠲᠦᠮᠡᠨ ᠤ ᠲᠥᠯᠥᠭᠡ ᠵᠢᠳᠬᠦᠬᠦ ᠶᠢ ᠪᠠᠷᠢᠮᠲᠠᠯᠠᠵᠤ᠂ ᠬᠤᠸᠠᠷ ᠬᠠᠳᠬᠤᠬᠤ ᠤᠷ᠎ᠠ | ᠴᠢᠳᠠᠪᠤᠷᠢ ᠪᠠᠷ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ | ᠬᠠᠷᠢᠭᠤᠴᠠᠯᠭ᠎ᠠ ᠶᠢᠨ ᠲᠦᠷᠢᠮ ᠢ ᠪᠦᠷᠢᠨᠰᠢᠬᠦᠯᠦᠨ ᠲᠡᠭᠦᠯᠳᠡᠷᠵᠢᠬᠦᠯᠦᠨ᠎ᠡ᠃ ᠵᠠᠮ ᠤᠨ ᠲᠦᠭᠵᠢᠷᠡᠯ ᠢ ᠰᠢᠯᠤᠭᠤᠳᠬᠠᠵᠤ ᠰᠠᠭᠠᠳ ᠦᠭᠡᠢ ᠶᠢ ᠪᠠᠳᠤᠯᠠᠬᠤ | ᠠᠵᠢᠯ ᠢ ᠦᠷᠭᠦᠯᠵᠢᠯᠡᠨ ᠠᠬᠢᠭᠤᠯᠵᠤ᠂ ᠵᠠᠮ ᠤᠨ ᠲᠦᠭᠵᠢᠷᠡᠯ ᠤᠨ ᠴᠡᠭ᠂ ᠵᠠᠮ ᠮᠠᠯᠲᠠᠬᠤ ᠪᠠᠷᠢᠯᠭ᠎ᠠ᠂ ᠲᠣᠭᠲᠠᠩᠭᠤᠶ ᠵᠠᠮ ᠬᠠᠷᠢᠯᠴᠠᠭᠠᠨ ᠤ ᠬᠠᠮᠢᠶᠠᠷᠤᠯᠲᠠ᠂ | ᠨᠡᠶᠢᠲᠡ ᠶᠢᠨ ᠵᠠᠮ ᠬᠠᠷᠢᠯᠴᠠᠭ᠎ᠠ ᠶᠢ ᠣᠷᠢᠳᠠᠪᠡᠷ ᠲᠠᠯᠪᠢᠬᠤ᠂ ᠪᠣᠯᠪᠠᠰᠤᠨ ᠰᠠᠭᠠᠳ ᠥᠬᠡᠶ ᠠᠶᠠᠯᠠᠬᠤ ᠲᠠᠪᠤᠨ ᠶᠡᠭᠡ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠵᠦ᠂ ᠬᠤᠲᠠ ᠶᠢᠨ ᠠᠷᠠᠳ ᠢ ᠵᠠᠮ ᠲᠦᠭᠵᠢᠷᠡᠬᠦ ᠥᠬᠡᠶ᠂ ᠰᠡᠳᠬᠢᠯ ᠲᠦᠭᠵᠢᠬᠦ ᠥᠬᠡᠶ ᠪᠠᠶᠢᠯᠭᠠᠬᠤ ᠪᠠᠷ ᠴᠢᠷᠮᠠᠶᠢᠨ᠎ᠠ᠃ ᠠᠳᠠᠯ ᠠᠬᠤᠶ ᠶᠢᠨ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠬᠤᠷᠢᠶᠠᠯᠠᠯ ᠤᠨ ᠠᠳᠠᠯ ᠠᠬᠤᠢ ᠶᠢᠨ ᠬᠠᠮᠢᠶᠠᠷᠤᠯᠲᠠ ᠶᠢ ︽ᠨᠡᠶᠢᠲᠡᠮ ᠳᠤᠨᠢ ᠪᠦᠷᠬᠦᠭᠦᠯᠬᠦ︾ ᠪᠠ | ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ | ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠠᠶᠤᠯᠬᠦᠢ ᠶᠢᠨ ᠳᠠᠯᠳᠠ ᠭᠡᠮ ᠢ | ᠵᠢᠭᠰᠠᠭᠠᠨ ᠪᠠᠶᠢᠴᠠᠭᠠᠬᠤ᠂ ᠪᠠᠶᠢᠴᠠᠭᠠᠨ ᠵᠠᠰᠠᠬᠤ ᠪᠠ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠬᠦᠯᠵᠦ᠂ ᠡᠯ᠎ᠡ ᠲᠥᠷᠥᠯ ᠤᠨ ᠪᠡᠯᠡᠳᠬᠡᠮᠵᠢ ᠶᠢᠨ | ᠴᠢᠳᠠᠮᠵᠢ ᠨᠢ ᠪᠦᠷᠢᠨ ᠲᠡᠭᠦᠯᠳᠡᠷ᠂ ᠬᠠᠮᠢᠶᠠᠷᠤᠯᠲᠠ ᠨᠢ ᠡᠮᠬᠢ ᠵᠢᠷᠤᠮ ᠲᠠᠢ᠂ ᠠᠵᠢᠯᠯᠠᠭᠠᠨ ᠨᠢ ᠠᠶᠤᠯᠭᠦᠢ ᠪᠠᠶᠢᠬᠤ ᠶᠢ ᠪᠠᠳᠤᠯᠠᠨ᠎ᠠ᠃ ᠬᠡᠰᠡᠭᠴᠢᠯᠡᠭᠰᠡᠨ ᠭᠠᠯ | ᠤᠨᠲᠠᠷᠠᠭᠠᠬᠤ ᠥᠷᠲᠡᠭᠡ᠂ ᠣᠨᠴᠠ ᠡᠭᠦᠷᠭᠡ ᠬᠦᠢᠴᠡᠳᠭᠡᠬᠦ ᠭᠤᠷᠪᠠᠳᠤᠭᠠᠷ ᠰᠠᠯᠪᠤᠷᠢ ᠠᠩᠭᠢ ᠶᠢᠨ ᠭᠠᠯ ᠤᠨᠲᠠᠷᠠᠭᠠᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠦᠨ ᠬᠡᠷᠡᠭᠵᠢᠭᠦᠯᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠢᠨᠲ᠋ᠧᠷ ᠰᠦᠯᠵᠢᠶ᠎ᠡ + ᠬᠤᠲᠠ ᠶᠢᠨ ᠵᠠᠰᠠᠯᠲᠠ︾ ᠶᠢᠨ ᠠᠵᠢᠯᠯᠠᠭ᠎ᠠ ᠶᠢ | ᠬᠡᠷᠡᠭᠵᠢᠭᠦᠯᠵᠦ᠂ ᠪᠦᠬᠦ ᠬᠤᠲᠠ ᠶᠢᠨ ᠨᠢᠭᠡᠳᠦᠯᠲᠡᠢ ᠤᠶᠤᠨᠲᠤ ᠬᠤᠲᠠ ᠶᠢᠨ ᠵᠢᠯᠣᠭᠤᠳᠤᠨ ᠡᠵᠡᠩᠨᠡᠬᠦ ᠲᠥᠪ ᠢ ᠪᠠᠶᠢᠭᠤᠯᠵᠤ᠂ ︽ᠬᠤᠲᠠ ᠶᠢᠨ ᠶᠡᠭᠡ ᠲᠠᠷᠢᠬᠢ︾ | ᠶᠢ ᠬᠡᠷᠡᠭᠯᠡᠨ ᠬᠤᠲᠠ ᠶᠢ ᠨᠠᠩ ᠰᠡᠴᠡᠨ᠂ ᠨᠠᠩ ᠤᠶᠤᠨᠳᠤ ᠪᠣᠯᠭᠠᠨ᠎ᠠ᠃ | ︵ᠲᠠᠪᠤ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ ᠬᠤᠲᠠ ᠶᠢ ᠪᠠᠶᠢᠭᠤᠯᠤᠨ᠎ᠠ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢ ᠨᠠᠩ ᠴᠢᠬᠤᠯᠠ ᠪᠠᠶᠢᠷᠢᠨ ᠳᠤ ᠲᠠᠯᠪᠢᠵᠤ᠂ ᠬᠠᠲᠤᠨ ᠭᠤᠤᠯ ᠢ ᠠᠷᠠᠳ | ᠲᠦᠮᠡᠨ ᠳᠤ ᠪᠤᠶᠠᠨ ᠦᠢᠯᠡᠳᠬᠦ ︽ᠵᠢᠷᠭᠠᠯ ᠤᠨ ᠭᠤᠤᠯ︾ ᠪᠣᠯᠭᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠣᠷᠴᠢᠨ | ᠲᠤᠭᠤᠷᠢᠨ ᠢ ᠵᠠᠰᠠᠬᠤ ᠶᠢ ᠴᠢᠩᠭᠠᠳᠬᠠᠬᠤ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠲᠠᠪᠤᠨ ᠵᠢᠯ ᠤᠨ | ᠲᠦᠯᠦᠪᠵᠢᠬᠦᠯᠭᠡ ᠶᠢᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ ᠨᠠᠯᠠᠤ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠤᠷᠤᠰᠬᠠᠭᠳᠠᠯ ᠢ ᠵᠠᠰᠠᠬᠤ᠂ ᠬᠠᠲᠤᠨ | ᠭᠤᠤᠯ ᠳᠠᠭᠠᠤ ᠶᠢᠨ ᠠᠮᠢ ᠠᠬᠤᠢ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ ᠬᠠᠳᠤᠨ ᠭᠤᠣᠯ ᠳᠤ ᠤᠷᠤᠬᠤ | ᠬᠡᠰᠡᠭ ᠤᠨ ᠤᠭᠳᠤᠯᠤᠭᠠᠰᠤ ᠶᠢᠨ ᠤᠰᠤᠨ ᠤ ᠴᠢᠨᠠᠷ ᠢ ᠬᠢᠨᠠᠨ ᠬᠡᠮᠵᠢᠬᠦ ᠶᠢ ᠴᠢᠩᠭᠠᠳᠬᠠᠵᠤ᠂ ᠲᠤᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ | ᠪᠠᠲᠤᠯᠠᠨ᠎ᠠ᠃ ᠬᠠᠷ᠎ᠠ ᠤᠰᠤ᠂ ᠡᠮᠦᠨ᠎ᠡ ᠨᠠᠭᠤᠷ ᠤᠨ | ᠨᠤᠭᠤ ᠭᠠᠵᠠᠷ ᠵᠡᠷᠭᠡ ᠤᠰᠤᠨ ᠤ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠢ ᠡᠬᠢᠯᠡᠭᠦᠯᠦᠨ᠎ᠡ᠃ ᠬᠠᠯᠢᠭᠤᠲᠤ ᠤᠰᠤᠨ ᠴᠥᠭᠦᠷᠥᠮ ᠤᠨ ᠨᠤᠭᠤ | ᠭᠠᠵᠠᠷ ᠤᠨ ᠠᠮᠢ ᠠᠬᠤᠢ᠂ ᠶᠡᠭᠡ ᠲᠦᠷᠭᠡᠨ ᠭᠤᠣᠯ ᠤᠨ ᠬᠠᠭᠤᠴᠢᠨ ᠵᠠᠮ ᠤᠨ ᠵᠣᠬᠢᠶᠠᠮᠠᠯ ᠨᠤᠭᠤ ᠭᠠᠵᠠᠷ ᠢ ᠴᠡᠪᠡᠷᠰᠢᠭᠦᠯᠬᠦ ᠢᠨᠵᠧᠨᠧᠷᠢᠩ ᠢ ᠠᠬᠢᠭᠤᠯᠤᠨ᠎ᠠ᠃ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠠᠪᠤᠨ ᠲᠤᠷ᠎ᠠ ᠪᠠᠷ ᠢᠶᠠᠨ ᠢ ᠠᠷᠢᠯᠭᠠᠬᠤ︾ ᠲᠤᠰᠬᠠᠢ ᠠᠵᠢᠯᠯᠠᠭ᠎ᠠ ᠶᠢ | ᠥᠷᠨᠢᠭᠦᠯᠵᠦ᠂ ᠤᠰᠤᠨ ᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠰᠠᠶᠢᠨ ᠰᠠᠶᠢᠬᠠᠨ ᠤᠰᠤᠨ ᠤ ᠠᠮᠢ ᠠᠬᠤᠢ ᠶᠢ ᠬᠠᠮᠠᠭᠠᠯᠠᠨ᠎ᠠ᠃ | ᠶᠡᠭᠡ ᠬᠡᠪᠴᠢᠶᠡᠨ ᠤ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠭᠦᠨᠵᠡᠭᠡᠶ ᠥᠷᠨᠢᠭᠦᠯᠵᠦ᠂ ᠨᠣᠭᠤᠭᠠᠨ ᠥᠩᠭᠡ ᠶᠢ ᠠᠮᠢ ᠠᠬᠤᠶ ᠶᠢᠨ ᠬᠦᠬᠡᠬᠤᠲᠠ ᠶᠢᠨ | ︽ᠬᠠᠮᠤᠭ ᠤᠨ ᠭᠤᠶᠣ ᠳᠡᠪᠢᠰᠬᠡᠷ ᠥᠩᠭᠡ︾ ᠪᠣᠯᠭᠠᠨ᠎ᠠ᠃ ︽ᠳᠠᠯᠠᠨ ᠬᠠᠷ᠎ᠠ ᠶᠢ ᠨᠣᠭᠤᠭᠠᠷᠠᠭᠤᠯᠵᠤ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ᠠᠮᠢ | ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠶ ᠶᠢᠨ | ᠰᠣᠶᠣᠯ ᠵᠢᠭᠤᠯᠴᠢᠯᠠᠯ ᠤᠨ ᠣᠷᠣᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠴᠡᠯᠡᠭᠡᠷ ᠲᠠᠯ᠎ᠠ ᠶᠢᠨ ᠠᠮᠢ ᠠᠬᠤᠶ ᠶᠢᠨ ᠬᠥᠨᠳᠡᠶ ᠶᠢ ᠡᠬᠢᠯᠡᠨ | ᠪᠠᠶᠢᠭᠤᠯᠵᠤ᠂ ︽ᠬᠥᠬᠡ ᠤᠭᠲᠠᠷᠭᠤᠢ ᠴᠡᠩᠭᠡᠷᠯᠡᠭᠡᠳ ᠬᠦᠷᠦᠰᠦᠳᠦ ᠲᠡᠯᠡᠭᠡᠢ ᠴᠡᠯᠡᠶᠢᠵᠦ᠂ ᠬᠤᠩᠭᠤᠷ ᠰᠠᠯᠬᠢᠨ᠎ᠠ ᠡᠪᠡᠰᠦ ᠨᠠᠶᠢᠭᠤᠬᠤᠯᠠᠷ᠂ ᠬᠤᠨᠢ ᠦᠬᠡᠷ | ᠢᠷᠠᠶᠢᠭᠰᠠᠨ︾ ᠴᠡᠯᠡᠭᠡᠷ ᠲᠠᠯ᠎ᠠ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ᠳᠠᠬᠢᠨᠲᠠ ᠢᠯᠡᠷᠡᠭᠦᠯᠵᠦ᠂ ᠬᠦᠬᠡᠬᠤᠲᠠ ᠶᠢ ᠲᠠᠯ᠎ᠠ ᠨᠤᠲᠤᠭ ᠤᠨ | ᠦᠵᠡᠰᠬᠦᠯᠡᠩᠲᠦ ᠰᠠᠶᠢᠬᠠᠨ ᠬᠤᠲᠠ ᠪᠣᠯᠭᠠᠨ ᠴᠣᠭᠴᠠᠯᠠᠨ᠎ᠠ᠃ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ᠂ ᠪᠠᠶᠢᠭᠠᠯᠢ ᠶᠢᠨ ᠤᠢ ᠶᠢ | ᠬᠠᠮᠠᠭᠠᠯᠠᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ ᠬᠤᠲᠠ ᠶᠢᠨ | ᠨᠣᠭᠤᠭᠠᠷᠠᠭᠤᠯᠤᠯᠲᠠ ᠶᠢ ᠥᠷᠨᠢᠭᠦᠯᠵᠦ᠂ ᠨᠢᠭᠡ ᠪᠦᠯᠦᠭ ᠬᠤᠲᠠ ᠶᠢᠨ ᠵᠦᠯᠭᠡ ᠭᠠᠵᠠᠷ᠂ ᠵᠦᠯᠭᠡ ᠬᠤᠩᠭᠢᠯ ᠪᠠ ᠪᠢᠴᠢᠯ ᠦᠵᠡᠮᠵᠢ ᠶᠢ ᠲᠥᠯᠥᠪᠵᠢᠭᠦᠯᠦᠨ | ᠪᠦᠲᠦᠭᠡᠨ ᠪᠠᠶᠢᠭᠤᠯᠤᠨ᠎ᠠ᠃ ᠰᠢᠨ᠎ᠡ ᠬᠤᠲᠠ ᠲᠣᠭᠤᠷᠢᠭ ᠤᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠲᠣᠭᠤᠷᠢᠭ ᠪᠠᠶᠢᠭᠤᠯᠬᠤ ᠶᠢ ᠳᠠᠮᠵᠢᠨ᠎ᠠ᠃ ᠲᠣᠰᠬᠤᠨ ᠪᠠᠯᠭᠠᠰᠤ ᠶᠢᠨ ᠨᠣᠭᠤᠭᠠᠷᠠᠭᠤᠯᠤᠯᠲᠠ ᠶᠢ ᠠᠬᠢᠭᠤᠯᠵᠤ᠂ 50 ᠥᠪᠡᠷᠲᠡᠭᠡᠨ ᠵᠠᠰᠠᠬᠤ ᠣᠷᠣᠨ ᠤ ᠣᠶ | ᠰᠢᠭᠤᠶ ᠶᠢᠨ ᠠᠶᠢᠯ ᠲᠣᠰᠬᠤᠨ᠂ 4 ᠣᠶ ᠰᠢᠭᠤᠶ ᠶᠢᠨ ᠰᠢᠶᠠᠩ ᠪᠠᠯᠭᠠᠰᠤ᠂ 1ᠣᠶ ᠰᠢᠭᠤᠶ ᠶᠢᠨ ᠬᠤᠰᠢᠭᠤ ᠰᠢᠶᠠᠨ ᠢ ᠴᠤᠭᠴᠠᠯᠠᠨ ᠪᠠᠶᠢᠭᠤᠯᠤᠨ᠎ᠠ᠃ | ᠤᠯᠤᠰ ᠤᠨ ᠨᠤᠲᠤᠭ ᠪᠡᠯᠴᠢᠭᠡᠷ ᠢ 41.2 ᠲᠦᠮᠡᠨ ᠮᠦ ᠨᠤᠭᠤᠭᠠᠷᠠᠭᠤᠯᠤᠨ᠎ᠠ᠃ | ᠪᠣᠬᠢᠷᠲᠤᠯ ᠥᠬᠡᠶ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠬᠤᠪᠢᠰᠤᠯᠲᠠ ᠶᠢ ᠠᠬᠢᠭᠤᠯᠵᠤ᠂ ᠪᠣᠬᠢᠷᠲᠤᠯ ᠥᠬᠡᠶ ᠬᠥᠭᠵᠢᠯᠲᠡ ᠶᠢ ᠪᠥᠬᠦ | ᠨᠡᠶᠢᠭᠡᠮ ᠤᠨ ︽ᠭᠤᠤᠯ ᠬᠥᠭ ᠠᠶᠠᠰ︾ ᠪᠣᠯᠭᠠᠨ᠎ᠠ᠃ ᠪᠠᠭ᠎ᠠ ᠨᠡᠭᠦᠷᠡᠰᠦᠳᠦ᠋ᠷᠦᠭᠴᠢᠲᠦ᠂ ᠣᠷᠴᠢᠯ᠂ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠵᠤ᠂ | ᠭᠤᠤᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠡᠨᠧᠷᠭᠢ ᠶᠡᠭᠡ ᠬᠤᠷᠤᠭᠳᠠᠭᠤᠯᠬᠤ ᠲᠥᠷᠥᠯ ᠵᠦᠢᠯ ᠤᠨ ᠡᠨᠧᠷᠭᠢ | ᠠᠷᠪᠢᠯᠠᠬᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠪᠣᠬᠢᠷᠲᠤᠯ ᠥᠬᠡᠶ ᠠᠭᠤᠷᠬᠠᠶ ᠶᠢ 7᠂ ᠪᠣᠬᠢᠷᠲᠤᠯ ᠥᠬᠡᠶ ᠬᠦᠷᠢᠶᠡᠯᠡᠩ ᠲᠣᠭᠤᠷᠢᠭ ᠢ 1 ᠪᠠᠶᠢᠭᠤᠯᠤᠨ᠎ᠠ | ᠃ ᠤᠰᠤᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠬᠤᠤᠰ ᠡᠵᠡᠮᠳᠡᠯ ᠢ ᠴᠢᠩᠭᠠᠷᠠᠭᠤᠯᠵᠤ᠂ ᠬᠠᠷᠠᠴᠢᠨ ᠤᠰᠤᠨ ᠤ | ᠦᠢᠯᠡᠳᠪᠦᠷᠢ ᠶᠢᠨ ᠤᠰᠤᠨ ᠤ ᠡᠬᠢ ᠰᠤᠷᠪᠤᠯᠵᠢ ᠶᠢ ᠤᠷᠤᠯᠠᠭᠤᠯᠬᠤ ᠢᠨᠵᠧᠨᠧᠷᠢᠩ ᠢ ᠬᠡᠷᠡᠭᠵᠢᠬᠦᠯᠵᠦ᠂ ᠭᠠᠵᠠᠷ ᠳᠣᠤᠷᠠᠬᠢ ᠤᠰᠤ ᠶᠢ ᠠᠭᠤᠳᠠᠯᠤᠨ ᠮᠠᠯᠲᠠᠬᠤ ᠶᠢ | ᠪᠠᠭᠠᠰᠬᠠᠨ᠂ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠤᠰᠤ ᠬᠡᠷᠡᠭᠯᠡᠬᠦ ᠬᠡᠮᠵᠢᠶ᠎ᠡ ᠶᠢ 2015 ᠣᠨ ᠤ ᠬᠢ ᠠᠴᠠ ᠲᠤᠰ ᠲᠤᠰ 21% ᠪᠠ 18 % ᠪᠠᠷ ᠪᠠᠭᠤᠷᠠᠭᠤᠯᠤᠨ᠎ᠠ᠃ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠲᠤᠯᠤᠭᠠᠶᠢᠯᠠᠭᠴᠢ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠬᠦ ᠶᠢ ᠳᠡᠮᠵᠢᠵᠦ᠂ ᠡᠪᠡᠰᠦᠨ ᠦᠷ᠎ᠡ ᠶᠢᠨ ᠦᠢᠯᠡᠰ ᠢ ᠶᠡᠬᠡᠪᠡᠷ | ᠬᠥᠭᠵᠢᠭᠦᠯᠵᠦ᠂ ᠨᠡᠶᠢᠭᠡᠮ ᠤᠨ ᠬᠥᠷᠥᠩᠭᠡ ᠶᠢᠨ ᠰᠡᠯᠡᠭᠦᠴᠡᠯ᠂ ᠠᠮᠢ ᠠᠬᠤᠶ ᠶᠢᠨ ᠵᠢᠭᠤᠯᠴᠢᠯᠠᠯ᠂ ᠠᠮᠢ ᠠᠬᠤᠶ ᠶᠢᠨ ᠪᠡᠶᠡᠴᠢᠯᠡᠨ ᠣᠶᠢᠯᠠᠭᠠᠬᠤ ᠵᠡᠷᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠬᠥᠲᠥᠯᠦᠨ ᠵᠢᠯᠣᠭᠤᠳᠴᠤ ᠳᠡᠮᠵᠢᠨ᠎ᠡ᠃ ᠳᠥᠭᠦᠮ ᠳᠥᠲᠡ ᠲᠣᠬᠢᠷᠠᠮᠵᠢᠲᠠᠶ᠂ ᠪᠣᠬᠢᠷᠲᠤᠯ ᠥᠬᠡᠶ | ᠪᠠᠭ᠎ᠠ ᠨᠡᠭᠦᠷᠡᠰᠦᠳᠦ᠋ᠷᠦᠭᠴᠢᠳᠦ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠵᠦ᠂ ᠨᠡᠶᠢᠭᠡᠮ ᠳᠠᠶᠠᠭᠠᠷ ᠲᠤ ᠪᠣᠬᠢᠷᠲᠤᠯ ᠥᠬᠡᠶ ᠶᠠᠪᠤᠵᠤ ᠰᠠᠭᠤᠬᠤ᠂ | ᠪᠣᠬᠢᠷᠲᠤᠯ ᠥᠬᠡᠶ ᠠᠵᠢᠯᠯᠠᠬᠤ᠂ ᠪᠣᠬᠢᠷᠲᠤᠯ ᠥᠬᠡᠶ ᠬᠡᠷᠡᠭᠯᠡᠭᠡ ᠶᠢ ᠰᠠᠨᠠᠭᠠᠴᠢᠯᠠᠵᠤ᠂ ᠪᠣᠬᠢᠷᠲᠤᠯ ᠥᠬᠡᠶ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ | ᠬᠠᠳᠠᠩᠰᠢᠭᠤᠯᠤᠨ᠎ᠠ᠃ | ︵ᠵᠢᠷᠭᠤᠭ᠎ᠠ︶ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠥᠪ ᠬᠤᠲᠠ ᠶᠢᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠴᠢᠩᠭᠠᠷᠠᠭᠤᠯᠤᠨ᠎ᠠ | ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ | ᠦᠵᠡᠯᠲᠡ ᠶᠢ ᠶᠡᠬᠡᠪᠡᠷ ᠬᠦᠮᠦᠵᠢᠬᠦᠯᠦᠨ ᠦᠢᠯᠡᠳᠦᠯᠭᠡᠵᠢᠭᠦᠯᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠭᠦᠨᠵᠡᠭᠡᠶ ᠲᠦᠯᠬᠢᠨ | ᠠᠬᠢᠭᠤᠯᠵᠤ᠂ ᠤᠯᠠᠨ ᠲᠦᠮᠡᠨ ᠤ ᠪᠣᠯᠪᠠᠰᠤᠨ ᠤ ᠬᠡᠪ ᠪᠣᠯᠪᠠᠰᠤᠷᠠᠯ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠦᠨᠡᠨᠴᠢ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠱᠠᠩᠨᠠᠵᠤ ᠵᠠᠯᠬᠠᠭᠠᠬᠤ ᠶᠢ ᠬᠤᠯᠪᠤᠯᠳᠤᠭᠤᠯᠬᠤ ᠶᠢ ᠬᠡᠷᠡᠭᠵᠢᠭᠦᠯᠵᠦ᠂ ᠢᠲᠡᠭᠡᠮᠵᠢ ᠲᠠᠢ | ᠬᠥᠮᠦᠰ ᠲᠤ ᠠᠰᠢᠭ ᠬᠦᠷᠳᠡᠭᠡᠵᠦ᠂ ᠢᠲᠡᠭᠡᠯ ᠠᠯᠳᠠᠭᠰᠠᠳ ᠢ ᠬᠢᠵᠠᠭᠠᠷᠯᠠᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠬᠥᠭᠵᠢᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠎ᠠ᠃ ᠨᠡᠶᠢᠭᠡᠮ ᠳᠠᠶᠠᠭᠠᠷ ᠪᠠᠭᠠᠲᠤᠷᠴᠤᠳ ᠠᠴᠠ ᠰᠤᠷᠤᠯᠴᠠᠵᠤ᠂ ᠦᠯᠢᠭᠡᠷ | ᠳᠠᠭᠤᠷᠢᠶᠠᠯ ᠠᠴᠠ ᠰᠤᠷᠤᠯᠴᠠᠵᠤ᠂ ᠴᠠᠭ ᠦᠶ᠎ᠡ ᠶᠢᠨ ᠵᠦᠪ ᠡᠨᠧᠷᠬᠢ ᠶᠢ ᠨᠢᠭᠲᠠᠷᠠᠭᠤᠯᠤᠨ᠎ᠠ᠃ ︽ᠴᠢᠨᠡᠭᠡᠯᠢᠭ ᠨᠡᠶᠢᠭᠡᠮ ᠢ ᠪᠡᠶᠡᠯᠡᠭᠦᠯᠬᠦ ᠰᠢᠢᠳᠪᠦᠷᠢᠲᠦ | ᠢᠯᠠᠯᠲᠠ ᠶᠢ ᠣᠯᠵᠤ᠂ ᠶᠠᠳᠠᠭᠤ ᠠᠴᠠ ᠠᠩᠭᠢᠵᠢᠷᠠᠭᠤᠯᠬᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ᠂ ᠴᠢᠷᠮᠠᠶᠢᠨ ᠲᠡᠮᠡᠴᠡᠬᠦ ᠳᠤ ᠪᠢ ᠪᠠᠶᠢᠨ᠎ᠠ᠂ ᠰᠠᠶᠢᠨ | ᠰᠠᠶᠢᠬᠠᠨ ᠳᠤ ᠪᠢ ᠪᠠᠶᠢᠨ᠎ᠠ︾ ᠭᠤᠣᠯ ᠰᠡᠳᠦᠪᠲᠦ ᠵᠣᠬᠢᠶᠠᠨ ᠪᠦᠲᠦᠭᠡᠯᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠭᠵᠢᠯᠲᠡ ᠶᠢᠨ ᠴᠤᠬ ᠰᠦᠯᠳᠡ ᠶᠢ | ᠬᠥᠭᠵᠢᠭᠡᠨ᠎ᠡ᠃ | ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠲᠠᠯ᠎ᠠ ᠨᠤᠲᠤᠭ ᠤᠨ ᠨᠣᠮ ᠤᠨ ᠥᠷᠥᠭᠡ᠂ ︽ᠬᠤᠨ ᠭᠠᠯᠠᠭᠤ ᠤᠩᠰᠢᠯᠭ᠎ᠠ︾ ᠵᠡᠷᠭᠡ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠶᠢᠲᠤᠷ ᠠᠳᠬᠤᠵᠤ᠂ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠰᠠᠨᠠᠭᠠᠴᠢᠯᠠᠵᠤ᠂ ᠨᠣᠮ | ᠲᠠᠢ ᠨᠡᠶᠢᠭᠡᠮ ᠢ ᠪᠦᠲᠦᠭᠡᠨ ᠪᠠᠶᠢᠭᠤᠯᠤᠨ᠎ᠠ᠃ ︽ᠰᠣᠶᠣᠯ ᠢ ᠨᠡᠶᠢᠭᠡᠮ ᠲᠣᠭᠤᠷᠢᠭ ᠲᠤ ᠣᠷᠣᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠢᠯᠡᠴᠢᠯᠡᠭᠡᠨ ᠤ ᠲᠥᠪ ᠢ ︽ᠨᠡᠶᠢᠳᠡᠮ ᠳᠤᠨᠢ ᠪᠦᠷᠬᠦᠭᠦᠯᠬᠦ︾ ᠶᠢ ᠪᠡᠶᠡᠯᠡᠭᠦᠯᠦᠨ᠎ᠡ᠃ | ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠡᠰᠢᠬᠦᠯᠦᠨ᠂ ︽ᠨᠠᠮ | ᠪᠠᠶᠢᠭᠤᠯᠤᠭᠳᠠᠭᠰᠠᠨ 100 ᠵᠢᠯ ᠤᠨ ᠤᠢ︾ ᠶᠢ ᠪᠡᠯᠭᠡᠯᠡᠬᠦ ᠲᠤᠰᠬᠠᠢ ᠲᠣᠭᠯᠠᠯᠲᠠ᠂ ᠰᠢᠯᠢᠳᠡᠭ ᠵᠦᠴᠦᠭᠡ ᠶᠢᠨ ᠵᠣᠬᠢᠶᠠᠨ ᠪᠦᠳᠦᠭᠡᠯᠭᠡ ᠶᠢᠨ ᠦᠵᠡᠭᠦᠯᠭᠡ ᠶᠢᠨ | ᠲᠣᠭᠯᠠᠯᠲᠠ ᠶᠢ ᠥᠷᠨᠢᠭᠦᠯᠵᠦ᠂ ᠤᠯᠠᠭᠠᠨᠮᠥ᠋ᠴᠢᠷ ᠪᠦᠷᠢ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 100 ᠲᠠᠯᠠᠪᠠᠢ ᠠᠴᠠ ᠳᠡᠭᠡᠭᠰᠢ ᠪᠡᠶᠡᠯᠡᠭᠦᠯᠦᠨ᠎ᠡ᠃ | ᠨᠢᠭᠡ ᠪᠦᠯᠦᠭ ᠨᠥᠯᠥᠭᠡᠯᠡᠬᠦ ᠬᠦᠴᠦᠨ ᠪᠦᠬᠦᠢ ᠰᠣᠳᠣᠨ ᠰᠣᠶᠣᠯ ᠤᠨ ᠢᠨᠵᠧᠨᠧᠷᠢᠩ ᠢ ᠭᠠᠷᠭᠠᠵᠤ᠂ ︽ᠥ᠋ ᠬᠠᠨ ᠳ᠋ᠢᠩ︾ ᠵᠡᠷᠭᠡ ᠰᠣᠳᠣᠨ ᠵᠦᠴᠦᠭᠡ ᠶᠢᠨ | ᠵᠣᠬᠢᠶᠠᠨ ᠪᠦᠲᠦᠭᠡᠯᠭᠡ ᠪᠠ ᠲᠣᠭᠯᠠᠯᠲᠠ ᠶᠢ ᠪᠡᠶᠡᠯᠡᠭᠦᠯᠦᠨ᠎ᠡ᠃ ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠮᠦᠽᠧᠶ᠂ ᠣᠯᠠᠨ ᠲᠦᠮᠡᠨ ᠤ | ᠤᠷᠠᠯᠢᠭ ᠤᠨ ᠣᠷᠳᠣᠨ᠂ ᠳᠠᠭᠤᠤ ᠬᠥᠭᠵᠢᠮ ᠤᠨ ᠲᠢᠩᠬᠢᠮ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠣᠯᠠᠨ ᠲᠦᠮᠡᠨ ᠤ | ᠣᠯᠠᠨ ᠲᠠᠰ ᠳᠠᠪᠬᠤᠷᠭ᠎ᠠ ᠶᠢᠨ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠡᠰ ᠳᠡᠪᠰᠢᠭᠦᠯᠦᠨ᠎ᠡ᠃ ᠴᠡᠯᠡᠭᠡᠷ ᠲᠠᠯ᠎ᠠ ᠶᠢᠨ ᠠᠮᠢ ᠠᠬᠤᠢ ᠶᠢᠨ ᠬᠥᠨᠳᠡᠢ ᠳᠤ ᠲᠦᠰᠢᠭᠯᠡᠨ᠂ ᠪᠦᠬᠦ ᠤᠯᠤᠰ ᠤᠨ | ᠨᠡᠷᠡᠲᠦ ᠠᠳᠤᠭᠤᠨ ᠰᠤᠶᠤᠯ ᠪᠣᠯᠤᠨ ᠮᠣᠷᠢᠨ ᠤ ᠤᠷᠤᠯᠳᠤᠭᠠᠨ ᠤ ᠶᠡᠷᠦᠩᠬᠡᠶᠢᠯᠡᠭᠰᠡᠨ ᠦᠵᠡᠭᠦᠯᠭᠡ ᠶᠢᠨ ᠲᠣᠭᠤᠷᠢᠭ᠂ ᠥᠪᠥᠷ ᠮᠣᠩᠭᠤᠯ ᠤᠨ ᠦᠨᠳᠦᠰᠦᠳᠡᠨ ᠤ | ᠰᠣᠶᠣᠯ ᠤᠨ ᠶᠡᠷᠦᠩᠬᠡᠶᠢᠯᠡᠭᠰᠡᠨ ᠦᠵᠡᠭᠦᠯᠭᠡ ᠶᠢᠨ ᠲᠣᠭᠤᠷᠢᠭ ᠢ ᠪᠠᠶᠢᠭᠤᠯᠵᠤ᠂ ᠰᠣᠶᠣᠯ᠂ ᠵᠢᠭᠤᠯᠴᠢᠯᠠᠯ ᠢᠶᠠᠷ ᠭᠤᠣᠯ ᠪᠣᠯᠭᠠᠭᠰᠠᠨ ᠠᠵᠤ ᠦᠢᠯᠡᠰ ᠤᠨ | ᠪᠦᠯᠦᠭᠵᠢᠯ ᠢ ᠪᠠᠶᠢᠭᠤᠯᠤᠨ᠎ᠠ᠃ ᠳᠥᠷᠪᠡᠨ ᠤᠯᠠᠷᠢᠯ ᠤᠨ ᠵᠢᠭᠤᠯᠴᠢᠯᠠᠯ ᠢ ᠲᠦᠯᠬᠢᠨ ᠠᠬᠢᠭᠤᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠡᠷᠡᠭᠯᠡᠭᠡᠨ ᠤ | ᠴᠢᠳᠠᠪᠤᠷᠢ ᠶᠢᠨ ᠳᠡᠰ ᠢ ᠳᠡᠭᠡᠭᠰᠢᠯᠡᠭᠦᠯᠦᠨ᠎ᠡ᠃ ᠢᠯᠢ ᠶᠢᠨ ᠣᠳᠣ ᠦᠶ᠎ᠡ ᠶᠢᠨ ᠤᠶᠤᠨᠳᠤ ᠡᠷᠡᠭᠦᠯ ᠮᠡᠨᠳᠦ ᠶᠢᠨ ᠬᠦᠨᠳᠡᠢ ᠶᠢᠨ ᠲᠥᠷᠥᠯ ᠵᠦᠢᠯ ᠤᠨ ᠪᠦᠳᠦᠭᠡᠨ | ᠪᠠᠶᠢᠭᠤᠯᠤᠯᠲᠠ ᠪᠠᠷ ᠰᠢᠨ᠎ᠡ ᠬᠦᠳᠡᠯᠭᠡᠬᠦ ᠬᠦᠴᠦᠨ ᠪᠣᠯᠭᠠᠵᠤ᠂ ᠠᠵᠤ ᠦᠢᠯᠡᠳᠪᠦᠷᠢ ᠶᠢᠨ ᠵᠢᠭᠤᠯᠴᠢᠯᠠᠯ ᠤᠨ ᠰᠢᠨ᠎ᠡ ᠣᠷᠣᠨ ᠵᠠᠶ ᠶᠢ ᠥᠷᠭᠡᠳᠬᠡᠨ᠎ᠡ᠃ | ᠵᠢᠭᠤᠯᠴᠢᠯᠠᠯ ᠤᠨ ᠰᠣᠳᠣᠨ ᠱᠤᠭᠤᠮ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠪᠠ ᠨᠢᠭᠡ ᠥᠷᠲᠡᠭᠡ ᠮᠠᠶ᠋ᠢᠭ ᠤᠨ ᠰᠣᠶᠣᠯ ᠵᠢᠭᠤᠯᠴᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ 5A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ | ᠬᠤᠲᠠ ᠶᠢᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠪᠦᠲᠦᠭᠡᠬᠦ ᠪᠠ ᠭᠠᠳᠠᠭᠰᠢ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠵᠤ᠂ | ᠬᠥᠬᠡᠬᠤᠲᠠ ᠶᠢᠨ ᠪᠠᠶᠢᠭᠠᠯᠢ ᠶᠢᠨ ᠭᠤᠸ᠎ᠠ ᠰᠠᠶᠢᠬᠠᠨ᠂ ᠰᠤᠶᠤᠯ ᠢᠷᠭᠡᠨᠰᠢᠯ ᠤᠨ ᠭᠤᠸ᠎ᠠ ᠰᠠᠶᠢᠬᠠᠨ᠂ ᠬᠤᠲᠠ ᠶᠢᠨ ᠭᠤᠸ᠎ᠠ ᠰᠠᠶᠢᠬᠠᠨ ᠢ ᠨᠠᠩ ᠬᠥᠮᠦᠨ ᠢ | ᠰᠣᠭᠲᠣᠷᠠᠭᠤᠯᠤᠮ᠎ᠠ ᠲᠠᠲᠠᠬᠤ ᠬᠦᠴᠦᠨ ᠲᠠᠢ ᠪᠣᠯᠭᠠᠨ᠎ᠠ ᠃ | ︵ᠳᠣᠯᠤᠭ᠎ᠠ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠬᠦᠭᠵᠢᠯᠲᠡ ᠶᠢᠨ ᠬᠦᠳᠡᠯᠭᠡᠬᠦ ᠬᠦᠴᠦᠨ ᠠᠮᠢᠵᠢᠷᠠᠯ ᠤᠨ ᠬᠦᠴᠦᠨ ᠢ | ᠨᠡᠮᠡᠭᠳᠡᠭᠦᠯᠦᠨ᠎ᠡ | ᠥᠭᠡᠷᠡᠴᠢᠯᠡᠯᠲᠡ ᠠᠴᠠ ᠬᠦᠭᠵᠢᠯᠲᠡ ᠪᠣᠯᠣᠨ ᠬᠦᠳᠡᠯᠭᠡᠬᠦ ᠬᠦᠴᠦᠨ ᠣᠯᠬᠤ ᠶᠢ ᠪᠠᠷᠢᠮᠲᠠᠯᠠᠨ᠎ᠠ᠃ ᠬᠦᠳᠡᠭᠡ ᠲᠣᠰᠬᠤᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠦᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢ ᠡᠬᠢᠯᠡᠭᠦᠯᠵᠦ᠂ ᠲᠠᠷᠢᠶᠠᠯᠠᠩ ᠤᠨ | ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠡᠷᠬᠡ ᠶᠢ ᠨᠤᠲᠠᠯᠠᠨ | ᠲᠤᠭᠲᠠᠭᠠᠵᠤ ᠳᠠᠩᠰᠠᠯᠠᠨ ᠦᠨᠡᠮᠯᠡᠯ ᠣᠯᠭᠤᠭᠰᠠᠨ ᠢ ︽ᠡᠷᠭᠢᠨ ᠬᠠᠷᠠᠬᠤ︾ ᠪᠠ ᠬᠠᠮᠲᠣ ᠶᠢᠨ ᠦᠮᠴᠢᠯᠡᠬᠦ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ | ᠪᠡᠶᠡᠯᠡᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠢᠨᠠᠨ ᠬᠠᠮᠢᠶᠠᠷᠬᠤ ᠪᠠᠶᠢᠭᠤᠯᠣᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠳᠦᠷᠢᠮᠵᠢᠭᠰᠡᠨ ᠠᠷᠠᠯᠵᠢᠶ᠎ᠠ ᠪᠣᠯᠣᠨ ᠲᠥᠪ ᠭᠤᠣᠯᠴᠢ | ᠦᠷᠢᠰᠦᠯᠳᠦᠭᠡᠨ ᠢ ᠤᠯᠠᠮ ᠨᠢᠭᠡ ᠠᠯᠬᠤᠮ ᠠᠬᠢᠭᠤᠯᠣᠨ᠎ᠠ᠃ ᠭᠠᠵᠠᠷ ᠰᠢᠷᠣᠢ ᠶᠢ ᠰᠢᠯᠵᠢᠭᠦᠯᠦᠨ ᠥᠭᠬᠦ ᠳᠣᠣᠷᠠᠳᠣ ᠦᠨ᠎ᠡ ᠪᠣᠢ ᠪᠣᠯᠬᠤ ᠲᠣᠭᠲᠠᠴᠠ ᠶᠢ | ᠥᠭᠡᠷᠡᠴᠢᠯᠡᠵᠦ᠂ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠡᠷᠡᠭᠦᠯ ᠲᠣᠭᠲᠠᠭᠤᠨ ᠬᠦᠭᠵᠢᠯᠲᠡ ᠶᠢ ᠠᠬᠢᠭᠤᠯᠣᠨ᠎ᠠ᠃ ᠠᠵᠢᠯ ᠦᠢᠯᠡᠰ ᠤᠨ ᠨᠢᠭᠡᠴᠡ ᠶᠢᠨ | ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠤᠯᠤᠰ ᠤᠨ ᠦᠮᠴᠢᠯᠡᠯᠲᠦ ᠡᠳ᠋ ᠬᠦᠷᠦᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ | ᠳᠠᠬᠢᠨ ᠪᠠᠶᠢᠭᠤᠯᠣᠯᠲᠠ ᠶᠢ ᠭᠦᠨᠵᠡᠭᠡᠶᠢᠷᠡᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠪᠡᠯᠡ ᠣᠷᠣᠭᠤᠯᠣᠯᠲᠠ ᠡᠵᠡᠩᠨᠡᠯᠲᠡ ᠶᠢᠨ ᠬᠢᠨᠠᠯᠲᠠ | ᠬᠠᠮᠢᠶᠠᠷᠣᠯᠲᠠ ᠶᠢ ᠴᠢᠩᠭᠠᠳᠬᠠᠨ᠎ᠠ᠃ | ᠨᠡᠭᠡᠭᠡᠯᠲᠡ ᠠᠴᠠ ᠣᠷᠣᠨ ᠵᠠᠢ ᠪᠣᠯᠣᠨ ᠠᠮᠢᠵᠢᠷᠠᠯ ᠤᠨ ᠬᠦᠴᠦᠨ ᠢ ᠣᠯᠬᠤ ᠶᠢ ᠪᠠᠷᠢᠮᠲᠠᠯᠠᠨ᠎ᠠ᠃ ︽ᠨᠢᠭᠡ ᠪᠦᠰᠡ ᠨᠢᠭᠡ ᠵᠠᠮ︾ ᠪᠣᠯᠣᠨ ᠳᠤᠮᠳᠠᠳᠤ | ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠠᠶᠢᠭᠤᠯᠣᠯᠲᠠ ᠶᠢ ᠭᠦᠨᠵᠡᠭᠡᠢ ᠠᠭᠤᠰᠣᠯᠴᠠᠭᠤᠯᠣᠨ᠂ ᠶᠡᠷᠦᠩᠬᠡᠶᠢᠯᠡᠭᠰᠡᠨ ᠭᠠᠶᠢᠯᠢ ᠶᠢ ᠪᠠᠲᠣᠯᠠᠬᠤ | ᠲᠤᠭᠤᠷᠢᠭ᠂ ᠬᠢᠯᠢ ᠠᠯᠣᠰᠯᠠᠭᠰᠠᠨ ᠡᠯᠧᠺᠲᠷᠣᠨ ᠬᠤᠳᠠᠯᠳᠣᠭᠠᠨ ᠤ ᠶᠡᠷᠦᠩᠬᠡᠶᠢᠯᠡᠭᠰᠡᠨ ᠲᠣᠷᠰᠢᠯᠲᠠ ᠶᠢᠨ ᠲᠤᠭᠤᠷᠢᠭ ᠤᠨ ᠪᠦᠲᠦᠭᠡᠨ ᠪᠠᠶᠢᠭᠤᠯᠣᠯᠲᠠ ᠶᠢ | ᠠᠬᠢᠭᠤᠯᠵᠤ᠂ ᠭᠠᠳᠠᠭᠠᠳᠣ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠣᠶᠢᠵᠢᠭᠤᠯᠣᠨ᠂ ᠭᠠᠳᠠᠭᠠᠳᠣ ᠠᠷᠠᠯᠵᠢᠶ᠎ᠠ ᠶᠢ ᠲᠣᠭᠲᠠᠭᠤᠨ | ᠥᠰᠦᠯᠲᠡ ᠲᠠᠢ ᠪᠠᠶᠢᠯᠭᠠᠨ᠎ᠠ᠃ ᠲᠥᠷᠭᠡᠨ ᠤ ᠲᠡᠮᠦᠷ ᠵᠠᠮ ᠨᠡᠪᠲᠡᠷᠡᠬᠦ ᠠᠰᠢᠭᠲᠠᠢ ᠲᠣᠬᠢᠶᠠᠯ ᠢ ᠰᠠᠶᠢᠲᠣᠷ ᠠᠳᠬᠤᠵᠤ᠂ ᠪᠡᠭᠡᠵᠢᠩ ᠲᠢᠶᠠᠨᠵᠢᠨ ᠾᠧᠪᠸᠢ ᠶᠢᠨ | ᠬᠤᠲᠠ ᠶᠢᠨ ᠪᠦᠯᠦᠭᠵᠢᠯ᠂ ᠬᠠᠲᠣᠨ ᠭᠤᠣᠯ ᠤᠨ ︽几︾ ᠦᠰᠦᠭ ᠤᠨ ᠲᠣᠬᠤᠢ ᠶᠢᠨ ᠬᠤᠲᠠ ᠶᠢᠨ ᠲᠤᠭᠤᠷᠢᠭ ᠵᠡᠷᠭᠡ ᠭᠠᠵᠠᠷ ᠯᠤᠭ᠎ᠠ ᠶᠢᠨ ᠰᠣᠯᠢᠯᠴᠠᠭ᠎ᠠ | ᠬᠠᠮᠲᠣᠷᠠᠯᠴᠠᠭ᠎ᠠ ᠪᠠᠨ ᠨᠢᠭᠲᠠᠷᠠᠭᠤᠯᠤᠨ᠎ᠠ᠃ ᠣᠷᠣᠨ ᠪᠦᠰᠡ ᠶᠢᠨ ᠴᠢᠨᠠᠷᠲᠠᠢ ᠭᠤᠣᠯ ᠬᠤᠲᠠ ᠶᠢᠨ ᠲᠣᠯᠣᠭᠠᠶᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ | ᠬᠦᠬᠡᠬᠤᠲᠠ ᠪᠣᠭᠤᠲᠤ ᠣᠷᠳᠣᠰ ᠦᠬᠠᠢ ᠬᠠᠮᠵᠢᠯᠴᠠᠨ ᠬᠦᠭᠵᠢᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠡᠬᠢᠯᠡᠭᠦᠯᠵᠦ᠂ ᠣᠷᠣᠨ ᠪᠦᠰᠡ ᠶᠢᠨ | ᠬᠦᠭᠵᠢᠯᠲᠡ ᠶᠢ ︽ᠨᠢᠭᠡ ᠪᠦᠯᠦᠭ ᠬᠤᠲᠠ︾ ᠠᠴᠠ ︽ᠨᠢᠭᠡ ᠬᠤᠲᠠ ᠶᠢᠨ ᠪᠦᠯᠦᠭᠵᠢᠯ︾ ᠵᠦᠭ ᠬᠤᠪᠢᠷᠠᠭᠤᠯᠬᠤ ᠶᠢ ᠲᠦᠯᠬᠢᠨ ᠠᠬᠢᠭᠤᠯᠣᠨ᠎ᠠ᠃ | ︵ᠨᠠᠢᠮᠨ︶ ᠬᠤᠷᠢᠨᠭᠡᠷ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠤ᠂ ᠠᠵᠣ ᠠᠬᠤᠢ ᠶᠢᠨ ᠴᠢᠨᠠᠷ ᠰᠠᠶᠢᠲᠠᠢ | ᠬᠦᠭᠵᠢᠯᠲᠡ ᠶᠢᠨ ᠨᠡᠮᠡᠭᠳᠡᠯ ᠤᠨ ᠲᠦᠢᠯ ᠢ ᠴᠣᠭᠴᠠᠯᠠᠨ᠎ᠠ | ᠶᠡᠷᠦᠩᠬᠡᠶᠢᠯᠡᠭᠰᠡᠨ ᠠᠴᠢᠶᠠᠯᠠᠬᠤ ᠴᠢᠳᠠᠪᠣᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠶᠢᠨ ᠱᠧᠩ ᠵᠠᠮ ᠢ ᠰᠠᠶᠢᠵᠢᠷᠠᠭᠤᠯᠣᠨ ᠥᠭᠡᠷᠡᠴᠢᠯᠡᠬᠦ᠂ | ᠬᠤᠲᠠ ᠶᠢᠨ ᠶᠠᠪᠣᠳᠠᠯ ᠤᠨ ᠢᠵᠢ ᠪᠦᠷᠢᠳᠦᠭᠦᠯᠬᠦ ᠵᠠᠮ᠂ ᠴᠠᠬᠢᠯᠭᠠᠨ ᠬᠦᠴᠦᠨ ᠤ ᠬᠤᠭᠤᠯᠠᠢ ᠶᠢᠨ ᠬᠤᠩᠬᠢᠯ᠂ ︽ᠬᠤᠶᠠᠷ ᠭᠤᠣᠯ ᠨᠢᠭᠡ ᠬᠤᠩᠬᠢᠯ︾ ᠤᠨ ᠠᠮᠢ | ᠠᠬᠤᠢ ᠶᠢᠨ ᠵᠠᠰᠠᠯᠲᠠ ᠵᠡᠷᠭᠡ ᠭᠤᠣᠯᠳᠠᠯᠭ᠎ᠠ ᠲᠠᠢ ᠲᠦᠷᠥᠯ ᠵᠦᠢᠯ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠨ ᠠᠬᠢᠭᠤᠯᠣᠨ᠎ᠠ᠃ ᠲᠤᠭ᠎ᠠ ᠪᠦᠭᠡᠮᠨᠡᠷᠡᠯ᠂ | ᠮᠦᠩᠭᠦᠨ ᠭᠦᠢᠯᠭᠡᠭᠡ᠂ ᠰᠣᠷᠭᠠᠨ ᠬᠦᠮᠦᠵᠢᠯ᠂ ᠪᠡᠶ᠎ᠡ ᠰᠤᠪᠢᠯᠠᠯᠲᠠ᠂ ᠰᠣᠶᠣᠯ ᠤᠨ ᠪᠦᠲᠦᠭᠡᠯᠴᠢ ᠰᠡᠳᠬᠢᠮᠵᠢ ᠵᠡᠷᠭᠡ ᠣᠨᠴᠠᠯᠢᠭᠲᠤ ᠪᠠᠯᠭᠠᠰᠣ ᠶᠢ ᠦᠨᠳᠦᠷ | ᠪᠠᠷᠢᠮᠵᠢᠶ᠎ᠠ ᠪᠠᠷ ᠴᠣᠭᠴᠠᠯᠠᠨ ᠪᠠᠶᠢᠭᠤᠯᠣᠨ᠎ᠠ᠃ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨ᠎ᠡ | ᠰᠤᠷᠭᠠᠭᠤᠯᠢ ᠶᠢᠨ ᠲᠤᠭᠤᠷᠢᠭ ᠤᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠤ᠂ ᠳ᠋ᠠᠯᠢᠶᠠᠨ ᠤ ᠹᠧᠩ ᠶᠧ ᠣᠯᠠᠨ ᠤᠯᠤᠰ ᠤᠨ ᠰᠣᠷᠭᠠᠭᠤᠯᠢ ᠡᠬᠢᠯᠡᠨ | ᠰᠣᠷᠣᠭᠴᠢ ᠡᠯᠰᠡᠵᠦ᠂ ︽ᠠᠵᠣ ᠦᠢᠯᠡᠰ ᠬᠤᠲᠠ ᠶᠢᠨ ᠠᠭᠤᠰᠣᠯᠴᠠᠯ︾ ᠬᠦᠭᠵᠢᠯᠲᠡ ᠶᠢᠨ ᠰᠢᠨ᠎ᠡ ᠦᠯᠢᠭᠡᠷ ᠬᠡᠪ ᠢ ᠪᠠᠶᠢᠭᠤᠯᠣᠨ ᠴᠣᠭᠴᠠᠯᠠᠨ᠎ᠠ᠃ | ᠳᠡᠭᠡᠳᠦ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠣ ᠦᠢᠯᠡᠰ ᠤᠨ ᠴᠣᠭᠯᠠᠷᠠᠯ ᠬᠦᠭᠵᠢᠯᠲᠡ ᠶᠢ ᠠᠬᠢᠭᠤᠯᠣᠨ᠎ᠠ᠃ ᠲᠣᠭᠠᠴᠢᠯᠠᠭᠰᠠᠨ ᠠᠵᠣ ᠠᠬᠤᠢ᠂ | ᠠᠮᠢ ᠰᠢᠨᠵᠢᠯᠡᠭᠡ᠂ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠳᠥᠷᠪᠡᠨ ᠶᠡᠭᠡ ᠭᠤᠣᠯᠳᠠᠯᠭ᠎ᠠ ᠲᠠᠢ ᠠᠵᠣ ᠦᠢᠯᠡᠰ ᠤᠨ ᠴᠣᠭᠯᠠᠷᠠᠯ | ᠬᠦᠭᠵᠢᠯᠲᠡ ᠶᠢ ᠠᠬᠢᠭᠤᠯᠵᠣ᠂ ᠭᠤᠣᠯᠳᠠᠯᠭ᠎ᠠ ᠲᠠᠢ ᠠᠵᠣ ᠦᠢᠯᠡᠰ ᠤᠨ ᠲᠦᠷᠥᠯ ᠵᠦᠢᠯ 28 ᠶᠢ ᠰᠢᠨ᠎ᠡ ᠪᠠᠷ ᠪᠤᠶᠤ ᠦᠷᠭᠦᠯᠵᠢᠯᠡᠨ ᠪᠠᠶᠢᠭᠤᠯᠵᠤ᠂ 80 | ᠳ᠋ᠦᠩᠰᠢᠭᠤᠷ ᠲᠦᠭᠦᠷᠢᠭ ᠠᠴᠠ ᠳᠡᠭᠡᠭᠰᠢ ᠪᠡᠯᠡ ᠣᠷᠣᠭᠤᠯᠣᠯᠲᠠ ᠶᠢ ᠪᠡᠶᠡᠯᠡᠭᠦᠯᠦᠨ᠎ᠡ᠃ ᠳ᠋ᠦᠩ ᠹᠠᠩ ᠭᠦᠸᠧ ᠰᠢᠨ ᠠᠵᠣ ᠦᠢᠯᠡᠳᠪᠦᠷᠢ ᠶᠢᠨ ᠢᠨᠲ᠋ᠧᠷ | ᠰᠦᠯᠵᠢᠶ᠎ᠡ ᠶᠢᠨ ᠤᠮᠠᠷᠠᠲᠤ ᠶᠢᠨ ᠣᠷᠣᠨ ᠪᠦᠰᠡ ᠶᠢᠨ ᠲᠥᠪ ᠤᠨ ᠨᠢᠭᠡᠳᠦᠭᠡᠷ ᠬᠤᠭᠤᠴᠠᠭ᠎ᠠ᠂ ᠵᠢᠩ ᠳ᠋ᠦᠩ ︽ᠠᠽᠢᠶ᠎ᠠ ᠨᠢᠭᠡᠳᠦᠭᠡᠷ ᠨᠡᠷᠡᠮᠵᠢᠲᠦ︾ ᠤᠶᠤᠨᠴᠢ | ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠪᠡᠭᠡᠵᠢᠩ ᠤᠨ ᠠᠵᠣ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠽᠣᠲᠲᠣ ᠬᠦᠩᠭᠡᠨᠴᠠᠭᠠᠨ ᠤ ᠮᠠᠲ᠋ᠧᠷᠢᠶᠠᠯ ᠵᠡᠷᠭᠡ | ᠲᠦᠷᠥᠯ ᠵᠦᠢᠯ ᠢ ᠪᠡᠶᠡᠯᠡᠭᠦᠯᠵᠦ᠂ ᠳᠤᠮᠳᠠᠳᠤ ᠤᠯᠤᠰ ᠤᠨ ᠪᠠᠩᠬᠢ ᠶᠢᠨ ᠶᠡᠷᠦᠩᠬᠡᠢ ᠪᠠᠩᠬᠢ ᠶᠢᠨ ᠮᠦᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠲᠥᠪ᠂ ᠾᠧᠩ ᠳ᠋ᠠ ᠤᠰᠤᠨ ᠤ ᠶᠢᠷᠲᠢᠨᠴᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢ ︽ | ᠡᠭᠦᠯᠡᠨ ᠳᠤ ᠭᠠᠷᠬᠤ︾ ᠶᠢ ᠲᠦᠯᠬᠢᠨ ᠠᠬᠢᠭᠤᠯᠣᠨ᠎ᠠ᠃ | ᠥᠭᠡᠷᠡᠴᠢᠯᠡᠵᠦ ᠰᠢᠨ᠎ᠡ ᠶᠢ ᠡᠭᠦᠳᠬᠦ ᠪᠠ ᠨᠡᠭᠡᠭᠡᠨ ᠬᠦᠭᠵᠢᠭᠦᠯᠬᠦ ᠠᠯᠬᠤᠴᠠ ᠶᠢ ᠲᠦᠷᠭᠡᠳᠬᠡᠨ᠎ᠡ᠃ ᠪᠠᠷᠠᠭᠠᠯᠠᠯ ᠤᠨ ᠴᠢᠨᠠᠷ ᠲᠠᠢ ᠰᠢᠨ᠎ᠡ ᠶᠢ ᠡᠭᠦᠳᠬᠦ | ᠲᠣᠷᠰᠢᠯᠲᠠ ᠶᠢᠨ ᠵᠢᠱᠢᠶ᠎ᠡ ᠦᠵᠡᠭᠦᠯᠬᠦ ᠲᠦᠷᠥᠯ ᠵᠦᠢᠯ ᠢ ᠢᠳᠡᠪᠬᠢᠲᠡᠢ ᠲᠡᠮᠡᠴᠡᠨ ᠣᠯᠵᠤ ᠣᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ᠂ ᠬᠢᠨᠠᠨ | ᠵᠥᠪᠰᠢᠶᠡᠷᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠠᠬᠢᠭᠤᠯᠣᠨ᠂ ᠨᠡᠭᠡᠭᠡᠯᠲᠡᠲᠦ ᠮᠠᠶ᠋ᠢᠭ ᠤᠨ ᠠᠵᠣ ᠠᠬᠤᠢ ᠶᠢᠨ ᠬᠦᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠶᠢᠰᠦ︶ ᠬᠦᠭᠵᠢᠯᠲᠡ ᠶᠢᠨ ᠳᠤᠮᠳᠠ ᠠᠷᠠᠳ ᠤᠨ ᠠᠮᠢᠳᠣᠷᠠᠯ ᠢ ᠪᠠᠲᠣᠯᠠᠨ ᠰᠠᠶᠢᠵᠢᠷᠠᠭᠤᠯᠵᠤ᠂ ᠰᠡᠳᠬᠢᠯ ᠲᠠᠯᠪᠢᠨ ᠬᠦᠴᠦ ᠣᠷᠣᠭᠤᠯᠵᠤ ᠠᠷᠠᠳ | ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠨ᠂ ᠪᠤᠶᠠᠨ ᠬᠡᠰᠢᠭ ᠢ ᠨᠡᠮᠡᠭᠳᠡᠭᠦᠯᠦᠨ᠎ᠡ | ᠨᠡᠩ ᠲᠣᠭᠲᠠᠭᠤᠨ ᠦᠷᠭᠦᠯᠵᠢᠯᠡᠭᠰᠡᠨ ᠠᠵᠢᠯ ᠣᠯᠭᠤᠯᠲᠠ ᠶᠢ ᠪᠡᠶᠡᠯᠡᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠥ ᠶᠢᠨ | ᠪᠣᠳᠣᠯᠭ᠎ᠠ ᠶᠢ ᠨᠡᠩ ᠶᠡᠭᠡ ᠡᠷᠴᠢᠮ ᠲᠠᠢ ᠬᠡᠷᠡᠭᠵᠢᠭᠦᠯᠵᠦ᠂ ᠳᠡᠭᠡᠳᠦ ᠰᠣᠷᠭᠠᠭᠤᠯᠢ ᠶᠢᠨ ᠲᠡᠭᠦᠰᠬᠦ ᠣᠶᠣᠲᠠᠳ᠂ ᠬᠤᠲᠠ ᠣᠷᠣᠵᠣ ᠠᠵᠢᠯ ᠬᠢᠵᠦ ᠪᠠᠶᠢᠭ᠎ᠠ | ᠲᠠᠷᠢᠶᠠᠴᠢᠨ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠠᠵᠢᠯ ᠲᠦᠷᠥᠯ᠂ | ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠲᠤᠪᠤᠶᠢᠯᠭᠠᠵᠤ᠂ ︽ᠠᠵᠣ ᠠᠬᠤᠶᠢᠯᠠᠯ ᠢ ᠲᠣᠭᠲᠠᠪᠣᠷᠢᠵᠢᠭᠤᠯᠣᠨ ᠠᠵᠢᠯ ᠤᠨ ᠪᠠᠶᠢᠷᠢ ᠶᠢ ᠲᠤᠰᠠᠯᠠᠬᠤ︾ | ᠲᠦᠷᠥ ᠶᠢᠨ ᠪᠣᠳᠣᠯᠭ᠎ᠠ ᠶᠢ ᠭᠦᠢᠴᠡᠳ ᠰᠠᠶᠢᠲᠣᠷ ᠬᠡᠷᠡᠭᠯᠡᠵᠦ᠂ ᠰᠢᠨ᠎ᠡ ᠠᠵᠢᠯ ᠤᠨ ᠪᠠᠶᠢᠷᠢ᠂ ᠰᠢᠨ᠎ᠡ ᠠᠵᠢᠯ ᠮᠡᠷᠭᠡᠵᠢᠯ ᠢ ᠶᠡᠬᠡᠪᠡᠷ ᠪᠤᠶᠢᠵᠢᠭᠤᠯᠵᠤ᠂ ᠬᠤᠲᠠ | ᠪᠠᠯᠭᠠᠰᠤᠨ ᠤ ᠠᠵᠢᠯ ᠣᠯᠭᠤᠯᠲᠠ ᠶᠢ 4.5 ᠲᠦᠮᠡᠨ ᠬᠦᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠠᠵᠢᠯ ᠣᠯᠭᠤᠯᠲᠠ ᠶᠢᠨ ᠲᠤᠰᠠᠯᠠᠮᠵᠢ ᠶᠢ | ᠴᠢᠩᠭᠠᠳᠬᠠᠵᠤ᠂ ᠠᠵᠢᠯ ᠣᠯᠤᠭᠰᠠᠨ ᠬᠥᠮᠦᠨ ᠦᠭᠡᠢ ᠭᠡᠷ ᠪᠦᠯᠢ ᠶᠢᠨ ᠬᠦᠳᠡᠯᠦᠩᠭᠦᠢ ᠪᠠᠶᠢᠳᠠᠯ ᠢ ︽ᠲᠡᠭ ᠪᠠᠶᠢᠯᠭᠠᠬᠤ︾ ᠶᠢ ᠦᠨᠡᠨᠬᠦ ᠪᠠᠲᠤᠯᠠᠨ᠎ᠠ᠃ ︽ | ᠮᠢᠩᠭᠠᠨ ᠠᠵᠤ ᠠᠬᠤᠶᠢᠯᠠᠯ ᠮᠢᠩᠭᠠᠨ ᠴᠡᠷᠢᠭ ᠲᠠᠢ ᠬᠤᠯᠪᠣᠭᠠᠯᠠᠬᠤ ᠲᠥᠯᠥᠪᠯᠡᠭᠡ︾ ᠶᠢ ᠬᠡᠷᠡᠭᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ | ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠯᠲᠠ ᠶᠢ | ᠲᠦᠷᠭᠡᠳᠬᠡᠨ᠎ᠡ᠃ ᠠᠳᠠᠯ ᠦᠢᠯᠡᠰ ᠴᠣᠭᠴᠠᠯᠠᠬᠤ ᠬᠥᠭᠵᠢᠯᠲᠡ ᠶᠢᠨ ᠪᠠᠯᠠ ᠮᠥᠩᠭᠦ ᠶᠢ ᠪᠠᠶᠢᠭᠤᠯᠵᠤ᠂ ︽ᠠᠩᠬᠠᠨ ᠤ ᠡᠭᠦᠳᠦᠯᠲᠡ ᠳᠤ ᠲᠤᠰᠠᠯᠠᠬᠤ︾ ᠨᠠᠷᠠᠲᠤ | ᠲᠥᠷᠥᠯ ᠲᠡᠮᠳᠡᠭᠲᠦ ᠶᠢᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠥᠷᠨᠢᠭᠦᠯᠵᠦ᠂ ᠨᠥᠬᠦᠪᠥᠷᠢ ᠥᠭᠬᠦ ᠴᠢᠨᠠᠷᠲᠠᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 3.2 ᠲᠦᠮᠡᠨ ᠬᠥᠮᠦᠨ ᠤᠳᠠᠭ᠎ᠠ ᠠᠴᠠ | ᠳᠡᠭᠡᠭᠰᠢ ᠪᠡᠶᠡᠯᠡᠭᠦᠯᠦᠨ᠎ᠡ᠃ ᠬᠥᠮᠦᠨ ᠠᠮᠠ ᠶᠢᠨ ᠠᠰᠢᠭ ᠣᠨᠣᠭᠳᠠᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠬᠥᠮᠦᠨ ᠠᠮᠠ ᠶᠢᠨ ᠠᠯᠬᠤᠮ | ᠠᠯᠬᠤᠮ ᠢᠶᠠᠷ ᠬᠤᠲᠠ ᠪᠠᠯᠭᠠᠰᠤ ᠲᠡᠰᠢ ᠰᠢᠯᠵᠢᠬᠦ᠂ ᠭᠠᠳᠠᠷ ᠣᠷᠣᠨ ᠤ ᠬᠥᠮᠦᠨ ᠠᠮᠠ ᠲᠠᠰᠤᠷᠠᠯᠲᠠ ᠦᠭᠡᠢ ᠮᠠᠨ ᠤ ᠬᠤᠲᠠ ᠳᠤ ᠣᠷᠣᠬᠤ ᠶᠢ ᠠᠬᠢᠭᠤᠯᠤᠨ᠎ᠠ᠃ | ᠨᠡᠩ ᠲᠥᠪ ᠭᠤᠤᠯᠴᠢ ᠴᠢᠨᠠᠷ ᠰᠠᠶᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ | ᠠᠬᠢᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠦᠮᠦᠵᠢᠭᠦᠯᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ︽ᠰᠢᠯᠢᠳᠡᠭ ᠦᠨᠳᠦᠰᠦᠨ ᠰᠤᠷᠭᠠᠨ | ᠬᠥᠮᠦᠵᠢᠯ ᠤᠨ ᠡᠬᠢ ᠪᠠᠶᠠᠯᠢᠭ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ | ᠬᠡᠤᠬᠡᠳ ᠤᠨ ᠴᠡᠴᠡᠷᠯᠢᠭ 28 ᠶᠢ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠵᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ | ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ︽ᠨᠠᠷᠠᠲᠤ | ᠰᠤᠷᠭᠠᠭᠤᠯᠢ ᠬᠤᠪᠢᠶᠠᠷᠢ ᠰᠤᠷᠭᠠᠭᠤᠯᠢ ᠪᠠᠶᠢᠭᠤᠯᠬᠤ᠂ ᠨᠠᠷᠠᠲᠤ ᠰᠤᠷᠭᠠᠭᠤᠯᠢ ᠨᠢ ᠪᠠᠭᠤᠷᠠᠶ ᠰᠤᠷᠭᠠᠭᠤᠯᠢ ᠶᠢ ᠳᠠᠭᠠᠭᠤᠯᠬᠤ︾ ᠠᠵᠢᠯ ᠢ ᠰᠠᠶᠢᠲᠤᠷ ᠬᠢᠨ᠎ᠠ᠃ | ᠡᠩ ᠤᠨ ᠲᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠯᠠᠨ ᠶᠠᠩᠵᠤᠴᠢᠯᠠᠭᠰᠠᠨ᠂ ᠣᠨᠴᠠᠯᠢᠬᠵᠢᠭᠰᠠᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠰᠣᠷᠣᠭᠴᠢ ᠡᠯᠰᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠢᠯᠡ ᠪᠠᠷ ᠰᠣᠷᠣᠭᠴᠢ ᠡᠯᠰᠡᠬᠦ︾ ︽ᠢᠯᠡ ᠪᠠᠷ | ᠠᠩᠭᠢ ᠬᠤᠪᠢᠶᠠᠬᠤ︾ ᠶᠢ ᠠᠬᠢᠭᠤᠯᠤᠨ᠎ᠠ᠃ ᠠᠯᠪᠠᠨ ᠠᠴᠠ ᠡᠷᠬᠢᠯᠡᠬᠦ᠂ ᠲᠦᠭᠡᠮᠡᠯ ᠬᠠᠷᠠᠭᠠᠯᠵᠠᠯ ᠦᠵᠡᠭᠦᠯᠬᠦ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ | ᠴᠡᠴᠡᠷᠯᠢᠭ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠨᠡᠶᠢᠭᠡᠮ ᠤᠨ | ᠬᠦᠴᠦᠨ ᠤ ᠡᠯ᠎ᠡ ᠲᠦᠷᠦᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠡᠷᠬᠢᠯᠡᠬᠦ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠦᠨᠳᠦᠰᠦᠲᠡᠨ ᠤ ᠰᠤᠷᠭᠠᠨ | ᠬᠥᠮᠦᠵᠢᠯ᠂ ᠣᠨᠴᠠᠭᠠᠶ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠰᠠᠶᠢᠲᠤᠷ ᠡᠷᠬᠢᠯᠡᠵᠦ᠂ ᠦᠷᠭᠦᠯᠵᠢᠯᠡᠭᠰᠡᠨ ᠰᠤᠷᠭᠠᠨ | ᠬᠥᠮᠦᠵᠢᠯ ᠢ ᠬᠥᠭᠵᠢᠭᠦᠯᠵᠦ᠂ ᠨᠠᠰᠤᠨ ᠲᠤᠷᠰᠢᠳᠠ ᠰᠤᠷᠤᠯᠴᠠᠬᠤ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ | ᠨᠡᠩ ᠪᠦᠷᠢᠨ ᠲᠡᠭᠦᠯᠳᠡᠷ ᠨᠠᠶᠢᠳᠠᠪᠣᠷᠢᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠲᠣᠰ ᠤᠳᠠᠭᠠᠨ ᠤ | ᠬᠢᠵᠢᠭ ᠤᠨ ᠪᠠᠶᠢᠳᠠᠯ ᠳᠤ ᠢᠯᠡᠷᠡᠭᠰᠡᠨ ᠪᠠᠭᠤᠷᠠᠶ ᠲᠠᠯ᠎ᠠ ᠪᠠ ᠳᠤᠲᠠᠭᠤᠳᠠᠯ ᠳᠤ ᠴᠢᠭᠯᠡᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠢ ᠠᠷᠭᠠᠴᠠᠭᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ | ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ | ᠬᠤᠲᠠ ᠶᠢᠨ ᠲᠡᠰ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠦᠨᠡᠯᠡᠨ ᠵᠢᠱᠢᠬᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠰᠡᠷᠭᠡᠶᠢᠯᠡᠨ | ᠡᠵᠡᠮᠳᠡᠬᠦ ᠬᠠᠮᠵᠢᠯᠴᠠᠬᠤ ᠲᠣᠭᠲᠠᠴᠠ ᠪᠠ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ᠂ ᠡᠳ᠋ ᠪᠣᠳᠠᠰ ᠤᠨ ᠪᠠᠲᠤᠯᠠᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠎ᠡ᠃ ᠬᠤᠲᠠ ᠶᠢᠨ ᠱᠠᠲᠤᠨ ᠤ ᠶᠡᠷᠦᠩᠬᠡᠶᠢᠯᠡᠭᠰᠡᠨ ᠭᠤᠷᠪᠠᠳᠣᠭᠠᠷ ᠳᠡᠰ ᠤᠨ ᠬᠥᠬᠡ ᠵᠡᠷᠭᠡᠯᠡᠯ ᠤᠨ ᠡᠮᠨᠡᠯᠭᠡ ᠶᠢᠨ ᠬᠤᠷᠢᠶ᠎ᠠ᠂ ᠬᠤᠰᠢᠭᠤ | ᠰᠢᠶᠠᠨ ᠤ ᠬᠤᠶᠠᠳᠤᠭᠠᠷ ᠳᠡᠰ ᠤᠨ ᠬᠥᠬᠡ ᠵᠡᠷᠭᠡᠯᠡᠯ ᠤᠨ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠶᠢ ᠲᠦᠷᠭᠡᠳᠬᠡᠵᠦ᠂ ᠰᠢᠶᠠᠨ ᠤ ᠬᠡᠪᠴᠢᠶᠡᠨ ᠤ | ᠶᠡᠷᠦᠩᠬᠡᠶᠢᠯᠡᠭᠰᠡᠨ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠱᠠᠲᠤ ᠬᠤᠪᠢᠶᠠᠨ ᠣᠨᠣᠰᠢᠯᠠᠨ ᠡᠮᠴᠢᠯᠡᠬᠦ ᠪᠠ ᠭᠡᠷ | ᠪᠦᠯᠢ ᠶᠢᠨ ᠡᠮᠴᠢ ᠶᠢᠨ ᠭᠡᠷ᠎ᠡ ᠲᠣᠭᠲᠠᠬᠤ ᠳᠦᠷᠢᠮ ᠢ ᠨᠠᠶᠢᠳᠠᠪᠣᠷᠢᠵᠢᠭᠤᠯᠵᠤ᠂ ᠦᠨᠳᠦᠰᠦᠨ ᠱᠠᠲᠤᠨ ᠤ ᠨᠡᠷᠡᠲᠦ ᠡᠮᠴᠢ ᠶᠢᠨ ᠠᠵᠢᠯᠯᠠᠬᠤ ᠲᠠᠰᠤᠭ ᠤᠨ ︽ | ᠨᠡᠶᠢᠳᠡᠮ ᠳᠤᠨᠢ ᠪᠦᠷᠬᠦᠭᠦᠯᠬᠦ︾ ᠶᠢ ᠪᠡᠶᠡᠯᠡᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ | ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ | ᠣᠯᠠᠨ ᠲᠦᠮᠡᠨ ᠤ ᠪᠡᠶ᠎ᠡ ᠮᠠᠬᠠᠪᠣᠳ ᠤᠨ ᠬᠡᠪ ᠴᠢᠨᠠᠷ ᠪᠣᠯᠣᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠨᠡᠩ ᠪᠠᠲᠤ ᠪᠠᠬᠢ ᠲᠦᠭᠡᠮᠡᠯ ᠬᠠᠷᠠᠭᠠᠯᠵᠠᠯ ᠦᠵᠡᠭᠦᠯᠬᠦ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠤᠯᠤᠰ ᠤᠨ ᠨᠡᠶᠢᠭᠡᠮ ᠤᠨ | ᠪᠠᠲᠤᠯᠠᠭ᠎ᠠ ᠶᠢᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠂ ᠠᠵᠢᠯ ᠠᠴᠠ ᠪᠠᠨ ᠰᠠᠯᠵᠤ ᠠᠮᠠᠷᠠᠭᠰᠠᠨ ᠪᠠ | ᠠᠵᠢᠯ ᠠᠴᠠ ᠪᠠᠨ ᠪᠠᠭᠤᠵᠤ ᠠᠮᠠᠷᠠᠭᠰᠠᠨ ᠬᠦᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠨ᠎ᠠ᠃ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠳᠥᠷᠪᠡᠳᠦᠭᠡᠷ ᠪᠦᠯᠦᠭ ᠬᠡᠷ ᠪᠦᠯᠢ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠲᠤᠷᠰᠢᠯᠲᠠ ᠶᠢᠨ ᠠᠵᠢᠯ ᠢ ᠠᠬᠢᠭᠤᠯᠤᠨ᠎ᠠ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠡᠶᠢᠭᠡᠮ ᠤᠨ ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠠ᠃ | ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ︽ᠣᠷᠣᠨ ᠰᠠᠭᠤᠴᠠ ᠶᠢ | ᠰᠠᠭᠤᠬᠤ ᠠᠴᠠ ᠪᠢᠰᠢ ᠰᠠᠷᠢᠭᠠᠯᠠᠬᠤ ᠥᠬᠡᠶ︾ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠡᠷ ᠭᠠᠵᠠᠷ ᠬᠥᠷᠥᠩᠭᠡ ᠶᠢ ᠣᠬᠤᠷ ᠬᠤᠭᠤᠴᠠᠭᠠᠨ ᠤ ᠠᠵᠤ | ᠠᠬᠤᠶ ᠳᠤ ᠰᠡᠳᠡᠯᠲᠡ ᠥᠭᠬᠦ ᠠᠷᠭ᠎ᠠ ᠪᠠᠷᠢᠯ ᠪᠣᠯᠭᠠᠬᠤ ᠥᠬᠡᠶ᠂ ᠬᠡᠷ ᠭᠠᠵᠠᠷ ᠬᠥᠷᠥᠩᠭᠡ ᠶᠢᠨ ᠲᠣᠬᠢᠷᠠᠭᠤᠯᠤᠯ ᠡᠵᠡᠮᠳᠡᠯ ᠤᠨ ︽ᠨᠢᠭᠡ ᠬᠤᠲᠠ ᠳᠤ ᠨᠢᠭᠡ | ᠠᠷᠭ᠎ᠠ ᠪᠣᠳᠣᠯᠭ᠎ᠠ︾ ᠶᠢ ᠬᠡᠷᠡᠭᠵᠢᠭᠦᠯᠵᠦ᠂ ᠭᠠᠵᠠᠷ ᠤᠨ ᠦᠨ᠎ᠡ ᠶᠢ ᠲᠣᠭᠲᠠᠪᠣᠷᠢᠵᠢᠭᠤᠯᠬᠤ᠂ ᠬᠡᠷ ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠬᠤ᠂ | ᠵᠢᠱᠢᠯᠲᠡ ᠶᠢ ᠲᠣᠭᠲᠠᠪᠤᠷᠢᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠬᠢᠷᠠᠭᠤᠯᠤᠯ ᠡᠵᠡᠮᠳᠡᠯ ᠤᠨ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠤᠯᠠᠨ ᠨᠡᠶᠢᠲᠡ ᠶᠢᠨ ᠲᠦᠷᠢᠶᠡᠰᠦᠨ ᠭᠡᠷ ᠪᠠ ᠲᠦᠷᠢᠶᠡᠰᠦᠨ ᠣᠷᠣᠨ ᠰᠠᠭᠤᠴᠠ ᠶᠢ ᠵᠢᠷᠤᠮᠵᠢᠭᠤᠯᠤᠨ ᠬᠦᠭᠵᠢᠭᠦᠯᠵᠦ | ᠂ ᠬᠦᠴᠢᠷᠳᠡᠯᠲᠡᠢ ᠤᠯᠠᠨ ᠲᠦᠮᠡᠨ ᠪᠠ ᠰᠢᠨ᠎ᠡ ᠬᠤᠳᠠ ᠶᠢᠨ ᠠᠷᠠᠳ ᠵᠡᠷᠭᠡ ᠬᠠᠮᠲᠣ ᠣᠯᠠᠨ ᠤ ᠣᠷᠣᠨ ᠰᠠᠭᠤᠴᠠ ᠶᠢᠨ ᠠᠰᠠᠭᠤᠳᠠᠯ ᠢ ᠰᠠᠶᠢᠲᠤᠷ | ᠰᠢᠢᠳᠪᠦᠷᠢᠯᠡᠨ᠎ᠡ᠃ ᠭᠡᠷ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠢ ᠦᠷᠭᠦᠯᠵᠢᠯᠡᠨ ᠰᠢᠢᠳᠪᠦᠷᠢᠯᠡᠨ᠎ᠡ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠲᠠᠢ | ᠤᠶᠠᠯᠳᠤᠭᠤᠯᠤᠨ᠂ ᠨᠡᠶᠢᠭᠡᠮ ᠤᠨ ᠵᠠᠰᠠᠯᠲᠠ ᠶᠢᠨ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ | ᠰᠠᠭᠤᠭᠠᠯᠢ ᠠᠷᠠᠳ ᠤᠨ ᠮᠡᠳᠡᠭᠡ ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ᠂ ᠨᠡᠶᠢᠭᠡᠮ ᠲᠣᠭᠤᠷᠢᠭ ᠤᠨ | ᠲᠣᠤᠷᠵᠢᠭᠤᠯᠤᠭᠴᠢ ᠪᠠ ᠬᠤᠷᠢᠶᠠᠯᠠᠯ ᠤᠨ ᠠᠰᠠᠷ ᠤᠨ ᠳᠠᠷᠤᠭ᠎ᠠ ᠶᠢ ︽ᠨᠡᠶᠢᠳᠡᠮ ᠳᠤᠨᠢ ᠪᠦᠷᠬᠦᠭᠦᠯᠬᠦ︾ ᠶᠢ ᠪᠡᠶᠡᠯᠡᠭᠦᠯᠵᠦ᠂ ᠦᠨᠳᠦᠰᠦᠨ ᠱᠠᠲᠤᠨ ᠤ | ᠲᠣᠤᠷᠵᠢᠭᠤᠯᠤᠭᠰᠠᠨ ᠬᠠᠮᠢᠶᠠᠷᠤᠯᠲᠠ ᠶᠢᠨ ᠳᠤᠲᠠᠭᠤᠳᠠᠯ ᠢ ᠶᠡᠭᠡ ᠬᠦᠴᠦ ᠣᠷᠣᠭᠤᠯᠤᠨ ᠨᠥᠬᠦᠪᠥᠷᠢᠯᠡᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠣᠭᠠᠨ ᠢ ᠠᠷᠢᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠣᠯᠠᠨ ᠲᠦᠮᠡᠨ ᠤ | ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠰᠠᠭᠠᠳ ᠥᠬᠡᠶ ᠨᠡᠪᠲᠡᠷᠡᠬᠦ ᠵᠠᠮ ᠢ | ᠰᠢᠯᠤᠭᠤᠳᠬᠠᠨ᠎ᠠ᠃ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ︾ ᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ︽ᠵᠠᠷᠭᠤ ᠶᠢ | ᠬᠦᠯᠢᠶᠡᠨ ᠠᠪᠤᠪᠠᠯ ᠳᠠᠷᠤᠶ ᠰᠢᠢᠳᠪᠦᠷᠢᠯᠡᠬᠦ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠰᠢᠢᠳᠪᠦᠷᠢᠯᠡᠨ ᠠᠷᠢᠯᠭᠠᠬᠤ ᠶᠢ ᠲᠦᠯᠬᠢᠨ ᠠᠬᠢᠭᠤᠯᠣᠨ᠎ᠠ᠃ ᠬᠠᠤᠯᠢ ᠶᠣᠰᠣᠭᠠᠷ ᠴᠢᠩᠭ᠎ᠠ ᠰᠢᠢᠳᠬᠡᠬᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ | ᠵᠡᠷᠭᠡᠪᠡᠷ ᠵᠠᠰᠠᠬᠤ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ | ᠭᠦᠨᠵᠡᠭᠡᠶᠢᠷᠡᠨ ᠥᠷᠨᠢᠬᠦ ᠶᠢ ᠠᠬᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠡᠮᠬᠢ ᠵᠠᠮᠪᠠᠷᠠᠭ᠎ᠠ ᠦᠭᠡᠢ ᠦᠵᠡᠭᠳᠡᠯ ᠢ ᠴᠡᠭᠴᠡᠯᠡᠨ | ᠵᠠᠰᠠᠬᠤ ᠶᠢ ᠭᠦᠨᠵᠡᠭᠡᠶᠢᠷᠡᠭᠦᠯᠦᠨ᠎ᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠠᠴᠠ ᠵᠥᠷᠢᠴᠡᠭᠰᠡᠨ ᠬᠠᠤᠯᠢ ᠴᠠᠭᠠᠵᠠ ᠠᠴᠠ | ᠵᠦᠷᠢᠴᠡᠭᠰᠡᠨ ᠠᠰᠠᠭᠤᠳᠠᠯ ᠢ ᠲᠣᠰᠬᠠᠢ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠨᠡᠶᠢᠭᠡᠮ ᠤᠨ ᠠᠮᠤᠷ ᠲᠦᠪᠰᠢᠨ ᠤ | ᠶᠡᠷᠦᠩᠬᠡᠶᠢᠯᠡᠨ ᠵᠠᠰᠠᠬᠤ ᠠᠵᠢᠯ ᠢ ᠲᠦᠯᠬᠢᠨ ᠠᠬᠢᠭᠤᠯᠵᠤ᠂ ᠳᠠᠶᠢᠰᠤᠨ ᠲᠠᠢ ᠲᠡᠮᠡᠴᠡᠬᠦ᠂ ᠰᠦᠷᠳᠡᠭᠦᠯᠦᠯ ᠢ ᠡᠰᠡᠷᠭᠦᠴᠡᠨ ᠬᠦᠴᠦᠷᠬᠡᠭᠯᠡᠯ ᠢ ᠰᠡᠷᠭᠡᠶᠢᠯᠡᠬᠦ ᠠᠵᠢᠯ ᠢ | ᠴᠢᠩᠭᠠᠳᠬᠠᠨ᠎ᠠ᠃ ᠠᠶᠣᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠣᠷᠢᠵᠢᠭᠤᠯᠵᠤ᠂ ᠨᠢᠭᠡᠳᠦᠯᠲᠡᠶ ᠪᠥᠭᠡᠳ ᠥᠨᠳᠥᠷ ᠦᠷ᠎ᠡ | ᠪᠦᠲᠦᠮᠵᠢᠲᠡᠶ ᠠᠶᠣᠯᠭᠦᠢ ᠶᠢᠨ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠢ ᠪᠠᠭᠠᠰᠬᠠᠬᠤ ᠠᠵᠢᠯ ᠤᠨ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ᠃ ᠢᠳᠡᠭᠡᠨ | ᠪᠠ ᠡᠮ ᠤᠨ ᠵᠦᠢᠯ ᠤᠨ ᠠᠶᠣᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠤᠯᠤᠰ ᠤᠨ ᠢᠳᠡᠭᠡᠨ ᠤ ᠠᠶᠣᠯᠭᠦᠢ ᠶᠢᠨ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠣᠯᠤᠨ ᠡᠭᠦᠳᠦᠨ ᠪᠠᠶᠢᠭᠤᠯᠬᠤ ᠠᠵᠢᠯ ᠢ | ᠴᠢᠩᠭᠠᠳᠬᠠᠨ᠎ᠠ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠡᠷᠦᠬᠡ ᠶᠢᠨ ᠴᠡᠷᠢᠭ ᠤᠨ ᠲᠣᠬᠢᠷᠠᠭᠤᠯᠤᠯᠲᠠ | ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠢ ᠬᠠᠷᠠᠭᠠᠯᠵᠠᠨ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ | ᠨᠠᠶᠢᠳᠠᠪᠣᠷᠢᠵᠢᠭᠤᠯᠵᠤ᠂ ᠴᠡᠷᠢᠭ ᠠᠷᠠᠳ ᠤᠨ ᠠᠭᠤᠰᠣᠯᠴᠠᠯ ᠬᠦᠭᠵᠢᠯᠲᠡ ᠶᠢ ᠲᠦᠷᠭᠡᠳᠬᠡᠨ ᠠᠬᠢᠭᠤᠯᠵᠤ᠂ ︽ᠪᠦᠬᠦ ᠤᠯᠤᠰ ᠤᠨ ᠬᠤᠶᠠᠷ ᠢ ᠬᠦᠷᠢᠶᠡᠯᠡᠬᠦ | ᠵᠢᠱᠢᠶᠡᠴᠢ ᠬᠤᠲᠠ︾ ᠶᠢ ᠶᠢᠰᠦᠳᠦᠭᠡᠷ ᠤᠳᠠᠭ᠎ᠠ ᠴᠢᠷᠮᠠᠶᠢᠨ ᠪᠠᠶᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠨ᠎ᠠ᠃ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠰᠠᠶᠢᠲᠤᠷ ᠬᠢᠨ᠎ᠡ᠃ ᠤᠯᠠᠭᠠᠨ ᠵᠠᠭᠠᠯᠮᠠᠶᠢᠲᠠᠨ ᠤ ᠦᠢᠯᠡᠰ ᠢ ᠶᠡᠬᠡᠪᠡᠷ ᠬᠥᠭᠵᠢᠭᠦᠯᠵᠦ᠂ ᠨᠢᠭᠦᠯᠡᠰᠦᠩᠭᠦᠶ ᠶᠢᠨ ᠨᠡᠶᠢᠲᠡ ᠶᠢᠨ ᠠᠰᠠᠷᠠᠮᠵᠢ᠂ ᠰᠠᠶᠢᠨ ᠳᠤᠷᠠᠴᠤᠤᠯ ᠤᠨ | ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ | ᠵᠡᠮᠳᠡᠭᠴᠦᠳ ᠤᠨ ᠬᠤᠯᠪᠣᠭ᠎ᠠ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠵᠡᠷᠭᠡ ᠠᠵᠢᠯ ᠢ ᠶᠡᠬᠡᠪᠡᠷ ᠳᠠᠮᠵᠢᠨ᠎ᠠ᠃ | ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠦᠨᠡᠨᠴᠢ ᠰᠢᠳᠤᠷᠭᠤ ᠤᠯᠤᠰ ᠲᠦᠷᠦ ᠶᠢᠨ ᠬᠡᠪ ᠴᠢᠨᠠᠷ ᠢᠶᠠᠨ ᠡᠭᠦᠷᠢᠳᠡ | ᠬᠠᠳᠠᠭᠠᠯᠠᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠤᠷ᠎ᠠ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠬᠠᠮᠤᠭ ᠤᠨ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ | ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠨᠠᠶᠢᠳᠠᠪᠣᠷᠢᠵᠢᠭᠤᠯᠵᠤ᠂ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠥᠷᠭᠡᠨ ᠣᠯᠠᠨ ᠺᠠᠳ᠋ᠷ ᠢ ᠬᠥᠲᠥᠯᠥᠨ ᠵᠢᠯᠣᠭᠤᠳᠴᠤ ᠦᠵᠡᠯ ᠰᠠᠨᠠᠭᠠᠨ ᠤ | ᠪᠣᠯᠪᠠᠰᠤᠷᠠᠯ᠂ ᠤᠯᠤᠰ ᠲᠥᠷᠥ ᠶᠢᠨ ᠪᠣᠯᠪᠠᠰᠤᠷᠠᠯ᠂ ᠦᠢᠯᠡᠳᠦᠯᠭᠡ ᠶᠢᠨ ᠳᠠᠪᠲᠠᠯᠲᠠ ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠵᠠᠩ ᠰᠤᠷᠲᠠᠯ ᠢ ᠳᠠᠪᠲᠠᠨ ᠪᠣᠯᠪᠠᠰᠤᠷᠠᠭᠤᠯᠤᠨ᠎ᠠ᠃ | ᠬᠠᠤᠯᠢ ᠪᠠᠷ ᠵᠠᠰᠠᠬᠤ ᠪᠠᠶᠢᠭᠤᠯᠤᠯᠲᠠ ᠪᠠᠷ ᠪᠠᠲᠤᠯᠠᠭ᠎ᠠ ᠪᠣᠯᠭᠠᠵᠤ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ ᠬᠠᠤᠯᠢ ᠪᠠᠷ ᠲᠣᠭᠲᠠᠭᠠᠭᠰᠠᠨ ᠡᠷᠬᠡ ᠶᠢᠨ | ᠬᠡᠪᠴᠢᠶ᠎ᠡ ᠪᠠ ᠳᠠᠷᠠᠭᠠᠯᠠᠯ ᠢ ᠴᠢᠩᠭ᠎ᠠ ᠵᠢᠷᠤᠮᠯᠠᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠭᠦᠢᠴᠡᠳᠬᠡᠵᠦ᠂ ᠰᠠᠯᠠᠭ᠎ᠠ ᠮᠥᠴᠢᠷ ᠤᠨ ᠡᠷᠬᠡ ᠶᠢᠨ ᠨᠠᠷᠢᠨ | ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠠᠬᠢᠨ ᠡᠮᠬᠢᠯᠡᠵᠦ᠂ ᠵᠠᠰᠠᠭ ᠤᠨ ᠶᠠᠪᠤᠳᠠᠯ ᠤᠨ ᠠᠵᠢᠯᠯᠠᠭ᠎ᠠ ᠶᠢ ᠬᠠᠤᠯᠢ ᠪᠠᠷ ᠵᠠᠰᠠᠬᠤ ᠵᠠᠮ ᠳᠤ | ᠭᠦᠢᠴᠡᠳ ᠣᠷᠣᠭᠤᠯᠤᠨ᠎ᠠ᠃ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ | ᠳᠦᠷᠢᠮ︾ ᠪᠠ ︽ᠭᠤᠷᠪᠠᠨ ᠴᠢᠬᠤᠯᠠ ᠨᠢᠭᠡ ᠶᠡᠭᠡ︾ ᠳᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠪᠠ | ᠲᠣᠬᠢᠷᠠᠭᠤᠯᠬᠤ ᠶᠡᠷᠦᠩᠬᠡᠢ ᠨᠦᠯᠦᠭᠡ ᠶᠢᠨ ᠦᠨᠡᠯᠡᠨ ᠵᠢᠱᠢᠬᠦ ᠳᠦᠷᠢᠮ᠂ ᠡᠳ᠋ ᠤᠨ ᠵᠠᠰᠠᠭ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ | ᠬᠠᠮᠢᠶᠠᠷᠤᠯᠲᠠ ᠶᠢᠨ ᠳᠦᠷᠢᠮ ᠢ ᠨᠠᠶᠢᠳᠠᠪᠣᠷᠢᠵᠢᠭᠤᠯᠣᠨ᠂ ᠵᠠᠰᠠᠭ ᠤᠨ ᠣᠷᠳᠣᠨ ᠤ ᠭᠠᠷᠭᠠᠭᠰᠠᠨ ᠰᠢᠢᠳᠪᠦᠷᠢᠲᠦ ᠪᠣᠳᠣᠯᠭ᠎ᠠ ᠨᠢᠭᠡᠪᠦᠷᠢ ᠶᠢ ᠴᠥᠮ ᠰᠢᠯᠭᠠᠯᠲᠠ ᠶᠢ | ᠳᠠᠭᠠᠭᠠᠵᠤ ᠳᠡᠶᠢᠯᠬᠦ ᠪᠣᠯᠭᠠᠵᠤ᠂ ᠮᠦᠩᠭᠦ ᠨᠢᠭᠡᠪᠦᠷᠢ ᠶᠢ ᠴᠥᠮ ᠵᠢᠱᠢᠭᠰᠡᠨ ᠦᠷ᠎ᠡ ᠪᠦᠲᠦᠮᠵᠢ ᠳᠤ ᠬᠦᠷᠭᠡᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠭᠦᠨᠵᠡᠭᠡᠶᠢᠷᠡᠭᠦᠯᠵᠦ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠲᠧᠯᠸᠢᠰ ᠢᠶᠠᠷ ᠵᠠᠰᠠᠭ ᠤᠨ ᠶᠠᠪᠤᠳᠠᠯ ᠢ ᠠᠰᠠᠭᠤᠬᠤ ᠵᠡᠷᠭᠡ ᠬᠡᠯᠪᠡᠷᠢ ᠪᠠᠷ ᠳᠠᠮᠵᠢᠭᠤᠯᠤᠨ | ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠰᠣᠨᠣᠰᠬᠤ᠂ ᠣᠯᠠᠨ ᠲᠦᠮᠡᠨ ᠤ ᠲᠤᠯᠭᠠᠨ ᠠᠰᠠᠭᠤᠬᠤ ᠶᠢ ᠬᠦᠯᠢᠶᠡᠨ᠎ᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠤᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ | ᠬᠥᠮᠦᠵᠢᠯ ᠢ ᠭᠦᠨᠵᠡᠭᠡᠶᠢᠷᠡᠭᠦᠯᠦᠨ᠎ᠡ᠃ | ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠠᠷ ᠭᠠᠷᠳᠠᠴᠠ ᠪᠣᠯᠭᠠᠵᠤ᠂ ᠣᠪᠣᠷ ᠰᠤᠷᠲᠠᠯ ᠢᠶᠠᠨ ᠲᠠᠰᠤᠷᠠᠯᠲᠠ ᠥᠬᠡᠶ | ᠬᠤᠪᠢᠷᠠᠭᠤᠯᠣᠨ᠎ᠠ᠃ ︽ᠰᠤᠷᠲᠠᠯ ᠢ ᠰᠠᠶᠢᠵᠢᠷᠠᠭᠤᠯᠤᠨ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠵᠦ᠂ ᠪᠣᠳᠠᠲᠠᠶ ᠠᠵᠢᠯᠯᠠᠬᠤ ᠰᠤᠷᠲᠠᠯ ᠢ ᠶᠡᠬᠡᠪᠡᠷ | ᠳᠡᠯᠭᠡᠷᠡᠭᠦᠯᠵᠦ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾᠂ ︽ᠪᠢᠲᠡᠭᠦᠦ ᠴᠠᠭᠠᠷᠢᠭᠲᠤ ᠠᠵᠢᠯ ᠤᠨ ᠠᠷᠭ᠎ᠠ︾᠂ ︽ᠳᠦᠷᠪᠡᠨ ᠦᠭᠡᠢ ᠬᠤᠶᠠᠷ | ᠰᠢᠭᠤᠳ ᠪᠠᠶᠢᠴᠠᠭᠠᠨ ᠰᠤᠳᠤᠯᠬᠤ ᠠᠷᠭ᠎ᠠ︾ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠳᠤ ᠴᠥᠮ ᠠᠵᠢᠯ ᠤᠨ | ᠡᠬᠡ ᠳᠠᠩᠰᠠ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠭᠠᠷᠭᠠᠵᠤ᠂ ︽ᠰᠢᠢᠳᠦᠭᠰᠡᠨ ᠤᠴᠢᠷ ᠢ ᠵᠠᠪᠠᠯ ᠬᠢᠵᠦ᠂ ᠬᠢᠪᠡᠯ ᠵᠠᠪᠠᠯ ᠦᠷ᠎ᠡ ᠪᠦᠳᠦᠮᠵᠢ ᠤᠯᠬᠤ︾ | ᠶᠢ ᠰᠢᠮᠳᠠᠭᠤᠯᠣᠨ ᠪᠠᠶᠢᠴᠠᠭᠠᠵᠤ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠪᠣᠳᠠᠲᠠᠶ ᠠᠵᠢᠯ ᠬᠢᠬᠦ ᠪᠠᠷ ᠴᠢᠳᠠᠪᠤᠷᠢ ᠶᠢ ᠨᠢ ᠦᠨᠡᠯᠡᠵᠦ᠂ ᠦᠷ᠎ᠡ | ᠳ᠋ᠦᠩ ᠢᠶᠠᠷ ᠨᠢ ᠪᠠᠭᠠᠲᠣᠷ ᠢ ᠦᠨᠡᠯᠡᠨ᠎ᠡ᠃ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠶᠡᠬᠡᠪᠡᠷ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠠᠬᠢᠭᠤᠯᠵᠤ᠂ ᠪᠢᠴᠢᠭ ᠮᠠᠲ᠋ᠧᠷᠢᠶᠠᠯ ᠬᠤᠷᠠᠯ ᠢ ᠪᠠᠭᠠᠰᠬᠠᠬᠤ ᠨᠠᠵᠠᠭᠠᠢ ᠲᠠᠯ᠎ᠠ ᠶᠢᠨ ᠨᠠᠷᠢᠨ ᠬᠠᠭᠤᠲᠠᠰᠣ ᠶᠢ | ᠲᠡᠭᠦᠯᠳᠡᠷᠵᠢᠭᠦᠯᠵᠦ᠂ ᠰᠢᠮᠳᠠᠭᠤᠯᠣᠨ ᠪᠠᠶᠢᠴᠠᠭᠠᠬᠤ ᠬᠢᠨᠠᠨ ᠰᠢᠯᠭᠠᠬᠤ ᠦᠷ᠎ᠡ ᠳ᠋ᠦᠩ ᠢ ᠬᠠᠷᠢᠯᠴᠠᠨ ᠮᠡᠳᠡᠷᠡᠵᠦ ᠬᠠᠷᠢᠯᠴᠠᠨ ᠬᠡᠷᠡᠭᠯᠡᠬᠦ ᠶᠢ ᠠᠬᠢᠭᠤᠯᠵᠤ᠂ ᠺᠠᠳ᠋ᠷ ᠢ | ᠪᠢᠴᠢᠭ ᠤᠨ ᠠᠭᠤᠯᠠ ᠬᠤᠷᠠᠯ ᠤᠨ ᠳᠠᠯᠠᠢ᠂ ᠦᠨᠡᠯᠡᠯᠲᠡ ᠶᠢ ᠤᠭᠲᠤᠬᠤ ᠪᠠᠶᠢᠴᠠᠭᠠᠯᠲᠠ ᠶᠢ ᠤᠭᠲᠤᠬᠤ᠂ ᠮᠠᠲ᠋ᠧᠷᠢᠶᠠᠯ ᠤᠨ ᠮᠡᠳᠡᠭᠦᠯᠬᠦ ᠬᠦᠰᠦᠨᠦᠭᠲᠦ ᠠᠴᠠ | ᠠᠩᠭᠢᠵᠢᠷᠠᠭᠤᠯᠵᠤ᠂ ᠨᠡᠩ ᠤᠯᠠᠨ ᠤᠶᠤᠨ ᠴᠢᠳᠠᠯ ᠢᠶᠠᠨ ᠭᠠᠷᠭᠠᠵᠤ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ ᠦᠢᠯᠡᠴᠢᠯᠡᠭᠦᠯᠦᠨ᠎ᠡ᠃ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠡᠪᠳᠡᠭᠰᠡᠨ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠨᠥᠯᠥᠭᠡᠯᠡᠭᠰᠡᠨ ᠵᠢᠴᠢ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ | ᠬᠤᠬᠢᠷᠠᠭᠤᠯᠤᠭᠰᠠᠨ ᠬᠥᠮᠦᠨ ᠪᠣᠯᠤᠨ ᠤᠴᠢᠷ ᠢ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠡᠷᠡᠰ ᠬᠠᠷᠢᠭᠤᠴᠠᠯᠭ᠎ᠠ ᠨᠡᠬᠡᠮᠵᠢᠯᠡᠨ᠎ᠡ᠃ ᠺᠠᠳ᠋ᠷ ᠢ | ᠬᠠᠯᠠᠮᠵᠢᠯᠠᠨ ᠬᠠᠶᠢᠷᠠᠯᠠᠵᠤ᠂ ᠬᠠᠷᠢᠭᠤᠴᠠᠯᠭ᠎ᠠ ᠡᠭᠦᠷᠭᠡᠯᠡᠭᠴᠢ ᠳᠤ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ ᠬᠦᠢᠴᠡᠳᠭᠡᠭᠴᠢ ᠳᠤ ᠬᠠᠷᠢᠭᠤᠴᠠᠵᠤ᠂ ︽ | ᠥᠭᠡᠷᠡᠴᠢᠯᠡᠯᠲᠡ ᠳᠤ ᠠᠯᠳᠠᠰᠢ ᠭᠠᠷᠭᠠᠬᠤ ᠶᠢ ᠵᠥᠪᠰᠢᠶᠡᠷᠡᠬᠦ ᠪᠣᠯᠪᠠᠴᠤ ᠥᠭᠡᠷᠡᠴᠢᠯᠡᠯᠲᠡ ᠬᠢᠬᠦ ᠦᠭᠡᠢ ᠪᠠᠶᠢᠬᠤ ᠶᠢ ᠵᠥᠪᠰᠢᠶᠡᠷᠡᠬᠦ ᠥᠬᠡᠶ᠂ ᠠᠵᠢᠯ ᠬᠢᠬᠦ ᠳᠤ | ᠠᠯᠳᠠᠭ᠎ᠠ ᠭᠠᠷᠭᠠᠬᠤ ᠶᠢ ᠵᠥᠪᠰᠢᠶᠡᠷᠡᠬᠦ ᠪᠣᠯᠪᠠᠴᠤ ᠠᠵᠢᠯ ᠬᠢᠬᠦ ᠦᠭᠡᠢ ᠪᠠᠶᠢᠬᠤ ᠶᠢ ᠵᠥᠪᠰᠢᠶᠡᠷᠡᠬᠦ ᠥᠬᠡᠶ︾ ᠥᠳᠬᠡᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠷ ᠬᠤᠷᠢᠭ᠎ᠠ ᠱᠤᠭᠤᠮ ᠪᠣᠯᠭᠠᠵᠤ᠂ ᠠᠷᠢᠭᠤᠨ ᠴᠢᠬᠡᠴᠢ ᠤᠭ ᠴᠢᠨᠠᠷ ᠢᠶᠠᠨ ᠡᠭᠦᠷᠢᠳᠡ ᠬᠠᠳᠠᠭᠠᠯᠠᠨ᠎ᠠ᠃ ᠪᠥᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠤ᠂ ᠭᠦᠨᠵᠡᠭᠡᠶ ᠰᠤᠷᠭᠠᠮᠵᠢ ᠠᠪᠴᠤ᠂ ᠬᠤᠤᠷ | ᠨᠥᠯᠥᠭᠡ ᠶᠢ ᠡᠷᠡᠰ ᠴᠡᠪᠡᠷᠯᠡᠨ᠂ ᠪᠠᠯᠠ ᠮᠥᠩᠭᠦ ᠶᠢᠨ ᠬᠡᠷᠡᠭᠯᠡᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠶᠢ ︽ᠨᠡᠶᠢᠳᠡᠮ ᠳᠤᠨᠢ ᠪᠦᠷᠬᠦᠭᠦᠯᠬᠦ︾ ᠶᠢ ᠬᠡᠷᠡᠭᠵᠢᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠣᠭᠴᠠᠵᠢᠭᠤᠯᠣᠨ ᠠᠬᠢᠭᠤᠯᠵᠤ᠂ ᠲᠥᠪ ᠴᠢᠬᠡᠴᠢ ᠬᠡᠪ ᠰᠤᠷᠲᠠᠯ ᠪᠦᠬᠦᠢ | ᠠᠵᠢᠯ ᠬᠢᠵᠦ ᠠᠳᠠᠯ ᠦᠢᠯᠡᠰ ᠴᠣᠭᠴᠠᠯᠠᠬᠤ ᠣᠷᠴᠢᠨ ᠨᠦᠬᠦᠴᠡᠯ ᠢ ᠪᠣᠢ ᠪᠣᠯᠭᠠᠨ᠎ᠠ᠃ | ᠡᠷᠬᠢᠮ ᠳᠡᠭᠡᠳᠦ ᠦᠢᠯᠡᠰ ᠢ ᠪᠦᠲᠦᠭᠡᠬᠦ ᠳᠤ ᠵᠣᠷᠢᠭ ᠪᠠᠶᠢᠬᠤ ᠬᠡᠷᠡᠭᠲᠡᠢ᠂ ᠥᠷᠭᠡᠨ ᠳᠡᠯᠭᠡᠷ ᠦᠢᠯᠡᠰ ᠢ ᠪᠦᠲᠦᠭᠡᠬᠦ ᠳᠤ ᠠᠵᠢᠯᠴᠢ ᠪᠠᠶᠢᠬᠤ ᠬᠡᠷᠡᠭᠲᠡᠶ᠃ | ᠪᠦᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷᠴᠤᠳ ᠴᠥᠮ ︽ᠬᠠᠳᠠ ᠴᠢᠯᠠᠭᠤᠨ ᠤ ᠠᠡᠭ ᠵᠠᠪᠰᠠᠷ ᠦᠨᠳᠦᠰᠦ ᠶᠦᠭᠡᠨ ᠬᠠᠳᠬᠤᠬᠤ︾ | ᠬᠠᠳᠠᠨ ᠵᠣᠷᠢᠭ᠂ ︽ᠰᠢᠪᠰᠢᠭᠲᠦ ᠯᠸᠦ ᠯᠠᠨ ᠢ ᠡᠰᠡ ᠡᠪᠳᠡᠬᠦᠯᠡ ᠦᠬᠦᠪᠡᠴᠦ ᠪᠤᠴᠠᠬᠤ ᠦᠭᠡᠢ︾ ᠡᠷᠴᠢ ᠵᠣᠷᠢᠭ᠂ ︽ᠡᠭᠦᠯᠡᠨ ᠳᠡᠯᠪᠡ ᠶᠢ ᠡᠭᠴᠡ ᠪᠤᠰᠬᠠᠨ | ᠬᠦᠭᠡᠮᠳᠦᠭ ᠳᠠᠯᠠᠢ ᠶᠢ ᠭᠡᠳᠦᠯᠬᠦ︾ ᠰᠢᠭᠤᠷᠬᠠᠢ ᠵᠣᠷᠢᠭ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠠᠨᠠᠭᠠᠰᠢᠷᠠᠨ ᠵᠣᠪᠠᠨᠢᠬᠤ | ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ | ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠨᠠᠮ ᠪᠠ ᠠᠷᠠᠳ ᠲᠦᠮᠡᠨ ᠢ | ᠰᠡᠳᠬᠢᠯ ᠬᠠᠨᠤᠮᠵᠢᠲᠠᠢ ᠪᠠᠶᠢᠯᠭᠠᠨ᠎ᠠ᠃ | ᠲᠥᠯᠥᠭᠡᠯᠡᠭᠴᠢᠳ ᠡ᠂ ᠲᠡᠮᠡᠴᠡᠯ ᠬᠦᠰᠡᠯ ᠵᠡᠭᠦᠳᠦ ᠶᠢ ᠲᠡᠷᠭᠡᠯᠰᠢᠭᠦᠯᠵᠦ᠂ ᠪᠣᠳᠠᠲᠠᠢ ᠠᠵᠢᠯᠯᠠᠭ᠎ᠠ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠦᠳᠡᠭ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠬ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠲᠡᠷᠢᠭᠦᠨ ᠳᠤ | ᠣᠷᠣᠬᠤ ᠪᠠᠷ ᠴᠢᠷᠮᠠᠶᠢᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ |