ᠬᠦᠬᠡᠬᠤᠳᠠ — ᠲᠠᠶᠢᠶᠤᠧᠠᠨ ᠬᠦᠷᠬᠦ ᠬᠦᠳᠡᠯᠬᠡᠬᠦ ᠬᠦᠴᠦᠨ ᠤ ᠴᠤᠪᠤᠭ᠎ᠠ ᠭᠠᠯᠳᠤ ᠲᠡᠷᠬᠡ 7 ᠰᠠᠷ᠎ᠠ ᠳᠤ ᠨᠡᠪᠲᠡᠷᠡᠨ᠎ᠡ
ᠨᠡᠶᠢᠲᠡᠯᠡᠭᠰᠡᠨ ᠴᠠᠭ᠄
2020/6/4
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 7 ᠰᠠᠷ᠎ᠠ ᠳᠤ ᠬᠦᠬᠡᠬᠤᠳᠠ — ᠲᠠᠶᠢᠶᠤᠧᠠᠨ ᠬᠦᠷᠬᠦ ᠬᠦᠳᠡᠯᠬᠡᠬᠦ ᠬᠦᠴᠦᠨ ᠤ ᠴᠤᠪᠤᠭ᠎ᠠ ᠭᠠᠯᠳᠤ ᠲᠡᠷᠬᠡ ᠶᠢ ᠠᠩᠬ᠎ᠠ ᠨᠡᠪᠲᠡᠷᠡᠬᠦᠯᠬᠦ ᠪᠠᠷ ᠪᠠᠶᠢᠨ᠎ᠠ᠃      ᠤᠢᠢᠯᠠᠭᠠᠬᠰᠠᠨ ᠢᠶᠠᠷ᠂ ᠬᠦᠬᠡᠬᠤᠳᠠ — ᠲᠠᠶᠢᠶᠤᠧᠠᠨ ᠬᠦᠷᠬᠦ ᠬᠦᠳᠡᠯᠬᠡᠬᠦ ᠬᠦᠴᠦᠨ ᠤ ᠴᠤᠪᠤᠭ᠎ᠠ ᠭᠠᠯᠳᠤ ᠲᠡᠷᠬᠡ ᠶᠢᠨ ᠡᠬᠡᠯᠵᠢ ᠨᠢ D2798/2795 ᠪᠠᠶᠢᠵᠦ᠂ ᠬᠥᠬᠡᠬᠤᠲᠠ ᠶᠢᠨ ᠭᠠᠯᠳᠤ ᠲᠡᠷᠬᠡᠨ ᠤ ᠵᠡᠬᠦᠨ ᠦᠷᠳᠡᠭᠡ — ᠲᠠᠶᠢᠶᠤᠧᠠᠨ ᠤ ᠭᠠᠯᠳᠤ ᠲᠡᠷᠬᠡᠨ ᠤ ᠡᠮᠦᠨ᠎ᠡ ᠦᠷᠳᠡᠭᠡ ᠬᠦᠷᠬᠦ ᠪᠣᠯᠣᠨ᠎ᠠ᠂ ᠡᠬᠦᠨ ᠳᠤ᠂ ᠬᠦᠬᠡᠬᠤᠳᠠ — ᠳ᠋ᠠᠲ᠋ᠦ᠋ᠩ ᠬᠦᠷᠬᠦ ᠬᠦᠳᠡᠯᠬᠡᠬᠦ ᠬᠦᠴᠦᠨ ᠤ ᠴᠤᠪᠤᠭ᠎ᠠ ᠭᠠᠯᠳᠤ ᠲᠡᠷᠬᠡ ᠶᠢᠨ ᠡᠬᠡᠯᠵᠢ ᠨᠢ D2794/2791 ᠪᠣᠯᠣᠨ᠎ᠠ᠃ ᠬᠦᠬᠡᠬᠤᠳᠠ —ᠲᠠᠶᠢᠶᠤᠧᠠᠨ ᠬᠦᠷᠬᠦ ᠬᠦᠳᠡᠯᠬᠡᠬᠦ ᠬᠦᠴᠦᠨ ᠤ ᠴᠤᠪᠤᠭ᠎ᠠ ᠭᠠᠯᠳᠤ ᠲᠡᠷᠬᠡ ᠳᠤ ᠨᠡᠶᠢᠳᠡ 13 ᠦᠷᠳᠡᠭᠡ ᠲᠤᠬᠢᠷᠠᠭᠤᠯᠵᠦ᠂ ᠲᠤᠬᠠᠢᠢᠯᠠᠪᠠᠯ ᠬᠦᠬᠡᠬᠤᠳᠠ — ᠤᠯᠠᠭᠠᠨᠴᠠᠪ —ᠬᠤᠧᠠᠢ ᠠᠨ — ᠲᠢᠶᠠᠨ ᠵᠧᠨ — ᠶᠠᠩ ᠭᠤᠤ ᠡᠮᠦᠨ᠎ᠡ ᠦᠷᠳᠡᠭᠡ — ᠬᠤᠧᠠᠢ ᠷᠧᠨ ᠵᠡᠬᠦᠨ ᠦᠷᠳᠡᠭᠡ — ᠶᠢᠩ ᠰᠢᠶᠠᠨ — ᠱᠠᠨ ᠶᠢᠨ — ᠶᠤᠧᠠᠨ ᠫᠢᠩᠪᠠᠷᠠᠭᠤᠨ ᠦᠷᠳᠡᠭᠡ — ᠰᠢᠨᠵᠧᠤ ᠪᠠᠷᠠᠭᠤᠨ ᠥᠷᠲᠡᠭᠡ — ᠶᠠᠩ ᠴᠢᠦᠢ ᠪᠠᠷᠠᠭᠤᠨ ᠥᠷᠲᠡᠭᠡ — ᠲᠠᠶᠢᠶᠤᠧᠠᠨ ᠡᠮᠦᠨ᠎ᠡ ᠦᠷᠳᠡᠭᠡ ᠪᠠᠶᠢᠵᠦ᠂ ᠪᠦᠬᠦ ᠠᠶᠠᠯᠠᠯ ᠤᠨ ᠴᠠᠭ ᠨᠢ ᠨᠡᠶᠢᠲᠡ  5 ᠴᠠᠬ 24 ᠮᠢᠨᠦ᠋ᠲ ᠬᠡᠷᠡᠭᠰᠡᠨ᠎ᠡ᠂ ᠡᠬᠦᠨ ᠳᠤ ᠬᠦᠬᠡᠬᠤᠳᠠ — ᠳ᠋ᠠᠲ᠋ᠦ᠋ᠩ ᠬᠦᠷᠬᠦ ᠳᠤ 2 ᠴᠠᠬ 37 ᠮᠢᠨᠦ᠋ᠲ ᠬᠡᠷᠡᠭᠰᠡᠬᠦ ᠪᠣᠯᠣᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ