ᠰᠢᠨ᠎ᠡ ᠬᠤᠲᠠ ᠲᠣᠭᠤᠷᠢᠭ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭᠠᠨ ᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠦᠷᠨᠢᠭᠦᠯᠪᠡ
ᠨᠡᠶᠢᠲᠡᠯᠡᠭᠰᠡᠨ ᠴᠠᠭ᠄
2020-06-05
     6 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠰᠣᠶᠣᠯ ᠪᠡᠶ᠎ᠡ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠠᠮᠢᠶ᠎ᠠ ᠪᠥᠬᠦᠶ ᠨᠢᠭᠡᠴᠡ ᠶᠢ ᠵᠣᠬᠢᠶᠠᠨ ᠪᠠᠶᠢᠭᠤᠯᠤᠨ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭᠠᠨ ᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠦᠷᠨᠢᠭᠦᠯᠪᠡ᠃
     ᠲᠠᠶᠢᠯᠤᠮᠵᠢ ᠨᠢ ᠬᠥᠬᠡᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠰᠦᠨ ᠵᠥᠩ ᠬᠤᠶ ᠫᠷᠤᠹᠤᠰᠰᠤᠷ ᠢ ᠤᠷᠢᠵᠤ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭᠠᠨ ᠤ ᠲᠤᠰᠬᠠᠶ ᠰᠡᠳᠦᠪᠲᠦ ᠬᠠᠪᠰᠤᠷᠤᠨ ᠵᠢᠯᠤᠭᠤᠳᠬᠤ ᠠᠵᠢᠯ ᠦᠷᠨᠢᠭᠦᠯᠪᠡ᠃ ᠰᠦᠨ ᠫᠷᠣᠫᠧᠰᠰᠤᠷ ︽ᠬᠤᠶᠠᠷ ᠬᠤᠷᠠᠯ︾ ᠢ ᠬᠤᠷᠠᠯᠳᠤᠭᠤᠯᠤᠭᠰᠠᠨ ᠬᠤᠷᠸ᠎ᠠ ᠠᠬᠤᠶ ᠪᠠᠶᠢᠳᠠᠯ᠂ ᠬᠤᠶᠠᠷ ᠬᠤᠷᠠᠯ ᠳᠤ ᠲᠤᠭᠤᠰᠢᠯᠠᠭᠳᠠᠭᠰᠠᠨ ᠭᠤᠷᠪᠠᠨ ᠭᠤᠤᠯ ᠱᠤᠭᠤᠮ ᠪᠣᠯᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠤᠯ ᠠᠭᠤᠯᠭ᠎ᠠ ᠭᠤᠷᠪᠠᠨ ᠲᠠᠯ᠎ᠠ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠣᠯᠤᠨ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠳᠤ ᠪᠦᠬᠦ ᠲᠠᠯ᠎ᠠ᠂ ᠰᠢᠰᠲ᠋ᠧᠮ ᠲᠠᠢ᠂ ᠭᠦᠨ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠺᠠᠳ᠋ᠷᠴᠤᠳ ᠤᠨ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠣᠨᠣᠪᠴᠢᠲᠠᠶ ᠡᠵᠡᠮᠰᠢᠬᠦ ᠳᠤ ᠮᠠᠰᠢ ᠴᠢᠩᠭ᠎ᠠ ᠵᠢᠯᠣᠭᠤᠳᠬᠤ ᠴᠢᠨᠠᠷ ᠪᠠ ᠬᠠᠨᠳᠤᠯᠭᠠᠲᠤ ᠴᠢᠨᠠᠷ ᠲᠠᠢ ᠪᠤᠯᠤᠨ᠎ᠠ᠃
      ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠢᠯᠡᠷᠬᠡᠶᠢᠯᠡᠭᠰᠡᠨ ᠨᠢ᠂ ᠲᠣᠰ ᠤᠳᠠᠭᠠᠨ ᠤ ᠲᠠᠶᠢᠯᠤᠮᠵᠢ ᠶᠢᠨ ᠠᠭᠤᠯᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠰᠣᠷᠣᠭᠰᠠᠨ ᠮᠡᠳᠡᠯᠭᠡ ᠪᠠᠨ ᠪᠣᠳᠠᠲᠠᠶ ᠠᠵᠢᠯ ᠤᠨ ᠳᠤᠮᠳᠠ ᠪᠠᠨ ᠬᠡᠷᠡᠭᠯᠡᠵᠦ᠂ ᠭᠦᠨᠵᠡᠭᠡᠢ ᠰᠤᠷᠴᠤ ᠨᠡᠪᠲᠡᠷᠡᠲᠡᠯ᠎ᠡ ᠣᠶᠢᠯᠠᠭᠠᠬᠤ᠂ ᠣᠶᠤᠨ ᠴᠢᠳᠠᠯ ᠢᠶᠠᠨ ᠲᠥᠪᠯᠡᠷᠡᠭᠦᠯᠦᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ  ᠲᠤᠭᠤᠰᠢᠯᠠᠭᠤᠯᠵᠤ᠂ ᠰᠠᠶᠢᠲᠤᠷ ᠨᠠᠶᠢᠲᠠᠪᠤᠷᠢᠵᠢᠭᠤᠯᠤᠨ᠎ᠠ ᠭᠡᠪᠡ᠃
     ᠰᠢᠨ᠎ᠡ ᠬᠤᠲᠠ ᠲᠣᠭᠤᠷᠢᠭ ᠤᠨ ᠰᠣᠶᠣᠯ ᠪᠡᠶ᠎ᠡ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠲᠣᠭᠤᠷᠢᠭ ᠤᠨ ᠵᠤᠴᠢᠨ ᠤᠬᠲᠤᠬᠤ ᠰᠢᠨ᠎ᠡ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠥᠬᠦ ᠨᠠᠮ ᠤᠨ ᠭᠡᠰᠢᠭᠦᠨ ᠪᠣᠯᠤᠨ ᠺᠠᠳ᠋ᠷ ᠠᠵᠢᠯᠲᠠᠨ ᠲᠣᠰ ᠤᠳᠠᠭᠠᠨ ᠤ ᠲᠠᠶᠢᠯᠤᠮᠵᠢ ᠳᠤ ᠣᠷᠣᠯᠴᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号