ᠬᠦᠬᠡᠬᠤᠳᠠ ᠶᠢᠨ ᠠᠵᠦ ᠦᠢᠯᠡᠳᠪᠦᠷᠢ ᠶᠢᠨ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠬᠤᠷᠳᠤᠴᠠ ᠪᠦᠬᠦ ᠤᠷᠤᠨ ᠳᠤ ᠲᠦᠷᠦᠬᠦᠯᠡᠵᠠᠢ
ᠨᠡᠶᠢᠲᠡᠯᠡᠭᠰᠡᠨ ᠴᠠᠭ᠄
2020-06-05
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠡᠨᠡ ᠵᠢᠯ ᠤᠨ ᠲᠦᠷᠦᠬᠦᠦ 4 ᠰᠠᠷ᠎ᠠ ᠳᠤ᠂ ᠬᠥᠬᠡᠬᠤᠲᠠ ᠶᠢᠨ ᠠᠵᠤ ᠦᠢᠯᠡᠳᠪᠦᠷᠢ ᠶᠢᠨ ᠲᠤᠬᠳᠠᠮᠠᠯ ᠬᠦᠷᠦᠩᠬᠡ ᠶᠢᠨ ᠪᠡᠯᠡ ᠣᠷᠣᠭᠤᠯᠤᠯᠲᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 122.7% ᠪᠠᠷ ᠨᠡᠮᠡᠭᠳᠡᠵᠦ᠂ ᠪᠦᠬᠦ ᠤᠷᠤᠨ ᠳᠤ ᠲᠦᠷᠦᠬᠦᠯᠡᠵᠦ᠂ ᠪᠦᠬᠦ ᠤᠷᠤᠨ ᠤ ᠲᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 151 ᠬᠤᠪᠢ ᠲᠦᠷᠭᠡᠳᠦᠭᠰᠡᠨ ᠪᠠᠶᠢᠨ᠎ᠠ᠃      ᠡᠨᠡ ᠵᠢᠯ ᠬᠦᠬᠡᠬᠤᠳᠠ 103 ᠠᠵᠦ ᠦᠢᠯᠡᠳᠪᠦᠷᠢ ᠶᠢᠨ ᠲᠦᠷᠦᠯ ᠵᠦᠢᠯ ᠢ ᠬᠡᠷᠡᠭᠵᠢᠬᠦᠯᠬᠦ ᠪᠠᠷ ᠲᠦᠯᠦᠪᠯᠡᠭᠰᠡᠨ ᠤ ᠳᠣᠲᠣᠷ᠎ᠠ ᠦᠷᠬᠦᠯᠵᠢᠯᠡᠨ ᠪᠦᠲᠦᠬᠡᠨ ᠪᠠᠶᠢᠭᠤᠯᠬᠤ ᠲᠦᠷᠦᠯ ᠵᠦᠢᠯ ᠨᠢ 42᠂ ᠰᠢᠨ᠎ᠡ ᠪᠠᠷ ᠪᠦᠲᠦᠬᠡᠨ ᠪᠠᠶᠢᠭᠤᠯᠬᠤ ᠲᠦᠷᠦᠯ ᠵᠦᠢᠯ ᠨᠢ 61 ᠪᠠᠶᠢᠵᠦ᠂ ᠲᠦᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠳᠠ ᠨᠢ 731.9 ᠳ᠋ᠦᠩᠰᠢᠭᠤᠷ ᠲᠦᠬᠦᠷᠢᠭ ᠲᠤ ᠬᠦᠷᠬᠦ ᠪᠣᠯᠣᠨ᠎ᠠ᠃ ᠡᠬᠦᠨ ᠳᠤ ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠠᠵᠦ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ 58 ᠪᠠᠶᠢᠭ᠎ᠠ ᠶᠢᠨ ᠳᠣᠲᠣᠷ᠎ᠠ ᠦᠷᠬᠦᠯᠵᠢᠯᠡᠨ ᠪᠦᠲᠦᠬᠡᠨ ᠪᠠᠶᠢᠭᠤᠯᠬᠤ ᠲᠦᠷᠦᠯ ᠵᠦᠢᠯ ᠨᠢ 31᠂ ᠰᠢᠨ᠎ᠡ ᠪᠠᠷ ᠪᠦᠲᠦᠬᠡᠨ ᠪᠠᠶᠢᠭᠤᠯᠬᠤ ᠲᠦᠷᠦᠯ ᠵᠦᠢᠯ ᠨᠢ 27 ᠪᠠᠶᠢᠵᠦ᠂ ᠲᠦᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠳᠠ ᠨᠢ 712.4 ᠳ᠋ᠦᠩᠰᠢᠭᠤᠷ ᠲᠦᠬᠦᠷᠢᠭ ᠲᠤ ᠬᠦᠷᠬᠦ ᠪᠣᠯᠣᠨ᠎ᠠ᠃ ᠤᠳᠤᠬᠠᠨ ᠪᠣᠯᠲᠠᠯ᠎ᠠ᠂ ᠦᠪᠦᠷ ᠮᠣᠩᠭᠤᠯ ᠤᠨ ᠶᠢᠨ ᠽᠧ ᠢᠯᠢ ᠰᠦ ᠶᠢᠨ ᠦᠢᠯᠡᠰ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠪᠦᠬᠦ ᠲᠡᠯᠡᠬᠡᠢ ᠳᠤ ᠤᠷᠦ᠋ᠢᠯᠠᠵᠦ ᠪᠠᠶᠢᠭ᠎ᠠ 5G ᠠᠵᠦ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠨᠢᠯᠬ᠎ᠠ ᠬᠡᠤᠬᠡᠳ ᠤᠨ ᠨᠠᠶᠢᠷᠠᠯᠭᠠᠳᠤ ᠰᠦ ᠶᠢᠨ ᠲᠠᠯᠬ᠎ᠠ ᠶᠢᠨ ᠤᠶᠤᠨᠴᠢ ᠦᠢᠯᠡᠳᠬᠡᠯ ᠤᠨ ᠲᠦᠷᠦᠯ ᠵᠦᠢᠯ᠂ ᠦᠪᠦᠷ ᠮᠣᠩᠭᠤᠯ ᠤᠨ ᠵᠢᠤ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠳᠤ ᠺᠤᠮᠫᠠᠨᠢ ᠶᠢᠨ ᠵᠢᠯ ᠳᠤ 100 ᠲᠦᠮᠡᠨ ᠲᠤᠨ ᠡᠲ᠋ᠢᠯ ᠬᠤᠶᠠᠷᠴᠢ ᠠᠯᠺᠤᠤᠯ ᠦᠢᠯᠡᠳᠬᠦ ᠲᠦᠷᠦᠯ ᠵᠦᠢᠯ᠂ ᠵᠦᠩ ᠬᠤᠧᠠᠨ ᠰᠢᠶᠧ ᠰᠢᠨ ᠺᠤᠮᠫᠠᠨᠢ ᠶᠢᠨ ᠲᠠᠪᠤᠳᠤᠭᠠᠷ ᠬᠤᠭᠤᠴᠠᠭᠠᠨ ᠤ ᠲᠦᠷᠦᠯ ᠵᠦᠢᠯ᠂ ᠴᠤᠧᠠᠩ ᠸᠧᠢ ᠺᠤᠮᠫᠠᠨᠢ ᠶᠢᠨ ᠤᠶᠤᠨᠴᠢ ᠭᠡᠷ ᠤᠨ ᠴᠠᠬᠢᠯᠭᠠᠨ ᠬᠡᠷᠡᠭᠰᠡᠯ ᠤᠨ ᠲᠦᠷᠦᠯ ᠵᠦᠢᠯ ᠵᠡᠷᠬᠡ ᠠᠵᠦ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠨᠢᠭᠡᠨᠲᠡ ᠪᠦᠬᠦᠨ ᠢᠶᠠᠷ ᠢᠶᠠᠨ ᠪᠠᠷᠢᠯᠭ᠎ᠠ ᠶᠢᠨ ᠠᠵᠢᠯ ᠢᠶᠠᠨ ᠰᠡᠷᠭᠦᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号