| | | ︵ᠰᠤᠷᠪᠤᠯᠵᠢᠯᠠᠭᠴᠢ ᠯᠢᠦ ᠱᠠ ᠱᠠ︶ 6 ᠳ᠋ᠤᠭᠠᠷ ᠰᠠᠷ᠎ᠠ ᠶᠢᠨ 5 ᠤ ᠡᠳᠦᠷ᠂ ᠬᠤᠲᠠ ᠶᠢᠨ ᠠᠮᠢ | ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠬᠥᠬᠡᠲᠠᠯ᠎ᠠ ᠳᠤ ︽ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠲᠠᠭᠠᠨ ᠪᠢ ᠪᠣᠯ ᠠᠵᠢᠯᠯᠠᠭᠴᠢ — ᠠᠮᠢ ᠠᠬᠤᠢ ᠶᠢᠨ ᠲᠥᠪ ᠬᠤᠲᠠ ᠶᠢ ᠪᠦᠲᠦᠭᠡᠨ ᠪᠠᠶᠢᠭᠤᠯᠬᠤ 2020 | ᠣᠨ ᠤ ᠵᠢᠷᠭᠤᠭᠠᠨ ᠰᠠᠷ᠎ᠠ ᠶᠢᠨ ᠲᠠᠪᠤᠨ ᠤ ᠣᠷᠴᠢᠨ ᠲᠣᠭᠤᠷᠢᠨ ᠤ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ | ᠰᠢᠷᠢᠰ ᠠᠵᠢᠯᠯᠠᠭ᠎ᠠ︾ ᠶᠢᠨ ᠡᠬᠢᠯᠡᠬᠦ ᠶᠣᠰᠣᠯᠠᠯ ᠢ ᠬᠢᠪᠡ᠃ | ᠠᠵᠢᠯᠯᠠᠭ᠎ᠠ ᠳᠤ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠳᠤᠷᠠᠴᠤᠳ | ᠵᠢᠴᠢ ᠨᠡᠶᠢᠭᠡᠮ ᠤᠨ ᠪᠦᠯᠬᠦᠮ ᠵᠣᠬᠢᠶᠠᠨ ᠪᠠᠶᠢᠭᠤᠯᠤᠯᠲᠠ ᠵᠡᠷᠭᠡ ᠶᠢᠨ 300 ᠭᠠᠷᠤᠢ ᠬᠥᠮᠥᠨ ᠣᠷᠣᠯᠴᠠᠪᠠ᠃ | ᠠᠵᠢᠯᠯᠠᠭ᠎ᠠ ᠶᠢᠨ ᠠᠬᠤᠢ ᠲᠠᠯᠠᠪᠠᠢ ᠳᠤ ᠳᠠᠯᠠᠨ ᠬᠠᠷ᠎ᠠ ᠶᠢᠨ ᠠᠮᠢ ᠠᠬᠤᠢ ᠶᠢᠨ ᠤᠬᠠᠭᠤᠯᠭ᠎ᠠ ᠶᠢᠨ ᠹᠢᠯᠢᠮ᠂ | ᠬᠥᠬᠡᠬᠤᠲᠠ ᠶᠢᠨ 2020 ᠣᠨ ᠤ ᠵᠢᠷᠭᠤᠭᠠᠨ ᠰᠠᠷ᠎ᠠ ᠶᠢᠨ ᠲᠠᠪᠤᠨ ᠤ ᠣᠷᠴᠢᠨ ᠲᠣᠭᠤᠷᠢᠨ ᠤ ᠡᠳᠦᠷ ᠤᠨ | ᠤᠬᠠᠭᠤᠯᠭ᠎ᠠ ᠶᠢᠨ ᠹᠢᠯᠢᠮ᠂ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠪᠡ︔ | ᠮᠣᠷᠢᠨ ᠬᠤᠭᠤᠷ ᠤᠨ ᠠᠶ᠎ᠠ ︽ᠳᠤᠮᠳᠠᠳᠤ ᠤᠯᠤᠰ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠶ᠎ᠠ︾ ᠵᠡᠷᠭᠡ ᠶᠢ | ᠰᠣᠨᠢᠷᠬᠠᠪᠠ᠃ ᠰᠠᠶᠢᠨ ᠳᠤᠷᠠᠴᠤᠳ ᠪᠠᠰᠠ ᠮᠣᠷᠢᠨ ᠬᠤᠭᠤᠷ ᠬᠢᠬᠦ ᠰᠣᠶᠣᠯ᠂ ᠨᠠᠭᠠᠯᠲᠠ ᠵᠢᠷᠤᠭ ᠤᠷᠠᠯᠠᠬᠤ ᠵᠡᠷᠭᠡ ᠶᠢ | ᠲᠤᠬᠠᠶ ᠶᠢᠨ ᠲᠠᠯᠠᠪᠠᠶ ᠳᠤ ᠲᠣᠭᠤᠷᠢᠨ ᠦᠵᠡᠪᠡ᠃ ᠡᠭᠦᠨ ᠤ ᠬᠠᠮᠲᠤ ᠪᠠᠰᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠬᠤᠰᠢᠭᠤᠴᠢ ᠰᠤᠷᠭᠠᠭᠤᠯᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠠᠶᠢᠨ ᠳᠤᠷ᠎ᠠ ᠶᠢᠨ ᠬᠤᠰᠢᠭᠤᠴᠢ ᠰᠤᠷᠤᠭᠴᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ | ᠬᠤᠰᠢᠭᠤᠴᠢ ᠭᠡᠷ ᠪᠦᠯᠢ ᠳᠤ ᠱᠠᠩᠨᠠᠯ ᠣᠯᠭᠤᠪᠠ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠨᠢ ᠪᠦᠬᠦ ᠨᠡᠶᠢᠭᠡᠮ ᠢᠶᠠᠷ ᠢᠶᠠᠨ ᠠᠮᠢ ᠠᠬᠤᠢ ᠶᠢᠨ | ᠪᠣᠯᠪᠠᠰᠤᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠶᠢ ᠳᠠᠶᠢᠴᠢᠯᠠᠨ᠂ ᠡᠷᠬᠡᠲᠦ ᠠᠷᠠᠳ | ᠪᠦᠬᠦᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠪᠣᠢ ᠪᠣᠯᠭᠠᠬᠤ ᠶᠢ ᠤᠷᠢᠶᠠᠯᠠᠨ᠂ | ᠰᠠᠶᠢᠨ ᠳᠤᠷ᠎ᠠ ᠠᠴᠠ ᠪᠠᠨ ᠪᠣᠬᠢᠷᠲᠤᠯ ᠦᠭᠡᠢ ᠦᠢᠯᠡᠳᠪᠦᠷᠢᠯᠡᠯ ᠪᠠ ᠠᠮᠢᠳᠤᠷᠠᠯ ᠤᠨ ᠵᠠᠩ ᠳᠠᠳᠬᠠᠯ ᠢ ᠡᠷᠬᠢᠮᠯᠡᠨ᠂ | ᠡᠭᠦᠨ ᠤ ᠤᠯᠠᠮ ᠠᠴᠠ ᠠᠷᠪᠢᠯᠠᠨ ᠭᠠᠮᠨᠠᠬᠤ ᠲᠠᠨᠢᠯᠲᠠ᠂ ᠠᠮᠢ ᠠᠬᠤᠢ ᠶᠢᠨ ᠲᠠᠨᠢᠯᠲᠠ ᠪᠠᠨ ᠳᠡᠭᠡᠭᠰᠢᠯᠡᠭᠦᠯᠵᠦ᠂ | ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠡᠨᠧᠷᠭᠢ ᠶᠢᠨ ᠡᠬᠢ ᠪᠠᠶᠠᠯᠢᠭ ᠤᠨ ᠬᠤᠷᠣᠭᠳᠠᠯ ᠵᠢᠴᠢ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠨ᠂ ᠠᠭᠤᠯᠠ ᠨᠢ ᠬᠥᠬᠡ ᠤᠰᠤ ᠨᠢ ᠲᠤᠩᠭᠠᠯᠠᠭ ᠣᠭᠲᠠᠷᠭᠤᠢ ᠨᠢ ᠴᠡᠯᠮᠡᠭ | ᠦᠵᠡᠰᠬᠦᠯᠡᠩᠲᠦ ᠰᠠᠶᠢᠨ ᠳᠤᠮᠳᠠᠳᠤ ᠤᠯᠤᠰ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠶᠢ ᠵᠣᠷᠢᠵᠠᠢ᠃ |