ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠡᠯ᠎ᠡ ᠱᠠᠲᠤ ᠶᠠᠮᠠᠷ ᠡᠭᠦᠷᠭᠡ ᠬᠠᠷᠢᠭᠤᠴᠠᠯᠭ᠎ᠠ ᠲᠠᠢ | ᠪᠣᠢ︖ | ︵ᠨᠢᠭᠡ︶ ᠶᠠᠳᠠᠭᠤ ᠶᠢ ᠲᠡᠳᠬᠦᠬᠦ ᠬᠠᠷᠢᠭᠤᠴᠠᠯᠭ᠎ᠠ | ᠲᠠᠪᠤᠨ ᠱᠠᠲᠤᠨ ᠤ ᠱᠦᠵᠢ ᠠᠴᠠ ᠶᠠᠳᠠᠭᠤ ᠶᠢ ᠲᠡᠳᠬᠦᠬᠦ ᠶᠢ ᠠᠳᠬᠤᠬᠤ ᠶᠢ ᠪᠠᠷᠢᠮᠲᠠᠯᠠᠨ᠎ᠠ᠃ ᠱᠠᠲᠤ | ᠬᠤᠪᠢᠶᠠᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠶᠡᠷᠦᠩᠬᠡᠢ ᠬᠠᠷᠢᠭᠤᠴᠠᠨ᠂ | ᠬᠤᠲᠠ ᠭᠤᠣᠯ ᠬᠠᠷᠢᠭᠤᠴᠠᠯᠭ᠎ᠠ ᠶᠢ ᠡᠭᠦᠷᠭᠡᠯᠡᠨ᠂ ᠬᠤᠰᠢᠭᠤ ᠰᠢᠶᠠᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠰᠢᠶᠠᠩ ᠲᠣᠰᠬᠤᠨ ᠬᠤᠶᠠᠷ ᠱᠠᠲᠤ ᠪᠣᠳᠠᠲᠠᠢ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠵᠢᠯ | ᠲᠥᠷᠥᠯ ᠤᠨ ᠰᠠᠯᠠᠭ᠎ᠠ ᠮᠥᠴᠢᠷ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠬᠠᠷᠢᠭᠤᠴᠠᠯᠭ᠎ᠠ ᠡᠭᠦᠷᠭᠡᠯᠡᠨ᠎ᠡ᠃ ᠲᠣᠰᠬᠤᠨ ᠳᠤ ᠰᠠᠭᠤᠭ᠎ᠠ ᠠᠵᠢᠯ ᠤᠨ ᠠᠩᠭᠢ ᠬᠠᠪᠰᠤᠷᠤᠨ | ᠲᠡᠳᠬᠦᠬᠦ ᠬᠠᠷᠢᠭᠤᠴᠠᠯᠭ᠎ᠠ ᠡᠭᠦᠷᠭᠡᠯᠡᠨ᠎ᠡ᠃ | ︵ᠬᠤᠶᠠᠷ︶ ᠡᠯ᠎ᠡ ᠱᠠᠲᠤᠨ ᠤ ᠡᠭᠦᠷᠭᠡ ᠬᠠᠷᠢᠭᠤᠴᠠᠯᠭ᠎ᠠ | ᠥᠪᠡᠷᠲᠡᠭᠡᠨ ᠵᠠᠰᠠᠬᠤ ᠣᠷᠣᠨ᠄ ᠬᠠᠷᠠᠯᠲᠠ ᠲᠣᠭᠲᠠᠭᠠᠬᠤ᠂ ᠲᠥᠷᠥ ᠶᠢᠨ ᠪᠣᠳᠣᠯᠭ᠎ᠠ ᠲᠣᠭᠲᠠᠭᠠᠬᠤ᠂ ᠲᠥᠷᠥᠯ | ᠵᠦᠢᠯ ᠢ ᠪᠠᠭᠤᠯᠭᠠᠬᠤ᠂ ᠪᠡᠯᠡ ᠮᠥᠩᠭᠦ ᠣᠷᠣᠭᠤᠯᠬᠤ᠂ ᠵᠣᠬᠢᠶᠠᠨ ᠪᠠᠶᠢᠭᠤᠯᠤᠨ ᠳᠠᠶᠢᠴᠢᠯᠠᠬᠤ᠂ ᠬᠢᠨᠠᠯᠲᠠ ᠲᠠᠯᠪᠢᠨ | ᠦᠨᠡᠯᠡᠨ ᠰᠢᠯᠭᠠᠬᠤ ᠵᠡᠷᠭᠡ ᠠᠵᠢᠯ ᠢ ᠭᠤᠣᠯ ᠬᠠᠷᠢᠭᠤᠴᠠᠨ᠎ᠠ᠃ | ᠬᠤᠲᠠ᠄ ᠶᠡᠷᠦᠩᠬᠡᠢ ᠡᠭᠦᠷᠭᠡ ᠶᠢ ᠪᠡᠶᠡᠯᠡᠭᠦᠯᠬᠦ᠂ ᠬᠠᠷᠠᠯᠲᠠ ᠡᠭᠦᠷᠭᠡ ᠶᠢ ᠬᠤᠪᠢᠶᠠᠬᠤ᠂ ᠠᠷᠭ᠎ᠠ ᠪᠣᠳᠣᠯᠭ᠎ᠠ | ᠲᠣᠭᠲᠠᠭᠠᠬᠤ᠂ ᠪᠡᠯᠡ ᠮᠥᠩᠭᠦ ᠴᠤᠭᠯᠠᠭᠤᠯᠬᠤ᠂ ᠵᠢᠯᠣᠭᠤᠳᠤᠨ ᠨᠠᠶᠢᠳᠠᠪᠤᠷᠢᠵᠢᠭᠤᠯᠬᠤ᠂ ᠵᠣᠬᠢᠴᠠᠭᠤᠯᠤᠨ ᠠᠬᠢᠭᠤᠯᠬᠤ | ᠂ ᠬᠢᠨᠠᠯᠲᠠ ᠲᠠᠯᠪᠢᠨ ᠦᠨᠡᠯᠡᠨ ᠰᠢᠯᠭᠠᠬᠤ ᠵᠡᠷᠭᠡ ᠠᠵᠢᠯ ᠢ ᠭᠤᠣᠯ ᠬᠠᠷᠢᠭᠤᠴᠠᠨ᠎ᠠ᠃ | ᠬᠤᠰᠢᠭᠤ ᠰᠢᠶᠠᠨ ᠲᠣᠭᠤᠷᠢᠭ᠄ ᠡᠭᠦᠷᠭᠡ ᠬᠤᠪᠢᠶᠠᠬᠤ᠂ ᠠᠬᠢᠴᠠ ᠶᠢ ᠲᠣᠬᠢᠷᠠᠭᠤᠯᠬᠤ᠂ ᠲᠥᠷᠥᠯ ᠵᠦᠢᠯ ᠢ | ᠨᠠᠶᠢᠳᠠᠪᠤᠷᠢᠵᠢᠭᠤᠯᠬᠤ᠂ ᠪᠡᠯᠡ ᠮᠥᠩᠭᠦ ᠴᠤᠭᠯᠠᠭᠤᠯᠬᠤ᠂ ᠪᠡᠯᠡ ᠮᠥᠩᠭᠦ ᠶᠢ ᠨᠡᠶᠢᠳᠬᠡᠬᠦ᠂ ᠪᠡᠯᠡ ᠮᠥᠩᠭᠦ ᠶᠢ ᠬᠡᠷᠡᠭᠯᠡᠬᠦ | ᠂ ᠪᠡᠯᠡ ᠮᠥᠩᠭᠦ ᠶᠢ ᠬᠢᠨᠠᠯᠲᠠ ᠲᠠᠯᠪᠢᠨ ᠬᠠᠮᠢᠶᠠᠷᠬᠤ᠂ ᠬᠥᠮᠥᠨ ᠤ ᠬᠦᠴᠦ ᠶᠢ ᠲᠣᠬᠢᠷᠠᠭᠤᠯᠬᠤ᠂ ᠬᠡᠷᠡᠭᠵᠢᠭᠦᠯᠬᠦ ᠶᠢ | ᠠᠬᠢᠭᠤᠯᠬᠤ᠂ ᠡᠭᠦᠷᠭᠡ ᠶᠢ ᠪᠡᠶᠡᠯᠡᠭᠦᠯᠬᠦ᠂ ᠬᠢᠨᠠᠯᠲᠠ ᠲᠠᠯᠪᠢᠨ ᠦᠨᠡᠯᠡᠨ ᠰᠢᠯᠭᠠᠬᠤ ᠵᠡᠷᠭᠡ ᠠᠵᠢᠯ ᠢ ᠭᠤᠣᠯ | ᠬᠠᠷᠢᠭᠤᠴᠠᠨ᠎ᠠ᠃ | ᠰᠢᠶᠠᠩ ᠲᠣᠰᠬᠤᠨ ᠬᠤᠶᠠᠷ ᠱᠠᠲᠤ᠄ ᠬᠦᠴᠢᠷᠳᠡᠯᠲᠡᠢ ᠬᠥᠮᠥᠨ ᠠᠮᠠ ᠶᠢ ᠢᠯᠭᠠᠬᠤ᠂ ᠶᠠᠳᠠᠭᠤ ᠶᠢ ᠲᠡᠳᠬᠦᠬᠦ | ᠲᠥᠯᠥᠪᠵᠢᠭᠦᠯᠭᠡ ᠶᠢ ᠲᠣᠭᠲᠠᠭᠠᠬᠤ᠂ ᠠᠷᠭ᠎ᠠ ᠪᠣᠳᠣᠯᠭ᠎ᠠ ᠶᠢ ᠡᠷᠦᠭᠡ ᠳᠤ ᠨᠠᠶᠢᠳᠠᠪᠤᠷᠢᠵᠢᠭᠤᠯᠬᠤ᠂ ᠲᠥᠷᠥᠯ ᠵᠦᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠢᠨᠠᠯᠲᠠ ᠲᠠᠯᠪᠢᠨ ᠬᠠᠮᠢᠶᠠᠷᠬᠤ᠂ | ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠵᠡᠷᠭᠡ ᠠᠵᠢᠯ ᠢ ᠭᠤᠣᠯ ᠬᠠᠷᠢᠭᠤᠴᠠᠨ᠎ᠠ᠃ | ᠬᠠᠪᠰᠤᠷᠤᠨ ᠲᠡᠳᠬᠦᠬᠦ ᠺᠠᠳ᠋ᠷ ᠤᠨ ᠬᠠᠷᠢᠭᠤᠴᠠᠯᠭ᠎ᠠ᠄ ᠶᠠᠳᠠᠭᠤ ᠬᠦᠴᠢᠷᠳᠡᠯᠲᠡᠢ ᠡᠷᠦᠭᠡ ᠶᠢ ᠬᠠᠪᠰᠤᠷᠤᠨ | ᠦᠢᠯᠡᠳᠪᠦᠷᠢᠯᠡᠯ ᠢ ᠬᠥᠭᠵᠢᠭᠦᠯᠬᠦ᠂ ᠣᠷᠣᠯᠭ᠎ᠠ ᠪᠠᠨ ᠨᠡᠮᠡᠭᠳᠡᠭᠦᠯᠬᠦ ᠰᠡᠳᠬᠢᠴᠡ ᠶᠢ ᠬᠥᠮᠥᠵᠢᠭᠦᠯᠦᠨ᠂ ᠶᠠᠳᠠᠭᠤ ᠠᠴᠠ | ᠠᠩᠭᠢᠵᠢᠷᠠᠬᠤ ᠨᠠᠷᠢᠨ ᠲᠥᠯᠥᠪᠯᠡᠭᠡ ᠶᠢ ᠲᠣᠭᠲᠠᠭᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠪᠣᠯᠣᠨ ᠪᠡᠯᠡ | ᠮᠥᠩᠭᠦ ᠶᠢ ᠵᠣᠬᠢᠴᠠᠭᠤᠯᠤᠨ ᠲᠣᠬᠢᠷᠠᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢ ᠵᠢᠯᠣᠭᠤᠳᠤᠨ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ᠂ ᠦᠢᠯᠡᠰ ᠪᠣᠰᠬᠠᠬᠤ ᠴᠢᠳᠠᠪᠤᠷᠢ ᠪᠠ ᠳᠣᠲᠣᠭᠠᠳᠤ ᠬᠥᠳᠡᠯᠭᠡᠬᠦ | ᠬᠦᠴᠦᠨ ᠢ ᠨᠡᠮᠡᠭᠳᠡᠭᠦᠯᠦᠨ᠂ ᠲᠣᠭᠲᠠᠭᠰᠠᠨ ᠴᠠᠭ ᠲᠠᠭᠠᠨ ᠶᠠᠳᠠᠭᠤ ᠠᠴᠠ ᠠᠩᠭᠢᠵᠢᠷᠠᠬᠤ ᠶᠢ ᠪᠠᠲᠤᠯᠠᠨ᠎ᠠ᠃ |