ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ  ︵ᠨᠢᠭᠡ︶
ᠨᠡᠶᠢᠲᠡᠯᠡᠭᠰᠡᠨ ᠴᠠᠭ᠄
2020/6/8
ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠡᠯ᠎ᠡ ᠱᠠᠲᠤ ᠶᠠᠮᠠᠷ ᠡᠭᠦᠷᠭᠡ ᠬᠠᠷᠢᠭᠤᠴᠠᠯᠭ᠎ᠠ ᠲᠠᠢ ᠪᠣᠢ︖       ︵ᠨᠢᠭᠡ︶ ᠶᠠᠳᠠᠭᠤ ᠶᠢ ᠲᠡᠳᠬᠦᠬᠦ ᠬᠠᠷᠢᠭᠤᠴᠠᠯᠭ᠎ᠠ      ᠲᠠᠪᠤᠨ ᠱᠠᠲᠤᠨ ᠤ ᠱᠦᠵᠢ ᠠᠴᠠ ᠶᠠᠳᠠᠭᠤ ᠶᠢ ᠲᠡᠳᠬᠦᠬᠦ ᠶᠢ ᠠᠳᠬᠤᠬᠤ ᠶᠢ ᠪᠠᠷᠢᠮᠲᠠᠯᠠᠨ᠎ᠠ᠃ ᠱᠠᠲᠤ ᠬᠤᠪᠢᠶᠠᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠶᠡᠷᠦᠩᠬᠡᠢ ᠬᠠᠷᠢᠭᠤᠴᠠᠨ᠂ ᠬᠤᠲᠠ ᠭᠤᠣᠯ ᠬᠠᠷᠢᠭᠤᠴᠠᠯᠭ᠎ᠠ ᠶᠢ ᠡᠭᠦᠷᠭᠡᠯᠡᠨ᠂ ᠬᠤᠰᠢᠭᠤ ᠰᠢᠶᠠᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠢᠶᠠᠩ ᠲᠣᠰᠬᠤᠨ ᠬᠤᠶᠠᠷ ᠱᠠᠲᠤ ᠪᠣᠳᠠᠲᠠᠢ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠵᠢᠯ ᠲᠥᠷᠥᠯ ᠤᠨ ᠰᠠᠯᠠᠭ᠎ᠠ ᠮᠥᠴᠢᠷ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠢᠭᠤᠴᠠᠯᠭ᠎ᠠ ᠡᠭᠦᠷᠭᠡᠯᠡᠨ᠎ᠡ᠃ ᠲᠣᠰᠬᠤᠨ ᠳᠤ ᠰᠠᠭᠤᠭ᠎ᠠ ᠠᠵᠢᠯ ᠤᠨ ᠠᠩᠭᠢ ᠬᠠᠪᠰᠤᠷᠤᠨ ᠲᠡᠳᠬᠦᠬᠦ ᠬᠠᠷᠢᠭᠤᠴᠠᠯᠭ᠎ᠠ ᠡᠭᠦᠷᠭᠡᠯᠡᠨ᠎ᠡ᠃       ︵ᠬᠤᠶᠠᠷ︶ ᠡᠯ᠎ᠡ ᠱᠠᠲᠤᠨ ᠤ ᠡᠭᠦᠷᠭᠡ ᠬᠠᠷᠢᠭᠤᠴᠠᠯᠭ᠎ᠠ      ᠥᠪᠡᠷᠲᠡᠭᠡᠨ ᠵᠠᠰᠠᠬᠤ ᠣᠷᠣᠨ᠄ ᠬᠠᠷᠠᠯᠲᠠ ᠲᠣᠭᠲᠠᠭᠠᠬᠤ᠂ ᠲᠥᠷᠥ ᠶᠢᠨ ᠪᠣᠳᠣᠯᠭ᠎ᠠ ᠲᠣᠭᠲᠠᠭᠠᠬᠤ᠂ ᠲᠥᠷᠥᠯ ᠵᠦᠢᠯ ᠢ ᠪᠠᠭᠤᠯᠭᠠᠬᠤ᠂ ᠪᠡᠯᠡ ᠮᠥᠩᠭᠦ ᠣᠷᠣᠭᠤᠯᠬᠤ᠂ ᠵᠣᠬᠢᠶᠠᠨ ᠪᠠᠶᠢᠭᠤᠯᠤᠨ ᠳᠠᠶᠢᠴᠢᠯᠠᠬᠤ᠂ ᠬᠢᠨᠠᠯᠲᠠ ᠲᠠᠯᠪᠢᠨ ᠦᠨᠡᠯᠡᠨ ᠰᠢᠯᠭᠠᠬᠤ ᠵᠡᠷᠭᠡ ᠠᠵᠢᠯ ᠢ ᠭᠤᠣᠯ ᠬᠠᠷᠢᠭᠤᠴᠠᠨ᠎ᠠ᠃      ᠬᠤᠲᠠ᠄ ᠶᠡᠷᠦᠩᠬᠡᠢ ᠡᠭᠦᠷᠭᠡ ᠶᠢ ᠪᠡᠶᠡᠯᠡᠭᠦᠯᠬᠦ᠂ ᠬᠠᠷᠠᠯᠲᠠ ᠡᠭᠦᠷᠭᠡ ᠶᠢ ᠬᠤᠪᠢᠶᠠᠬᠤ᠂ ᠠᠷᠭ᠎ᠠ ᠪᠣᠳᠣᠯᠭ᠎ᠠ ᠲᠣᠭᠲᠠᠭᠠᠬᠤ᠂ ᠪᠡᠯᠡ ᠮᠥᠩᠭᠦ ᠴᠤᠭᠯᠠᠭᠤᠯᠬᠤ᠂ ᠵᠢᠯᠣᠭᠤᠳᠤᠨ ᠨᠠᠶᠢᠳᠠᠪᠤᠷᠢᠵᠢᠭᠤᠯᠬᠤ᠂ ᠵᠣᠬᠢᠴᠠᠭᠤᠯᠤᠨ ᠠᠬᠢᠭᠤᠯᠬᠤ᠂ ᠬᠢᠨᠠᠯᠲᠠ ᠲᠠᠯᠪᠢᠨ ᠦᠨᠡᠯᠡᠨ ᠰᠢᠯᠭᠠᠬᠤ ᠵᠡᠷᠭᠡ ᠠᠵᠢᠯ ᠢ ᠭᠤᠣᠯ ᠬᠠᠷᠢᠭᠤᠴᠠᠨ᠎ᠠ᠃      ᠬᠤᠰᠢᠭᠤ ᠰᠢᠶᠠᠨ ᠲᠣᠭᠤᠷᠢᠭ᠄ ᠡᠭᠦᠷᠭᠡ ᠬᠤᠪᠢᠶᠠᠬᠤ᠂ ᠠᠬᠢᠴᠠ ᠶᠢ ᠲᠣᠬᠢᠷᠠᠭᠤᠯᠬᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠪᠡᠯᠡ ᠮᠥᠩᠭᠦ ᠴᠤᠭᠯᠠᠭᠤᠯᠬᠤ᠂ ᠪᠡᠯᠡ ᠮᠥᠩᠭᠦ ᠶᠢ ᠨᠡᠶᠢᠳᠬᠡᠬᠦ᠂ ᠪᠡᠯᠡ ᠮᠥᠩᠭᠦ ᠶᠢ ᠬᠡᠷᠡᠭᠯᠡᠬᠦ᠂ ᠪᠡᠯᠡ ᠮᠥᠩᠭᠦ ᠶᠢ ᠬᠢᠨᠠᠯᠲᠠ ᠲᠠᠯᠪᠢᠨ ᠬᠠᠮᠢᠶᠠᠷᠬᠤ᠂ ᠬᠥᠮᠥᠨ ᠤ ᠬᠦᠴᠦ ᠶᠢ ᠲᠣᠬᠢᠷᠠᠭᠤᠯᠬᠤ᠂ ᠬᠡᠷᠡᠭᠵᠢᠭᠦᠯᠬᠦ ᠶᠢ ᠠᠬᠢᠭᠤᠯᠬᠤ᠂ ᠡᠭᠦᠷᠭᠡ ᠶᠢ ᠪᠡᠶᠡᠯᠡᠭᠦᠯᠬᠦ᠂ ᠬᠢᠨᠠᠯᠲᠠ ᠲᠠᠯᠪᠢᠨ ᠦᠨᠡᠯᠡᠨ ᠰᠢᠯᠭᠠᠬᠤ ᠵᠡᠷᠭᠡ ᠠᠵᠢᠯ ᠢ ᠭᠤᠣᠯ ᠬᠠᠷᠢᠭᠤᠴᠠᠨ᠎ᠠ᠃      ᠰᠢᠶᠠᠩ ᠲᠣᠰᠬᠤᠨ ᠬᠤᠶᠠᠷ ᠱᠠᠲᠤ᠄ ᠬᠦᠴᠢᠷᠳᠡᠯᠲᠡᠢ ᠬᠥᠮᠥᠨ ᠠᠮᠠ ᠶᠢ ᠢᠯᠭᠠᠬᠤ᠂ ᠶᠠᠳᠠᠭᠤ ᠶᠢ ᠲᠡᠳᠬᠦᠬᠦ ᠲᠥᠯᠥᠪᠵᠢᠭᠦᠯᠭᠡ ᠶᠢ ᠲᠣᠭᠲᠠᠭᠠᠬᠤ᠂ ᠠᠷᠭ᠎ᠠ ᠪᠣᠳᠣᠯᠭ᠎ᠠ ᠶᠢ ᠡᠷᠦᠭᠡ ᠳᠤ ᠨᠠᠶᠢᠳᠠᠪᠤᠷᠢᠵᠢᠭᠤᠯᠬᠤ᠂ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠢᠨᠠᠯᠲᠠ ᠲᠠᠯᠪᠢᠨ ᠬᠠᠮᠢᠶᠠᠷᠬᠤ᠂ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠵᠡᠷᠭᠡ ᠠᠵᠢᠯ ᠢ ᠭᠤᠣᠯ ᠬᠠᠷᠢᠭᠤᠴᠠᠨ᠎ᠠ᠃      ᠬᠠᠪᠰᠤᠷᠤᠨ ᠲᠡᠳᠬᠦᠬᠦ ᠺᠠᠳ᠋ᠷ ᠤᠨ ᠬᠠᠷᠢᠭᠤᠴᠠᠯᠭ᠎ᠠ᠄ ᠶᠠᠳᠠᠭᠤ ᠬᠦᠴᠢᠷᠳᠡᠯᠲᠡᠢ ᠡᠷᠦᠭᠡ ᠶᠢ ᠬᠠᠪᠰᠤᠷᠤᠨ ᠦᠢᠯᠡᠳᠪᠦᠷᠢᠯᠡᠯ ᠢ ᠬᠥᠭᠵᠢᠭᠦᠯᠬᠦ᠂ ᠣᠷᠣᠯᠭ᠎ᠠ ᠪᠠᠨ ᠨᠡᠮᠡᠭᠳᠡᠭᠦᠯᠬᠦ ᠰᠡᠳᠬᠢᠴᠡ ᠶᠢ ᠬᠥᠮᠥᠵᠢᠭᠦᠯᠦᠨ᠂ ᠶᠠᠳᠠᠭᠤ ᠠᠴᠠ ᠠᠩᠭᠢᠵᠢᠷᠠᠬᠤ ᠨᠠᠷᠢᠨ ᠲᠥᠯᠥᠪᠯᠡᠭᠡ ᠶᠢ ᠲᠣᠭᠲᠠᠭᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠪᠣᠯᠣᠨ ᠪᠡᠯᠡ ᠮᠥᠩᠭᠦ ᠶᠢ ᠵᠣᠬᠢᠴᠠᠭᠤᠯᠤᠨ ᠲᠣᠬᠢᠷᠠᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢ ᠵᠢᠯᠣᠭᠤᠳᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ᠂ ᠦᠢᠯᠡᠰ ᠪᠣᠰᠬᠠᠬᠤ ᠴᠢᠳᠠᠪᠤᠷᠢ ᠪᠠ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠦᠨ᠂ ᠲᠣᠭᠲᠠᠭᠰᠠᠨ ᠴᠠᠭ ᠲᠠᠭᠠᠨ ᠶᠠᠳᠠᠭᠤ ᠠᠴᠠ ᠠᠩᠭᠢᠵᠢᠷᠠᠬᠤ ᠶᠢ ᠪᠠᠲᠤᠯᠠᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ