︽ᠦᠪᠤᠷ ᠮᠤᠩᠭᠤᠯ ᠤᠨ ᠡᠬᠦᠯᠠᠨ ᠲᠠᠪᠴᠠᠩ ᠤᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠴᠤᠬᠯᠠᠭᠠᠨ ︾ ᠬᠦᠬᠡᠬᠤᠳᠠ ᠳᠤ ᠡᠬᠢᠯᠡᠪᠡ
ᠨᠡᠶᠢᠲᠡᠯᠡᠭᠰᠡᠨ ᠴᠠᠭ᠄
2020-06-09
      6 ᠰᠠᠷ᠎ᠠ ᠶᠢᠨ 6 ᠤ ᠡᠳᠤᠷ᠂ ︽ᠦᠪᠤᠷ ᠮᠤᠩᠭᠤᠯ ᠤᠨ ᠡᠬᠦᠯᠠᠨ ᠲᠠᠪᠴᠠᠩ ᠤᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠴᠤᠬᠯᠠᠭᠠᠨ︾ ᠬᠦᠬᠡᠬᠤᠳᠠ ᠳᠤ ᠡᠬᠢᠯᠠᠵᠠᠢ᠃ ᠠᠵᠢᠯᠯᠠᠭ᠎ᠠ ᠶᠢᠨ ᠠᠩᠬᠠᠨ ᠤ ᠡᠳᠦᠷ ᠬᠠᠭᠠᠰ ᠵᠠᠮ ᠤᠨ ᠮᠠᠷᠠᠽᠤᠨ ᠪᠤᠯᠤᠨ ᠲᠤᠭᠤᠢ ᠲᠡᠷᠬᠡᠨ ᠤ ᠬᠤᠶᠠᠷ ᠵᠦᠢᠯ ᠤᠨ ᠤᠷᠤᠯᠳᠤᠭᠠᠨ ᠶᠠᠪᠤᠭᠤᠯᠵᠤ᠂ 200 ᠭᠠᠷᠤᠢ ᠪᠡᠶ᠎ᠡ ᠪᠠᠨ ᠴᠢᠬᠢᠷᠠᠬᠵᠢᠭᠤᠯᠤᠬᠴᠢ ᠤᠷᠤᠯᠴᠠᠪᠠ᠃ ᠲᠤᠰ ᠤᠳᠠᠭ᠎ᠠ ᠶᠢᠨ ᠠᠵᠢᠯᠯᠠᠭ᠎ᠠ 6 ᠰᠠᠷ᠎ᠠ ᠶᠢᠨ 10 ᠤ ᠡᠳᠤᠷ ᠬᠦᠷᠲᠡᠯ᠎ᠡ ᠦᠷᠬᠦᠯᠵᠢᠯᠠᠵᠤ᠂ ᠡᠨᠡ ᠬᠦ ᠬᠤᠭᠤᠴᠠᠭᠠᠨ ᠳᠤ ᠰᠦᠯᠵᠢᠶᠠᠨ ᠤ ᠲᠠᠪᠴᠠᠩ ᠢᠶᠠᠷ ᠰᠢᠭᠤᠳ ᠨᠡᠪᠳᠡᠷᠡᠬᠦᠯᠬᠦ᠂ ᠬᠦᠳᠡᠯᠬᠡᠬᠡᠨ ᠤ ᠲᠤᠭ᠎ᠠ ᠪᠠᠷᠢᠮᠲᠠ ᠶᠢ ᠲᠡᠮᠵᠢᠭᠤᠯᠬᠤ᠂ ᠬᠦᠳᠡᠯᠬᠡᠬᠡᠨ ᠤ ᠸᠢᠳᠢᠣ᠋ ᠰᠢᠩᠬᠡᠭᠡᠬᠦ ᠵᠡᠷᠬᠡ ᠰᠦᠯᠵᠢᠶᠠᠨ ᠳᠡᠭᠡᠷ᠎ᠡ ᠪᠠ ᠰᠦᠯᠵᠢᠶ᠎ᠡ ᠠᠴᠠ ᠭᠠᠳᠠᠨᠠᠬᠢ ᠶᠢ ᠤᠶᠠᠯᠳᠤᠭᠤᠯᠬᠤ ᠵᠠᠬᠪᠤᠷ ᠢᠶᠠᠷ ᠲᠠᠮᠵᠢᠭᠤᠯᠵᠤ᠂ ᠤᠯᠠᠨ ᠲᠦᠮᠡᠨ ᠤ ᠪᠡᠶ᠎ᠡ ᠪᠠᠨ ᠴᠢᠬᠢᠷᠠᠬᠵᠢᠭᠤᠯᠬᠤ ᠠᠵᠢᠯᠯᠠᠭ᠎ᠠ ᠳᠤ ᠢᠳᠡᠪᠬᠢᠳᠠᠢ ᠤᠷᠤᠯᠴᠠᠬᠤ ᠶᠢ ᠲᠠᠶᠢᠴᠢᠯᠠᠬᠤ ᠪᠣᠯᠣᠨ᠎ᠠ᠃  ᠰᠤᠷᠪᠤᠯᠵᠢᠯᠠᠬᠴᠢ ᠢᠤᠢ ᠲᠤᠤ ᠰᠡᠭᠦᠳᠡᠷᠯᠡᠪᠡ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号