ᠮᠠᠨ ᠤ ᠬᠤᠲᠠ 2020 ᠣᠨ ᠤ ᠬᠤᠲᠠ ᠶᠢᠨ ᠲᠤᠰ ᠱᠠᠲᠤᠨ ᠤ ︽ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾ ᠱᠠᠩᠨᠠᠯ ᠤᠨ ᠪᠡᠯᠡ ᠮᠥᠩᠭᠦ 3000 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2020-06-09
       ︵ᠰᠤᠷᠪᠤᠯᠵᠢᠯᠠᠭᠴᠢ ᠶᠠᠩ ᠼᠠᠢ ᠰᠢᠶᠠ︶ ᠲᠦᠷᠦᠭᠦᠬᠡᠨ᠂ ᠮᠠᠨ ᠤ ᠬᠤᠲᠠ 2020 ᠣᠨ ᠤ ᠬᠤᠲᠠ ᠶᠢᠨ ᠲᠤᠰ ᠱᠠᠲᠤᠨ ᠤ ︽ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾ ᠱᠠᠩᠨᠠᠯ ᠤᠨ ᠪᠡᠯᠡ ᠮᠥᠩᠭᠦ 3000 ᠲᠦᠮᠡᠨ ᠲᠥᠭᠦᠷᠢᠭ ᠪᠠᠭᠤᠯᠭᠠᠪᠠ᠃      ︽ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾ ᠱᠠᠩᠨᠠᠯ ᠤᠨ ᠪᠡᠯᠡ ᠮᠥᠩᠭᠦ ᠶᠢ ᠬᠤᠰᠢᠭᠤ ᠰᠢᠶᠠᠨ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠶᠠᠳᠠᠭᠤ ᠬᠦᠴᠢᠷᠳᠡᠯᠲᠡᠢ ᠲᠣᠰᠬᠤᠨ᠂ ᠶᠠᠳᠠᠭᠤ ᠬᠦᠴᠢᠷᠳᠡᠯᠲᠡᠢ ᠡᠷᠦᠬᠡ ᠶᠢ ᠣᠨᠣᠪᠴᠢᠲᠠᠢ ᠪᠦᠷᠬᠦᠭᠦᠯᠵᠦ᠂ ᠡᠷᠦᠬᠡ ᠶᠢᠨ ᠪᠠᠶᠢᠳᠠᠯ ᠳᠤ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢᠨ ᠬᠠᠮᠲᠤ᠂ ᠲᠤᠰ ᠭᠠᠵᠠᠷ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠪᠣᠳᠠᠲᠠᠢ ᠪᠠᠨ ᠤᠶᠠᠯᠳᠤᠭᠤᠯᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠣᠨᠴᠠᠯᠢᠭᠲᠤ ᠠᠵᠤ ᠦᠢᠯᠡᠰ ᠢ ᠪᠣᠶᠢᠵᠢᠭᠤᠯᠬᠤ ᠪᠠ ᠬᠦᠴᠦᠷᠬᠡᠭᠵᠢᠭᠦᠯᠬᠦ ᠶᠢᠨ ᠲᠣᠭᠤᠷᠢᠨ ᠳᠤ᠂ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷ ᠲᠠᠢ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠢ ᠬᠥᠮᠥᠰ ᠤᠨ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠳᠬᠠᠨ᠎ᠠ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠥᠷᠥᠯ ᠵᠦᠢᠯ ᠢ ᠲᠥᠷᠥᠯ ᠵᠦᠢᠯ ᠤᠨ ᠬᠥᠮᠥᠷᠭᠡ ᠠᠴᠠ ᠰᠣᠩᠭᠤᠵᠤ᠂ ᠲᠥᠷᠥᠯ ᠵᠦᠢᠯ ᠤᠨ ᠬᠥᠮᠥᠷᠭᠡ ᠳᠤ ᠣᠷᠣᠭᠰᠠᠨ ᠦᠭᠡᠢ ᠲᠥᠷᠥᠯ ᠵᠦᠢᠯ ᠳᠤ ᠵᠠᠷᠴᠢᠮ ᠳᠡᠭᠡᠷ᠎ᠡ ᠪᠠᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠦᠭᠡᠢ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠣᠷᠣᠭᠤᠯᠤᠭᠰᠠᠨ ᠲᠣᠯᠣᠭᠠᠶᠢᠯᠠᠭᠴᠢ ᠠᠵᠤ ᠠᠬᠤᠶᠢᠯᠠᠯ ᠂ ᠬᠤᠷᠰᠢᠶ᠎ᠠ ᠶᠢᠨ ᠲᠦᠷᠦᠯ ᠵᠦᠢᠯ ᠳᠤ ᠶᠠᠳᠠᠭᠤ ᠬᠦᠴᠢᠷᠳᠡᠯᠲᠡᠢ ᠡᠷᠦᠬᠡ ᠪᠠ ᠶᠠᠳᠠᠭᠤ ᠬᠦᠴᠢᠷᠳᠡᠯᠲᠡᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠢᠯ ᠤᠨ ᠰᠢᠭᠤᠳ ᠠᠰᠢᠭ ᠣᠷᠣᠯᠭ᠎ᠠ ᠶᠢᠨ ᠨᠣᠷᠮ᠎ᠠ ᠨᠢ ᠲᠥᠷᠥᠯ ᠵᠦᠢᠯ ᠤᠨ ᠣᠷᠣᠭᠤᠯᠤᠯᠲᠠ ᠶᠢᠨ 8% ᠠᠴᠠ ᠳᠣᠣᠷ᠎ᠠ ᠪᠠᠶᠢᠵᠤ ᠪᠣᠯᠬᠤ ᠦᠭᠡᠢ᠂ ᠲᠥᠷᠥᠯ ᠵᠦᠢᠯ ᠤᠨ ᠠᠰᠢᠭ ᠣᠷᠣᠯᠭ᠎ᠠ ᠶᠢ ᠶᠠᠳᠠᠭᠤ ᠬᠦᠴᠢᠷᠳᠡᠯᠲᠡᠢ ᠡᠷᠦᠬᠡ ᠶᠢᠨ ᠠᠰᠢᠭ ᠲᠤᠰᠠ ᠲᠠᠢ ᠬᠤᠯᠪᠣᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃      ᠪᠡᠯᠡ ᠮᠥᠩᠭᠦ ᠶᠢ ᠬᠡᠷᠡᠭᠯᠡᠬᠦ ᠶᠠᠪᠤᠴᠠ ᠳᠤᠮᠳᠠ᠂ ︽ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠪᠠ ᠪᠡᠯᠡ ᠮᠥᠩᠭᠦ ᠶᠢᠨ ᠲᠥᠷᠥᠯ ᠵᠦᠢᠯ ᠢ ᠵᠠᠷᠯᠠᠨ ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠪᠡᠯᠡ ᠮᠥᠩᠭᠦ ᠶᠢ ᠲᠣᠭᠲᠠᠭᠰᠠᠨ ᠴᠠᠭ ᠤᠨ ᠳᠣᠲᠣᠷ᠎ᠠ ᠪᠠᠭᠤᠯᠭᠠᠬᠤ ᠬᠡᠷᠡᠭᠲᠡᠢ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠵᠠᠷᠤᠭᠰᠠᠨ ᠠᠬᠢᠴᠠ ᠶᠢ ᠴᠠᠭ ᠲᠤᠬᠠᠢ  ᠳᠤᠨᠢ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠵᠠᠷᠤᠭᠰᠠᠨ ᠠᠬᠢᠴᠠ ᠳᠤ ᠲᠣᠭᠲᠠᠭᠰᠠᠨ ᠬᠤᠭᠤᠴᠠᠭ᠎ᠠ ᠲᠠᠢ ᠪᠠᠷ ᠲᠤᠰᠬᠠᠢ ᠲᠥᠷᠥᠯ ᠤᠨ ᠬᠢᠨᠠᠨ ᠪᠠᠶᠢᠴᠠᠭᠠᠯᠲᠠ ᠬᠢᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠴᠠᠭ ᠲᠤᠬᠠᠢ ᠳᠤᠨᠢ᠂ ᠲᠤᠭ᠎ᠠ ᠶᠣᠰᠣᠭᠠᠷ ᠪᠠᠭᠤᠯᠭᠠᠬᠤ ᠶᠢ ᠪᠠᠲᠤᠯᠠᠬᠤ ᠬᠡᠷᠡᠭᠲᠡᠢ᠃ ᠪᠡᠯᠡ ᠮᠥᠩᠭᠦ ᠶᠢ ᠬᠢᠨᠠᠯᠲᠠ ᠲᠠᠯᠪᠢᠨ ᠬᠠᠮᠢᠶᠠᠷᠬᠤ ᠲᠠᠯ᠎ᠠ ᠪᠠᠷ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠢᠨᠠᠨ ᠪᠣᠳᠣᠬᠤ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠨ ᠬᠢᠨᠠᠯᠲᠠ ᠲᠠᠯᠪᠢᠨ ᠬᠠᠮᠢᠶᠠᠷᠤᠯᠲᠠ ᠬᠢᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠠᠴᠠ ᠨᠡᠶᠢᠭᠡᠮ ᠤᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠭᠤᠷᠪᠠᠳᠠᠭᠢ ᠡᠲᠡᠭᠡᠳ ᠤᠨ ᠬᠢᠨᠠᠯᠲᠠ ᠶᠢ ᠣᠷᠣᠭᠤᠯᠬᠤ ᠶᠢ ᠵᠣᠷᠢᠭᠵᠢᠭᠤᠯᠵᠤ᠂ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号