5 ᠳ᠋ᠤᠭᠠᠷ ᠰᠠᠷ᠎ᠠ ᠶᠢᠨ ᠬᠥᠬᠡᠬᠤᠲᠠ ᠶᠢᠨ ᠡᠳ᠋ ᠤᠨ ᠵᠠᠰᠠᠭ ᠤᠨ ᠲᠤᠰ ᠱᠠᠲᠤᠨ ᠤ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠵᠠᠷᠤᠯᠭ᠎ᠠ ᠶᠢᠨ ᠪᠠᠶᠢᠳᠠᠯ ᠤᠨ ᠮᠡᠳᠡᠭᠡᠯᠡᠯ
ᠨᠡᠶᠢᠲᠡᠯᠡᠭᠰᠡᠨ ᠴᠠᠭ᠄
2020-07-01
      ᠡᠨᠡ ᠵᠢᠯ ᠠᠴᠠ ᠨᠠᠭᠠᠰᠢ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠳᠬᠤᠨ᠂ ᠨᠥᠬᠦᠭᠡ ᠭᠠᠷ ᠢᠶᠠᠷ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠠᠳᠬᠤᠵᠤ᠂ ᠪᠦᠲᠦᠮᠵᠢᠲᠠᠢ ᠠᠷᠭ᠎ᠠ ᠬᠡᠮᠵᠢᠶ᠎ᠡ ᠠᠪᠤᠨ᠂ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠵᠠᠷᠤᠴᠠᠭᠤᠯᠬᠤ ᠠᠬᠢᠴᠠ ᠶᠢ ᠳᠦᠷᠭᠡᠳᠬᠡᠨ᠂ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢᠨ ᠨᠠᠷᠢᠯᠢᠭ ᠨᠠᠶᠢᠳᠠᠪᠤᠷᠢᠵᠢᠭᠤᠯᠤᠭᠳᠠᠬᠤ ᠶᠢ ᠪᠠᠲᠤᠯᠠᠪᠠ᠃ ᠡᠨᠡ ᠵᠢᠯ ᠤᠨ 5 ᠳ᠋ᠤᠭᠠᠷ ᠰᠠᠷ᠎ᠠ ᠶᠢᠨ ᠬᠤᠲᠠ ᠶᠢᠨ ᠲᠤᠰ ᠱᠠᠲᠤᠨ ᠤ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠵᠠᠷᠤᠴᠠᠭᠤᠯᠤᠭᠰᠠᠨ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠨᠡᠶᠢᠭᠡᠮ ᠤᠨ ᠪᠠᠲᠤᠯᠠᠭ᠎ᠠ ᠪᠠ ᠣᠯᠠᠨ ᠨᠡᠶᠢᠲᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ      ︵ᠨᠢᠭᠡ︶ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ      1. 2019 ᠣᠨ ᠤ ᠳᠥᠷᠪᠡᠳᠦᠭᠡᠷ ᠤᠯᠠᠷᠢᠯ ᠤᠨ ᠦᠢᠯᠡᠰ ᠪᠣᠰᠬᠠᠬᠤ ᠳᠠᠭᠠᠭᠠᠯᠲᠠ ᠶᠢᠨ ᠵᠢᠭᠡᠯᠡᠯᠭᠡ ᠶᠢᠨ ᠳᠠᠮ ᠬᠦᠦ ᠮᠥᠩᠭᠦ ᠶᠢᠨ ᠬᠤᠲᠠ ᠶᠢᠨ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ 15.43 ᠲᠦᠮᠡᠨ ᠲᠥᠭᠦᠷᠢᠭ ᠪᠠᠭᠤᠯᠭᠠᠪᠠ᠃      2. 2018 ᠣᠨ ᠤ ᠦᠢᠯᠡᠰ ᠪᠣᠰᠬᠠᠬᠤ ᠳᠠᠭᠠᠭᠠᠯᠲᠠ ᠶᠢᠨ ᠵᠢᠭᠡᠯᠡᠯᠭᠡ ᠶᠢᠨ ᠳᠠᠮ ᠬᠦᠦ ᠮᠥᠩᠭᠦ ᠶᠢᠨ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠦᠯᠬᠦ ᠪᠡᠯᠡ ᠮᠥᠩᠭᠦ 213.97 ᠲᠦᠮᠡᠨ ᠲᠥᠭᠦᠷᠢᠭ ᠪᠠᠭᠤᠯᠭᠠᠪᠠ᠃      3. 2018 ᠣᠨ ᠤ ᠲᠦᠭᠡᠮᠡᠯ ᠬᠠᠷᠠᠭᠠᠯᠵᠠᠯ ᠤᠨ ᠮᠥᠩᠭᠦᠨ ᠭᠦᠢᠯᠭᠡᠭᠡ ᠶᠢᠨ ᠬᠥᠭᠵᠢᠯᠲᠡ ᠶᠢᠨ ᠲᠤᠰᠬᠠᠢ ᠲᠥᠷᠥᠯ ᠤᠨ ᠪᠠ 2017 ᠣᠨ ᠤ ᠬᠤᠰᠢᠭᠤ ᠰᠢᠶᠠᠨ ᠤ ᠮᠥᠩᠭᠦᠨ ᠭᠦᠢᠯᠭᠡᠭᠡ ᠶᠢᠨ ᠪᠠᠶᠢᠭᠤᠯᠤᠮᠵᠢ ᠶᠢᠨ ᠬᠥᠳᠡᠭᠡ ᠲᠣᠰᠬᠤᠨ ᠤ ᠵᠢᠭᠡᠯᠡᠯᠭᠡ ᠶᠢᠨ ᠨᠡᠮᠡᠭᠳᠡᠯ ᠤᠨ ᠱᠠᠩᠨᠠᠯ ᠳᠤ ᠬᠤᠯᠪᠣᠭᠳᠠᠬᠤ ᠲᠥᠪ ᠤᠨ ᠪᠡᠯᠡ ᠮᠥᠩᠭᠦ 626.76 ᠲᠦᠮᠡᠨ ᠲᠥᠭᠦᠷᠢᠭ ᠪᠠᠭᠤᠯᠭᠠᠪᠠ᠃      4. ᠶᠡᠭᠡ ᠰᠤᠷᠭᠠᠭᠤᠯᠢ ᠶᠢᠨ ᠰᠤᠷᠤᠭᠴᠢ ᠶᠢᠨ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠳᠤ 125.28 ᠲᠦᠮᠡᠨ ᠲᠥᠭᠦᠷᠢᠭ ᠪᠠᠭᠤᠯᠭᠠᠪᠠ᠃      5. ᠬᠡᠷᠡᠭᠯᠡᠭᠡ ᠶᠢ ᠢᠳᠡᠪᠬᠢᠵᠢᠭᠦᠯᠬᠦ ︽ᠵᠠᠭᠤᠨ ᠡᠳᠦᠷ ᠤᠨ ᠠᠵᠢᠯᠯᠠᠭ᠎ᠠ︾ ᠶᠢᠨ ᠵᠠᠷᠤᠳᠠᠯ ᠳᠤ 300 ᠲᠦᠮᠡᠨ ᠲᠥᠭᠦᠷᠢᠭ ᠪᠠᠭᠤᠯᠭᠠᠪᠠ᠃      6. ᠥᠪᠥᠷ ᠮᠣᠩᠭᠤᠯ ᠤᠨ ᠨᠡᠭᠦᠷᠡᠰᠦᠨ ᠠᠭᠤᠷᠬᠠᠢ ᠶᠢᠨ ᠮᠠᠰᠢᠨ ᠤ ᠦᠢᠯᠡᠳᠪᠦᠷᠢ᠂ ᠵᠦᠩ ᠬᠤᠸᠠᠨ ᠪᠦᠯᠦᠭᠯᠡᠯ ᠵᠡᠷᠭᠡ 5 ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ ᠲᠥᠪᠬᠢᠨᠡᠭᠦᠯᠬᠦ ᠵᠠᠷᠤᠳᠠᠯ ᠳᠤ 26.18 ᠲᠦᠮᠡᠨ ᠲᠥᠭᠦᠷᠢᠭ ᠪᠠᠭᠤᠯᠭᠠᠪᠠ᠃      7. ︽ᠭᠡᠭᠡᠨ ᠲᠤᠩᠭᠠᠯᠠᠭ ᠢᠨᠵᠧᠨᠧᠷᠢᠩ︾ ᠤᠨ ᠲᠤᠰᠬᠠᠢ ᠪᠡᠯᠡ ᠮᠥᠩᠭᠦ 1989.74 ᠲᠦᠮᠡᠨ ᠲᠥᠭᠦᠷᠢᠭ ᠪᠠᠭᠤᠯᠭᠠᠪᠠ᠃      8. ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ ᠶᠢᠨ ︽ᠭᠤᠷᠪᠠ ᠶᠢ ᠳᠡᠮᠵᠢᠨ ᠨᠢᠭᠡ ᠶᠢ ᠲᠡᠳᠬᠦᠬᠦ︾ ᠬᠥᠮᠥᠰ ᠤᠨ ᠬᠤᠲᠠ ᠶᠢᠨ ᠱᠠᠲᠤᠨ ᠤ ᠨᠥᠬᠦᠪᠦᠷᠢ ᠪᠡᠯᠡ ᠮᠥᠩᠭᠦ 232.55 ᠲᠦᠮᠡᠨ ᠲᠥᠭᠦᠷᠢᠭ ᠪᠠᠭᠤᠯᠭᠠᠪᠠ᠃      9. ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ ᠶᠢᠨ ︽ᠭᠤᠷᠪᠠ ᠶᠢ ᠳᠡᠮᠵᠢᠨ ᠨᠢᠭᠡ ᠶᠢ ᠲᠡᠳᠬᠦᠬᠦ︾ ᠬᠥᠮᠥᠰ ᠤᠨ ᠠᠮᠢᠳᠤᠷᠠᠯ ᠤᠨ ᠬᠠᠷᠠᠭᠠᠯᠵᠠᠯ ᠢ ᠳᠡᠭᠡᠭᠰᠢᠯᠡᠭᠦᠯᠬᠦ ᠬᠤᠲᠠ ᠶᠢᠨ ᠱᠠᠲᠤᠨ ᠤ ᠨᠥᠬᠦᠪᠦᠷᠢ ᠪᠡᠯᠡ ᠮᠥᠩᠭᠦ 33.83 ᠲᠦᠮᠡᠨ ᠲᠥᠭᠦᠷᠢᠭ ᠪᠠᠭᠤᠯᠭᠠᠪᠠ᠃      10. ᠬᠤᠲᠠ ᠶᠢᠨ ᠠᠮᠤᠷ ᠢ ᠬᠠᠮᠠᠭᠠᠯᠠᠬᠤ ᠦᠢᠯᠡᠴᠢᠯᠡᠭᠡᠨ ᠤ ᠺᠣᠮᠫᠠᠨᠢ ᠶᠢᠨ ᠬᠠᠷᠢᠴᠠᠭ᠎ᠠ ᠪᠠᠨ ᠰᠠᠯᠭᠠᠬᠤ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠪᠡᠯᠡ ᠮᠥᠩᠭᠦ 85.98 ᠲᠦᠮᠡᠨ ᠲᠥᠭᠦᠷᠢᠭ ᠪᠠᠭᠤᠯᠭᠠᠪᠠ᠃      11. ᠳ᠋ᠥᠸᠧ ᠦ᠋ ᠹᠦ᠋ ᠲᠥᠯᠥᠪᠦᠷᠢ ᠶᠢᠨ ᠬᠡᠷᠡᠭ ᠤᠨ ᠲᠥᠯᠥᠪᠦᠷᠢ ᠳᠤ 20.46 ᠲᠦᠮᠡᠨ ᠲᠥᠭᠦᠷᠢᠭ ᠪᠠᠭᠤᠯᠭᠠᠪᠠ᠃      ︵ᠬᠤᠶᠠᠷ︶ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠲᠠᠯ᠎ᠠ ᠪᠠᠷ      2019 ᠣᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠨᠥᠬᠦᠪᠦᠷᠢ ᠶᠢᠨ ᠬᠤᠲᠠ ᠶᠢᠨ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ 174.65 ᠲᠦᠮᠡᠨ ᠲᠥᠭᠦᠷᠢᠭ ᠪᠠᠭᠤᠯᠭᠠᠪᠠ᠃      ︵ᠭᠤᠷᠪᠠ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ      2020 ᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠥᠬᠦᠪᠦᠷᠢ ᠪᠡᠯᠡ ᠮᠥᠩᠭᠦ 721 ᠲᠦᠮᠡᠨ ᠲᠥᠭᠦᠷᠢᠭ ᠪᠠᠭᠤᠯᠭᠠᠪᠠ᠃      ᠬᠤᠶᠠᠷ᠂ ᠲᠠᠷᠢᠶᠠᠯᠠᠩ ᠢ ᠬᠦᠴᠦᠷᠬᠡᠭᠵᠢᠭᠦᠯᠬᠦ᠂ ᠲᠠᠷᠢᠶᠠᠴᠢᠳ ᠲᠤ ᠠᠰᠢᠭ ᠬᠦᠷᠭᠡᠬᠦ᠂ ᠠᠷᠠᠳ ᠲᠤ ᠠᠰᠢᠭ ᠬᠦᠷᠭᠡᠬᠦ ᠬᠦᠴᠦᠯᠡᠴᠡ ᠶᠢ ᠴᠢᠩᠭᠠᠳᠬᠠᠭᠰᠠᠨ ᠪᠠᠶᠢᠳᠠᠯ      ︵ᠨᠢᠭᠡ︶ ᠲᠠᠷᠢᠶᠠᠴᠢᠳ ᠲᠤ ᠠᠰᠢᠭ ᠬᠦᠷᠭᠡᠬᠦ᠂ ᠠᠷᠠᠳ ᠲᠤ ᠠᠰᠢᠭ ᠬᠦᠷᠭᠡᠬᠦ ᠨᠥᠬᠦᠪᠦᠷᠢ ᠶᠢᠨ ᠲᠠᠯ᠎ᠠ ᠪᠠᠷ      1. ᠬᠤᠲᠠ ᠶᠢᠨ ᠲᠣᠰ ᠱᠠᠲᠤᠨ ᠤ ︽ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾ ᠱᠠᠩᠨᠠᠯ ᠤᠨ ᠮᠥᠩᠭᠦ 3000 ᠲᠦᠮᠡᠨ ᠲᠥᠭᠦᠷᠢᠭ ᠪᠠᠭᠤᠯᠭᠠᠪᠠ᠃      2. ᠬᠤᠲᠠ ᠶᠢᠨ ᠱᠠᠲᠤᠨ ᠤ ᠨᠥᠭᠡᠴᠡᠯᠡᠬᠦ ᠪᠤᠭᠤᠳᠠᠢ ᠶᠢᠨ ᠦᠨ᠎ᠡ ᠶᠢᠨ ᠵᠥᠷᠢᠶ᠎ᠡ ᠶᠢᠨ ᠵᠠᠷᠤᠳᠠᠯ ᠳᠤ 100.84 ᠲᠦᠮᠡᠨ ᠲᠥᠭᠦᠷᠢᠭ ᠪᠠᠭᠤᠯᠭᠠᠪᠠ᠃      3. ᠡᠳ᠋ ᠤᠨ ᠵᠠᠰᠠᠭ ᠤᠨ ᠣᠢ ᠰᠢᠭᠤᠢ ᠶᠢᠨ ᠲᠤᠰᠬᠠᠢ ᠨᠥᠬᠦᠪᠦᠷᠢ ᠪᠡᠯᠡ ᠮᠥᠩᠭᠦ 77.6 ᠲᠦᠮᠡᠨ ᠲᠥᠭᠦᠷᠢᠭ ᠪᠠᠭᠤᠯᠭᠠᠪᠠ᠃      4. ᠠᠮᠤ ᠪᠤᠳᠠᠭ᠎ᠠ ᠶᠢ ᠬᠠᠳᠠᠭᠠᠯᠠᠬᠤ ᠲᠥᠬᠦᠭᠡᠷᠦᠮᠵᠢ ᠶᠢ ᠰᠡᠯᠪᠢᠨ ᠵᠠᠰᠠᠵᠤ ᠥᠭᠡᠷᠡᠴᠢᠯᠡᠬᠦ ᠪᠡᠯᠡ ᠮᠥᠩᠭᠦ 220 ᠲᠦᠮᠡᠨ ᠲᠥᠭᠦᠷᠢᠭ ᠪᠠᠭᠤᠯᠭᠠᠪᠠ᠃      5. ᠠᠮᠤ ᠪᠤᠳᠠᠭ᠎ᠠ ᠢᠳᠡᠰᠢᠨ ᠲᠣᠰᠣᠨ ᠤ ᠶᠠᠰᠤ ᠴᠢᠨᠠᠷ ᠢ ᠰᠢᠯᠭᠠᠬᠤ ᠲᠥᠪ ᠤᠨ ︽ᠰᠢᠯᠢᠳᠡᠭ ᠠᠮᠤ ᠪᠤᠳᠠᠭᠠᠨ ᠤ ᠢᠨᠵᠧᠨᠧᠷᠢᠩ︾ ᠤᠨ ᠪᠡᠯᠡ ᠮᠥᠩᠭᠦ 470 ᠲᠦᠮᠡᠨ ᠲᠥᠭᠦᠷᠢᠭ ᠪᠠᠭᠤᠯᠭᠠᠪᠠ᠃      6. ᠮᠢᠬᠠᠨ ᠤ ᠵᠦᠢᠯ ᠢᠳᠡᠰᠢᠨ ᠨᠣᠭᠤᠭ᠎ᠠ ᠶᠢᠨ ᠭᠦᠢᠯᠭᠡᠭᠡ ᠶᠢ ᠮᠥᠷᠳᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 25 ᠲᠦᠮᠡᠨ ᠲᠥᠭᠦᠷᠢᠭ ᠪᠠᠭᠤᠯᠭᠠᠪᠠ᠃      7. ᠠᠷᠠᠳ ᠲᠤ ᠠᠰᠢᠭ ᠬᠦᠷᠭᠡᠬᠦ ︽ᠪᠦᠷᠢᠨ ᠴᠢᠳᠠᠮᠵᠢᠲᠤ ᠺᠠᠷᠲ︾ ᠤᠨ ᠨᠥᠬᠦᠪᠦᠷᠢ ᠪᠡᠯᠡ ᠮᠥᠩᠭᠦ 11168.2 ᠲᠦᠮᠡᠨ ᠲᠥᠭᠦᠷᠢᠭ ᠪᠠᠭᠤᠯᠭᠠᠪᠠ᠂ ᠡᠭᠦᠨ ᠤ ᠳᠣᠲᠣᠷ᠎ᠠ᠂ ᠲᠠᠷᠢᠶᠠᠴᠢᠨ ᠤ ᠨᠥᠬᠦᠪᠦᠷᠢ ᠪᠡᠯᠡ ᠮᠥᠩᠭᠦ 10580.57 ᠲᠦᠮᠡᠨ ᠲᠥᠭᠦᠷᠢᠭ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠨᠥᠬᠦᠪᠦᠷᠢ ᠪᠡᠯᠡ ᠮᠥᠩᠭᠦ 587.65 ᠲᠦᠮᠡᠨ ᠲᠥᠭᠦᠷᠢᠭ︔ ᠨᠡᠶᠢᠲᠡ ᠪᠦᠬᠦ ᠬᠤᠲᠠ ᠶᠢᠨ 90 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠠᠰᠢᠭ ᠬᠦᠷᠭᠡᠵᠦ᠂ 1523241 ᠬᠥᠮᠦᠨ ᠤᠳᠠᠭ᠎ᠠ ᠲᠠᠷᠬᠠᠭᠠᠵᠤ᠂ ᠡᠭᠦᠨ ᠳᠤ ᠬᠥᠳᠡᠭᠡ ᠲᠣᠰᠬᠤᠨ ᠤ ᠨᠥᠬᠦᠪᠥᠷᠢ ᠬᠦᠷᠲᠡᠭᠰᠡᠨ ᠡᠲᠡᠭᠡᠳ 1406003 ᠬᠥᠮᠦᠨ ᠤᠳᠠᠭ᠎ᠠ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ 117238 ᠬᠥᠮᠦᠨ ᠳᠤ ᠨᠥᠬᠦᠪᠥᠷᠢ ᠣᠯᠭᠤᠵᠤ᠂ ᠲᠠᠷᠬᠠᠭᠠᠭᠰᠠᠨ ᠪᠡᠯᠡ ᠮᠥᠩᠭᠦ ᠶᠢᠨ ᠨᠥᠬᠦᠪᠦᠷᠢ ᠶᠢᠨ ᠲᠥᠷᠥᠯ ᠵᠦᠢᠯ ᠨᠢ ᠨᠡᠶᠢᠲᠡ 9 ᠬᠦᠷᠢᠶ᠎ᠡ ᠴᠠᠷᠠᠭ᠎ᠠ ᠶᠢᠨ 59 ᠲᠥᠷᠥᠯ ᠤᠨ 75 ᠵᠦᠢᠯ ᠳᠤ ᠬᠤᠯᠪᠣᠭᠳᠠᠪᠠ᠃      ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠯ᠎ᠠ ᠪᠠᠷ      1. ᠬᠤᠲᠠ ᠶᠢᠨ ᠲᠤᠰ ᠱᠠᠲᠤᠨ ᠤ ᠬᠤᠶᠠᠳᠤᠭᠠᠷ ᠪᠦᠯᠦᠭ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ 5000 ᠲᠦᠮᠡᠨ ᠲᠥᠭᠦᠷᠢᠭ ᠪᠠᠭᠤᠯᠭᠠᠪᠠ᠃ ᠭᠤᠣᠯᠳᠠᠭᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠵᠢᠵᠢᠭ ᠬᠡᠯᠪᠡᠷᠢ ᠶᠢᠨ ᠣᠯᠠᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠡᠷᠡᠭᠯᠡᠪᠡ᠃      2. ᠬᠤᠲᠠ ᠶᠢᠨ ᠲᠤᠰ ᠱᠠᠲᠤᠨ ᠤ ᠭᠤᠷᠪᠠᠳᠤᠭᠠᠷ ᠪᠦᠯᠦᠭ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ 5000 ᠲᠦᠮᠡᠨ ᠲᠥᠭᠦᠷᠢᠭ ᠪᠠᠭᠤᠯᠭᠠᠪᠠ᠃      ︵ᠭᠤᠷᠪᠠ︶ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ      ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ 3413 ᠲᠦᠮᠡᠨ ᠲᠥᠭᠦᠷᠢᠭ ᠪᠠᠭᠤᠯᠭᠠᠪᠠ᠃      ᠭᠤᠷᠪᠠ᠂ ᠨᠡᠶᠢᠲᠡ ᠶᠢᠨ ᠵᠠᠮ ᠬᠠᠷᠢᠯᠴᠠᠭ᠎ᠠ ᠶᠢᠨ ᠬᠥᠭᠵᠢᠯᠲᠡ ᠶᠢ ᠳᠡᠮᠵᠢᠭᠰᠡᠨ ᠪᠠᠶᠢᠳᠠᠯ      ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢᠨ ᠶᠡᠷᠦᠩᠬᠡᠢ ᠺᠣᠮᠫᠠᠨᠢ ᠶᠢᠨ ᠴᠣᠯ ᠴᠠᠬᠢᠯᠭᠠᠨ ᠬᠥᠳᠡᠯᠭᠡᠭᠦᠷᠲᠦ ᠰᠢᠨ᠎ᠡ ᠡᠨᠧᠷᠭᠢ ᠶᠢᠨ ᠲᠡᠷᠭᠡ ᠶᠢᠨ ᠲᠦᠷᠢᠶᠡᠰᠦᠨ ᠳᠤ 156.64 ᠲᠦᠮᠡᠨ ᠲᠥᠭᠦᠷᠢᠭ ᠪᠠᠭᠤᠯᠭᠠᠪᠠ᠃      ᠳᠥᠷᠪᠡ᠂ ᠪᠠᠲᠤᠯᠠᠭ᠎ᠠ ᠶᠢᠨ ᠴᠢᠨᠠᠷᠲᠠᠢ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠤᠨ ᠲᠠᠯ᠎ᠠ ᠪᠠᠷ      ᠲᠥᠪ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠭᠰᠠᠨ ᠪᠡᠯᠡ ᠮᠥᠩᠭᠦ 1250 ᠲᠦᠮᠡᠨ ᠲᠥᠭᠦᠷᠢᠭ ᠪᠠᠭᠤᠯᠭᠠᠵᠤ᠂ ᠪᠠᠲᠤᠯᠠᠭ᠎ᠠ ᠶᠢᠨ ᠴᠢᠨᠠᠷᠲᠠᠢ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠤᠨ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠪᠦᠲᠦᠭᠡᠨ ᠪᠠᠶᠢᠭᠤᠯᠤᠯᠲᠠ ᠳᠤ ᠲᠤᠰᠬᠠᠢ ᠬᠡᠷᠡᠭᠯᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号