ᠬᠥᠬᠡᠬᠤᠲᠠ ᠬᠥᠳᠡᠯᠮᠦᠷᠢ ᠦᠢᠯᠡᠴᠢᠯᠡᠭᠡ ᠶᠢᠨ ᠠᠵᠢᠯᠴᠢᠨ ᠬᠡᠷᠡᠭᠯᠡᠬᠦ ᠳᠤ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2020-07-10
     ᠣᠶᠢᠷ᠎ᠠ ᠳᠤ᠂ ᠬᠥᠬᠡᠬᠤᠲᠠ ᠶᠢᠨ ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠬᠥᠳᠡᠯᠮᠦᠷᠢ ᠦᠢᠯᠡᠴᠢᠯᠡᠭᠡᠨ ᠤ ᠥᠷᠲᠡᠭᠡ᠂ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠤᠨ ᠬᠠᠮᠢᠶᠠᠷᠤᠯᠲᠠ ᠶᠢᠨ ᠲᠥᠪ ᠤᠨ ᠬᠢᠨ ᠪᠠᠷᠢᠯᠭ᠎ᠠ ᠶᠢᠨ ᠬᠦᠷᠢᠶᠡᠨ ᠳᠠᠬᠢ ᠠᠵᠢᠯᠴᠢᠨ ᠬᠡᠷᠡᠭᠯᠡᠬᠦ ᠠᠵᠢᠯ ᠤᠨ ᠵᠢᠷᠤᠮᠵᠢᠯᠳᠠ ᠶᠢ ᠠᠬᠢᠭᠤᠯᠬᠤ ᠪᠠᠷ ᠬᠠᠷᠠᠯᠲᠠ ᠪᠣᠯᠭᠠᠨ᠂ ᠦᠨᠡᠨ ᠨᠡᠷ᠎ᠡ ᠶᠢᠨ ᠳᠦᠷᠢᠮ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠷᠢᠯᠭ᠎ᠠ ᠪᠠᠷᠢᠬᠤ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠤᠳ ᠵᠢᠴᠢ ᠲᠤᠰᠬᠠᠶ ᠳᠠᠭᠠᠭᠠᠴᠢᠯᠠᠭᠰᠠᠨ ᠠᠵᠤ ᠠᠬᠤᠶᠢᠯᠠᠯ ᠤᠳ ᠤᠨ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠬᠥᠯᠥᠰᠥᠨ ᠠᠵᠢᠯᠴᠢᠨ ᠤ ᠴᠠᠯᠢᠩ ᠢ ᠥᠷᠢᠲᠦᠵᠤ ᠤᠳᠠᠭᠠᠰᠢᠷᠠᠭᠤᠯᠬᠤ ᠠᠰᠠᠭᠤᠳᠠᠯ ᠢ ᠤᠷᠢᠳᠴᠢᠯᠠᠨ ᠰᠡᠷᠭᠡᠶᠢᠯᠡᠵᠦ᠂ ᠲᠤᠰ ᠲᠤᠰ ᠬᠥᠬᠡᠬᠤᠲᠠ ᠶᠢᠨ ᠳᠥᠷᠪᠡᠨ ᠲᠣᠭᠤᠷᠢᠭ ᠪᠠ ᠨᠡᠭᠡᠭᠡᠯᠲᠡ ᠶᠢᠨ ᠲᠤᠭᠤᠷᠢᠬ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠭᠤᠷᠪᠠᠨ ᠳᠡᠰ ᠤᠨ ᠪᠠᠷᠢᠯᠭ᠎ᠠ ᠶᠢᠨ ᠠᠵᠢᠯ ᠬᠢᠭᠰᠡᠳ ᠤᠨ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠬᠦ ᠶᠠᠪᠤᠴᠠ ᠳᠤ ᠣᠷᠣᠰᠢᠵᠤ ᠪᠠᠶᠢᠭ᠎ᠠ ᠮᠠᠳᠠᠬ ᠲᠠᠢ ᠠᠰᠠᠭᠤᠳᠠᠯ ᠳᠤ ᠬᠠᠷᠢᠭᠤᠯᠳᠠ ᠦᠭᠪᠡ᠃      ᠲᠣᠰ ᠤᠳᠠᠭᠠᠨ ᠤ ᠠᠵᠢᠯᠯᠠᠭ᠎ᠠ ᠳᠤ ᠭᠤᠤᠯᠳᠠᠭᠤ ᠡᠯ᠎ᠡ ᠲᠥᠷᠥᠯ ᠵᠦᠢᠯ ᠤᠨ ᠬᠥᠳᠡᠯᠮᠦᠷᠢ ᠪᠠ ᠬᠦᠷᠦᠩᠭᠡ ᠬᠠᠮᠢᠶᠠᠷᠤᠭᠴᠢ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠶ ᠶᠢᠨ ᠬᠥᠮᠦᠰ ᠤᠨ ᠬᠠᠮᠢᠶᠠᠷᠤᠯᠲᠠ ᠶᠢᠨ ᠠᠵᠢᠯ᠂ ᠠᠵᠢᠯᠯᠠᠭᠰᠠᠳ ᠤᠨ ᠦᠨᠡᠨ ᠨᠡᠷ᠎ᠡ ᠶᠢᠨ ᠲᠦᠷᠢᠮ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠳᠦᠷ ᠲᠤᠲᠤᠮ ᠤᠨ ᠠᠵᠢᠯ ᠳᠤ ᠭᠠᠷᠬᠤ ᠶᠢ ᠲᠡᠮᠳᠡᠭᠯᠡᠭᠦ᠂ ᠴᠠᠯᠢᠩ ᠣᠯᠭᠤᠬᠤ ᠵᠡᠷᠭᠡ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠳᠦᠰᠦᠯᠡᠨ ᠮᠠᠳᠠᠭ ᠢ ᠲᠠᠶᠢᠯᠵᠤ ᠰᠡᠵᠢᠭ ᠢ ᠠᠯᠳᠠᠷᠠᠭᠠᠨ᠂ ᠬᠥᠯᠥᠰᠥᠨ ᠠᠵᠢᠯᠴᠢᠨ ᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠥᠷᠥᠯ ᠵᠦᠢᠯ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠶᠢ ᠴᠢᠩᠭᠠᠳᠬᠠᠵᠤ᠂ ᠪᠠᠷᠢᠯᠭ᠎ᠠ ᠶᠢᠨ ᠬᠦᠷᠢᠶᠡᠨ ᠳᠠᠬᠢ ᠠᠵᠢᠯᠴᠢᠨ ᠢ ᠵᠢᠷᠤᠮᠵᠢᠭᠤᠨ ᠬᠡᠷᠡᠭᠯᠡᠬᠦ ᠦᠵᠡᠯ ᠤᠬᠠᠮᠰᠠᠷ ᠢ ᠴᠢᠩᠭᠠᠷᠠᠭᠤᠯᠪᠠ᠃ ᠬᠤᠶᠠᠷ ᠡᠳᠦᠷ ᠳᠠᠷᠠᠭᠠᠯᠠᠨ ᠲᠤᠬᠠᠶ ᠶᠢᠨ ᠲᠠᠯᠠᠪᠠᠢ ᠳᠤ ᠮᠠᠳᠠᠬ ᠢ ᠲᠠᠶᠢᠯᠬᠤ ᠠᠵᠢᠯᠯᠠᠭ᠎ᠠ ᠦᠷᠨᠢᠭᠦᠯᠭᠦ ᠪᠠᠷ ᠳᠠᠮᠵᠢᠨ᠂ ᠬᠥᠬᠡᠬᠤᠲᠠ ᠶᠢᠨ ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠬᠥᠳᠡᠯᠮᠦᠷᠢ ᠦᠢᠯᠡᠴᠢᠯᠡᠭᠡᠨ ᠤ ᠥᠷᠲᠡᠭᠡ᠂ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠤᠨ ᠬᠠᠮᠢᠶᠠᠷᠤᠯᠲᠠ ᠶᠢᠨ ᠲᠥᠪ ᠤᠨ ᠬᠢᠨ ᠠᠵᠤ ᠠᠬᠤᠶᠢᠯᠠᠯ ᠤᠨ ᠬᠥᠳᠡᠯᠮᠦᠷᠢ ᠬᠦᠴᠦ ᠬᠡᠷᠡᠭᠯᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠠᠵᠢᠯᠴᠢᠨ ᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠠᠬᠢᠭᠤᠯᠤᠬᠰᠠᠨ ᠪᠦᠭᠡᠳ ᠰᠠᠶᠢᠨ ᠦᠷ᠎ᠡ ᠪᠦᠲᠦᠮᠵᠢ ᠤᠯᠪᠠ᠃      ᠣᠶᠢᠯᠠᠭᠠᠭᠰᠠᠨ ᠢᠶᠠᠷ᠂ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠲᠠᠪᠴᠠᠩ ᠢ ᠠᠰᠢᠬᠯᠠᠯᠳᠠ ᠳᠤ ᠤᠷᠤᠭᠤᠯᠤᠬᠰᠠᠨ ᠠᠴᠠ ᠨᠠᠰᠢ᠂ ᠪᠠᠷᠢᠯᠭ᠎ᠠ ᠶᠢᠨ ᠠᠵᠢᠯᠲᠠᠨ ᠤ ᠬᠠᠮᠢᠶᠠᠷᠤᠯᠲᠠ ᠶᠢᠨ ᠠᠵᠢᠯ ᠳᠤ ᠲᠤᠶᠢᠯ ᠤᠨ ᠶᠡᠭᠡ ᠳᠥᠭᠦᠮ ᠦᠵᠡᠭᠦᠯᠵᠦ᠂ ᠲᠥᠷᠦᠯ ᠵᠦᠢᠯ ᠤᠨ ᠪᠦᠬᠦᠯᠢ ᠴᠣᠭᠴᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃ ᠡ᠊ᠨᠡ ᠨᠢ ᠪᠠᠷᠢᠯᠭ᠎ᠠ ᠶᠢᠨ ᠠᠵᠢᠯᠴᠢᠨ ᠤ ᠠᠵᠤ ᠦᠢᠯᠡᠰ ᠤᠨ ᠠᠵᠢᠯᠴᠢᠨ᠂ ᠮᠡᠷᠭᠡᠵᠢᠯ ᠤᠨ ᠠᠵᠢᠯᠴᠢᠨ ᠲᠡᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠶᠢᠨ ᠠᠵᠢᠯᠲᠠᠨ ᠤ ᠶᠠᠰᠤ ᠴᠢᠨᠠᠷ ᠤᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ᠂ ᠬᠥᠬᠡᠬᠤᠲᠠ ᠶᠢᠨ ᠪᠠᠷᠢᠯᠭ᠎ᠠ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠠᠰᠢᠬᠳᠠᠢ ᠶᠤᠮ᠃ ᠣᠳᠣᠬᠠᠨ ᠳᠤ ᠬᠦᠬᠡᠬᠤᠳᠠ ᠶᠢᠨ ᠳᠥᠷᠪᠡᠨ ᠲᠣᠭᠤᠷᠢᠭ᠂ ᠨᠡᠭᠡᠭᠡᠯᠲᠡ ᠶᠢᠨ ᠲᠣᠭᠤᠷᠢᠭ᠂ ᠬᠤᠰᠢᠭᠤ ᠰᠢᠶᠠᠨ ᠤ ᠪᠠᠷᠢᠯᠭ᠎ᠠ ᠶᠢᠨ ᠭᠠᠵᠠᠷ ᠨᠢᠭᠡᠨᠲᠡ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠡᠬᠢᠯᠡᠨ ᠬᠡᠷᠡᠭᠵᠢᠭᠦᠯᠵᠦ᠂ ᠬᠥᠬᠡᠬᠤᠲᠠ ᠶᠢᠨ ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠬᠥᠳᠡᠯᠮᠦᠷᠢ ᠦᠢᠯᠡᠴᠢᠯᠡᠭᠡᠨ ᠤ ᠥᠷᠲᠡᠭᠡ᠂ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠤᠨ ᠬᠠᠮᠢᠶᠠᠷᠤᠯᠲᠠ ᠶᠢᠨ ᠲᠥᠪ ᠤᠨ ᠬᠢᠨ ᠪᠠᠷᠢᠯᠭ᠎ᠠ ᠶᠢᠨ ᠭᠠᠵᠠᠷ ᠲᠤ ᠬᠥᠨᠳᠡᠯᠡᠨ ᠪᠢᠴᠢᠭᠡᠰᠦ ᠡᠯᠭᠦᠬᠦ᠂ ︽ᠳᠦᠷᠢᠮ︾ ᠤᠨ ᠠᠭᠤᠯᠭ᠎ᠠ ᠶᠢ ᠨᠠᠭᠠᠬᠤ ᠪᠠᠷ ᠲᠠᠮᠵᠢᠨ ᠤᠬᠠᠭᠤᠯᠬᠤ ᠬᠡᠪᠴᠢᠶ᠎ᠡ ᠪᠠᠨ ᠥᠷᠭᠡᠳᠬᠡᠵᠦ᠂ ᠪᠠᠷᠢᠯᠭ᠎ᠠ ᠶᠢᠨ ᠲᠥᠷᠥᠯ ᠵᠦᠢᠯ ᠤᠨ ᠡᠳᠦᠷ ᠲᠤᠲᠤᠮ ᠤᠨ ᠪᠠᠶᠢᠴᠠᠭᠠᠯᠲᠠ ᠲᠠᠢ ᠤᠶᠠᠯᠳᠤᠭᠤᠯᠤᠨ ᠬᠥᠯᠥᠰᠥᠨ ᠠᠵᠢᠯᠴᠢᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠬᠠᠶ ᠶᠢᠨ ᠲᠠᠯᠠᠪᠠᠢ ᠳᠤ ᠮᠠᠳᠠᠭ ᠢ ᠲᠠᠶᠢᠯᠵᠤ ᠰᠡᠵᠢᠭ ᠢ ᠠᠯᠳᠠᠷᠠᠭᠠᠨ᠂ ︽ᠲᠦᠷᠢᠮ︾ ᠢ ᠬᠥᠯᠥᠰᠥᠨ ᠠᠵᠢᠯᠴᠢᠳ ᠪᠠ ᠠᠵᠢᠯᠴᠢᠨ ᠬᠡᠷᠡᠭᠯᠡᠬᠦ ᠨᠢᠭᠡᠴᠢ ᠨᠦᠭᠦᠳ ᠳᠤ ᠬᠦᠷᠭᠡᠵᠦ ᠥᠭᠪᠡ᠃ ᠡᠨᠡ ᠵᠢᠯ ᠤᠨ ᠡᠴᠦᠰ ᠲᠤ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢᠨ ᠠᠵᠢᠯ ᠢ 100% ᠪᠠᠷ ᠪᠦᠷᠬᠦᠭᠦᠯᠦᠨ᠎ᠠ᠃      ᠣᠶᠢᠯᠠᠭᠠᠭᠰᠠᠨ ᠢᠶᠠᠷ᠂ 2017 ᠣᠨ ᠠᠴᠠ ᠡᠬᠢᠯᠡᠨ ᠥᠪᠥᠷ ᠮᠣᠩᠭᠤᠯ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠡᠷᠬᠡ ᠠᠰᠢᠭ ᠢ ᠤᠯᠠᠮ ᠨᠢᠭᠡ ᠠᠯᠬᠤᠮ ᠬᠠᠮᠠᠭᠠᠯᠠᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠠᠷᠢᠯᠭ᠎ᠠ ᠶᠢᠨ ᠠᠵᠤ ᠠᠬᠤᠶᠢᠯᠠᠯ ᠪᠦᠬᠦᠨ ᠨᠢ ᠴᠦᠮ ᠰᠢᠭᠤᠳ ᠡᠯᠰᠡᠨ ᠬᠡᠷᠡᠭᠯᠡᠭᠰᠡᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠲᠠᠢ ᠤᠷᠢᠳᠠᠪᠠᠷ ᠬᠥᠳᠡᠯᠮᠦᠷᠢ ᠶᠢᠨ ᠭᠡᠷ᠎ᠡ ᠲᠣᠭᠲᠠᠭᠰᠠᠨ ᠤ ᠳᠠᠷᠠᠭ᠎ᠠ ᠲᠠᠯᠠᠪᠠᠶ ᠳᠤ ᠣᠷᠣᠵᠤ ᠪᠠᠷᠢᠯᠭ᠎ᠠ ᠶᠢᠨ ᠠᠵᠢᠯ ᠬᠢᠯᠭᠡᠵᠦ᠂ ᠬᠥᠳᠡᠯᠮᠦᠷᠢ ᠬᠦᠴᠦ ᠬᠡᠷᠡᠭᠯᠡᠬᠦ ᠶᠠᠪᠤᠳᠠᠯ ᠢ ᠰᠦᠯᠵᠢᠶᠡᠨ ᠳᠡᠭᠡᠷ᠎ᠡ ᠳᠠᠩᠰᠠᠯᠠᠭᠤᠯᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠬᠥᠳᠡᠯᠮᠦᠷᠢ ᠦᠢᠯᠡᠴᠢᠯᠡᠭᠡᠨ ᠤ ᠳᠠᠭᠠᠭᠠᠴᠢᠯᠠᠯᠲᠠ ᠶᠢᠨ ᠠᠵᠢᠯᠯᠠᠭ᠎ᠠ ᠳᠤ ᠬᠥᠳᠡᠯᠮᠦᠷᠢ ᠬᠦᠴᠦ ᠬᠡᠷᠡᠭᠯᠡᠬᠦ ᠳᠤ ᠶᠡᠷᠦᠩᠬᠡᠶ ᠳᠠᠭᠠᠭᠠᠴᠢᠯᠠᠭᠴᠢ ᠨᠢ ᠬᠥᠳᠡᠯᠮᠦᠷᠢ ᠦᠢᠯᠡᠴᠢᠯᠡᠭᠡᠨ ᠤ ᠬᠥᠮᠦᠰ ᠢ ᠦᠨᠡᠨ ᠨᠡᠷ᠎ᠡ ᠪᠠᠷ ᠨᠢ ᠳᠠᠩᠰᠠᠯᠠᠨ ᠲᠡᠮᠳᠡᠭᠯᠡᠵᠦ᠂ ᠦᠨᠡᠨ ᠨᠡᠷ᠎ᠡ ᠶᠢᠨ ᠳᠦᠷᠢᠮ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠨᠡᠷᠡᠰ ᠤᠨ ᠳᠡᠪᠲᠡᠷ ᠢ ᠬᠥᠳᠡᠯᠮᠦᠷᠢ ᠦᠢᠯᠡᠴᠢᠯᠡᠭᠡᠨ ᠤ ᠬᠦᠯᠦᠰᠦ ᠮᠦᠡᠭᠭᠦ ᠤᠯᠭᠤᠬᠤ ᠦᠨᠳᠦᠰᠦᠨ ᠦᠡᠳᠦᠰᠦ ᠪᠠᠷᠢᠮᠳᠠ ᠪᠣᠯᠭᠠᠵᠤ ᠂ ᠠᠳᠠᠭ ᠲᠠᠭᠠᠨ 3 ᠵᠢᠯ ᠬᠠᠳᠠᠭᠠᠯᠠᠠ ᠪᠠᠶᠢᠴᠠᠭᠠᠯᠲᠠ ᠳᠤ ᠪᠡᠯᠡᠳᠬᠡᠬᠦ ᠬᠡᠷᠡᠭᠲᠡᠶ᠃ ︵ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠶᠦᠨ ᠶᠠᠨ ᠹᠠᠩ︶
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号