ᠬᠤᠲᠠ ᠶᠢᠨ ᠵᠠᠰᠠᠭ ᠤᠨ ᠣᠷᠳᠣᠨ ᠤ 2020 ᠣᠨ ᠤ 9 ᠳ᠋ᠦ᠋ᠭᠡᠷ ᠤᠳᠠᠭ᠎ᠠ ᠶᠢᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-07-10
ᠵᠠᠩ ᠪᠠᠢ ᠴᠧᠩ ᠡᠷᠬᠢᠯᠡᠪᠡ      ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 7 ᠳ᠋ᠤᠭᠠᠷ ᠰᠠᠷ᠎ᠠ ᠶᠢᠨ 9 ᠤ ᠣᠷᠣᠢ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ 2020 ᠣᠨ ᠤ 9 ᠳ᠋ᠦ᠋ᠭᠡᠷ ᠤᠳᠠᠭ᠎ᠠ ᠶᠢᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠠᠴᠠ ᠪᠦᠬᠦ ᠬᠤᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂ ᠥᠷᠢ ᠥᠭᠴᠡᠭᠡ ᠶᠢ ᠢᠯᠭᠠᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠤ ᠵᠣᠷᠯᠤᠩ ᠢ ᠥᠭᠡᠷᠡᠴᠢᠯᠡᠬᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠴᠢᠨᠡᠭᠡᠯᠢᠭᠵᠢᠯ ᠤᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠡᠷᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ᠂ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠵᠢᠭᠠᠵᠤ ᠭᠠᠷᠭᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠤᠯᠭᠠᠮ᠎ᠠ ᠱᠠᠭᠠᠷᠳᠠᠯᠭ᠎ᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠢ ᠪᠣᠯᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠭᠦᠷᠭᠡ ᠬᠠᠷᠠᠯᠲᠠ ᠪᠠ ᠴᠠᠭ ᠤᠨ ᠱᠠᠭᠠᠷᠳᠠᠯᠭ᠎ᠠ ᠶᠣᠰᠣᠭᠠᠷ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡ ᠬᠦ  ᠬᠠᠮᠤᠭ ᠨᠠᠭᠠᠲᠤ ᠵᠠᠬ᠎ᠠ ᠶᠢᠨ ᠡᠭᠦᠷᠭᠡ ᠶᠢ ᠲᠤᠭᠤᠰᠢᠲᠠᠢ ᠪᠡᠶᠡᠯᠡᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠡᠨᠡ ᠬᠦ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠨ᠂ ᠰᠢᠰᠲ᠋ᠧᠮᠲᠦ ᠴᠢᠨᠠᠷᠲᠠᠢ ᠠᠶᠤᠯ ᠲᠦᠭᠰᠢᠭᠦᠷᠢ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠪᠦᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠨᠡᠩ ᠣᠯᠠᠨ ᠪᠣᠳᠠᠰ ᠤᠨ ᠬᠡᠮᠵᠢᠶ᠎ᠡ᠂ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠴᠢᠷᠮᠠᠶᠢᠨ ᠪᠤᠢ ᠪᠣᠯᠭᠠᠬᠤ ᠬᠡᠷᠡᠭᠲᠡᠢ︔ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠩ ᠣᠯᠠᠨ ᠲᠥᠷᠥᠯ ᠵᠦᠢᠯ ᠤᠨ ᠡᠷᠲᠡᠬᠡᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠬᠤ ᠬᠡᠷᠡᠭᠲᠡᠢ︔ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠤᠭ ᠰᠢᠨ᠎ᠡ ᠲᠥᠷᠥ ᠶᠢᠨ ᠪᠣᠳᠣᠯᠭ᠎ᠠ ᠶᠢᠨ ᠴᠢᠭᠯᠡᠯ ᠳᠤ ᠢᠳᠡᠪᠬᠢᠲᠡᠢ ᠵᠣᠯᠭᠠᠭᠤᠯᠵᠤ᠂ ᠲᠥᠷᠥᠯ ᠵᠦᠢᠯ ᠤᠨ ᠨᠥᠭᠡᠴᠡᠯᠡᠯᠲᠡ ᠪᠠ ᠠᠷᠭ᠎ᠠ ᠰᠦᠪᠡᠭᠴᠢᠯᠡᠬᠦ ᠠᠵᠢᠯ ᠢ ᠬᠠᠨᠳᠤᠯᠭᠠᠲᠤ ᠴᠢᠨᠠᠷᠲᠠᠶ ᠪᠠᠷ ᠰᠠᠶᠢᠲᠤᠷ ᠬᠢᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠲᠥᠷᠥᠯ ᠵᠦᠢᠯ ᠤᠨ ᠰᠠᠭᠤᠷᠢ ᠶᠢ ᠲᠠᠯᠪᠢᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠵᠢᠯ ᠪᠣᠯᠣᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠯ᠎ᠡ ᠵᠦᠢᠯ ᠤᠨ ᠬᠢᠨᠠᠯᠲᠠ ᠬᠡᠮᠵᠢᠯᠲᠡ ᠶᠢᠨ ᠭᠦᠢᠴᠡᠳᠬᠡᠯ ᠲᠤᠭ᠎ᠠ ᠶᠢᠨ ᠲᠣᠭᠤᠷᠢᠨ ᠳᠤ᠂ ᠪᠠᠷᠢᠮᠵᠢᠶ᠎ᠠ ᠲᠠᠢ ᠪᠦᠬᠦ ᠲᠠᠯ᠎ᠠ ᠪᠠᠷ ᠬᠠᠷᠢᠴᠠᠭᠤᠯᠤᠨ ᠬᠠᠷᠭᠤᠭᠤᠯᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠦᠷᠦᠯᠴᠡᠬᠦ ᠦᠭᠡᠢ ᠪᠠᠨ ᠨᠦᠬᠦᠪᠦᠷᠢᠯᠡᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠨᠡᠩ ᠢᠳᠡᠷᠡᠭᠦᠨ ᠨᠡᠩ ᠴᠢᠨᠠᠷ ᠰᠠᠶᠢᠲᠠᠢ ᠴᠢᠨᠡᠭᠡᠯᠢᠭ ᠨᠡᠶᠢᠭᠡᠮ ᠢ ᠲᠣᠭᠲᠠᠭᠰᠠᠨ ᠴᠠᠭ ᠲᠠᠭᠠᠨ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠠᠩ ᠬᠤᠤ ᠯᠧᠢ᠂ ᠰᠢᠦᠢ ᠷᠦᠢ ᠰᠢᠶᠠ᠂ ᠪᠢ ᠭᠥᠸᠧ ᠴᠧᠨ᠂ ᠵᠸᠦ ᠴᠢᠶᠠᠩ᠂ ᠶᠦᠨ ᠰᠢᠨ ᠮᠢᠩ᠂ ᠹᠦ᠋ ᠪᠢᠨ᠂ ᠴᠢᠶᠥᠥ ᠶᠦᠨ ᠯᠢ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号