ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ 8 ᠲᠤᠰᠬᠠᠶ ᠮᠡᠷᠭᠡᠵᠢᠯ ︽ᠸᠠᠰᠢᠩᠲ᠋ᠣᠨ ᠤ ᠵᠦᠪᠯᠡᠯᠴᠡᠭᠡᠷ︾ ᠤᠨ ᠢᠨᠵᠧᠨᠧᠷᠢᠩ ᠤᠨ ᠭᠡᠷᠡᠴᠢᠯᠡᠯ ᠢ ᠦᠡᠭᠭᠡᠷᠡᠭᠡᠪᠡ
ᠨᠡᠶᠢᠲᠡᠯᠡᠭᠰᠡᠨ ᠴᠠᠭ᠄
2020-07-10
      ᠡᠨᠡ ᠵᠢᠯ ᠤᠨ 6 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠳᠤ ᠨᠡᠶᠢᠲᠡ 8 ᠲᠤᠰᠬᠠᠶ ᠮᠡᠷᠭᠡᠵᠢᠯ ︽ᠸᠠᠰᠢᠩᠲ᠋ᠣᠨ ᠤ ᠵᠦᠪᠯᠡᠯᠴᠡᠭᠡᠷ︾ ᠤᠨ ᠲᠧᠭᠨᠢᠭ ᠤᠨ ᠤᠬᠠᠭᠠᠨ ᠤ ᠲᠤᠰᠬᠠᠶ ᠮᠡᠷᠭᠡᠵᠢᠯ ᠤᠨ ᠬᠡᠷᠡᠴᠢᠯᠡᠯ ᠢ ᠦᠡᠭᠭᠡᠷᠡᠭᠡᠪᠡ᠃      ︽ᠸᠠᠰᠢᠩᠲ᠋ᠣᠨ ᠤ ᠵᠥᠪᠯᠡᠯᠴᠡᠭᠡᠷ︾ ᠪᠣᠯ ᠲᠡᠯᠡᠭᠡᠢ ᠲᠡᠭᠡᠷᠡᠭᠢ ᠢᠨᠵᠧᠨᠧᠷᠢᠩ ᠤᠨ ᠰᠤᠷᠭᠠᠨ ᠬᠥᠮᠦᠵᠢᠯ ᠤᠨ ᠡᠷᠳᠡᠮ ᠤᠨ ᠴᠣᠯᠠ ᠶᠢ ᠬᠠᠷᠢᠯᠴᠠᠨ ᠮᠡᠳᠡᠷᠡᠬᠦ ᠬᠠᠮᠤᠭ ᠤᠨ ᠨᠥᠯᠥᠭᠡᠯᠡᠬᠦ ᠬᠦᠴᠦᠨ ᠲᠠᠢ ᠵᠦᠪᠯᠡᠯᠴᠡᠭᠡᠷ ᠤᠨ ᠨᠢᠭᠡ ᠪᠣᠯᠤᠨ᠎ᠠ᠃ 1989 ᠣᠨ ᠳᠤ ᠠᠮᠧᠷᠢᠺᠠ᠂ ᠠᠩᠭ᠍ᠯᠢ᠂ ᠠᠦ᠋ᠰᠲᠷᠠᠯᠢᠶ᠎ᠠ ᠵᠡᠷᠭᠡ 6 ᠠᠩᠭ᠍ᠯᠢ ᠬᠡᠯᠡᠨ ᠤ ᠤᠯᠤᠰ ᠤᠨ ᠢᠨᠵᠧᠨᠧᠷᠢᠩ ᠤᠨ ᠰᠤᠷᠭᠠᠨ ᠬᠥᠮᠦᠵᠢᠯ ᠤᠨ ᠭᠡᠷᠡᠴᠢᠯᠡᠯ ᠤᠨ ᠪᠠᠶᠢᠭᠤᠯᠤᠮᠵᠢ ᠶᠢᠨ ᠬᠢᠨ ᠡᠭᠦᠰᠭᠡᠨ ᠪᠠᠶᠢᠭᠤᠯᠵᠤ᠂ ᠢᠨᠵᠧᠨᠧᠷᠢᠩ ᠤᠨ ᠰᠤᠷᠭᠠᠨ ᠬᠥᠮᠦᠵᠢᠯ ᠤᠨ ᠭᠡᠷᠡᠴᠢᠯᠡᠯ ᠤᠨ ᠦᠷ᠎ᠡ ᠳ᠋ᠦᠡᠭ ᠢ ᠤᠯᠠᠨ ᠲᠠᠯ᠎ᠠ ᠠᠴᠠ ᠮᠡᠳᠡᠷᠡᠨ ᠵᠥᠪᠰᠢᠶᠡᠷᠡᠬᠦ ᠪᠠᠷ ᠳᠠᠮᠵᠢᠨ ᠢᠨᠵᠧᠨᠧᠷᠢᠩ ᠤᠨ ᠡᠷᠳᠡᠮ ᠤᠨ ᠴᠣᠯᠠ ᠶᠢ ᠬᠠᠷᠢᠯᠴᠠᠨ ᠮᠡᠳᠡᠷᠡᠵᠦ᠂ ᠢᠨᠵᠧᠨᠧᠷᠢᠩ ᠤᠨ ᠮᠡᠷᠭᠡᠵᠢᠯ ᠤᠨ ᠠᠵᠢᠯᠲᠠᠨ ᠤ ᠣᠯᠠᠨ ᠤᠯᠤᠰ ᠲᠠᠬᠢ ᠰᠢᠯᠵᠢᠯᠲᠡ ᠶᠢ ᠠᠬᠢᠭᠤᠯᠬᠤ ᠪᠠᠷ ᠵᠤᠷᠢᠯᠳᠠ ᠪᠠᠨ ᠪᠤᠯᠭᠠᠵᠠᠢ᠃ 20 ᠭᠠᠷᠤᠶ ᠵᠢᠯ ᠤᠨ ᠬᠥᠭᠵᠢᠯᠲᠡ ᠪᠠᠷ ᠳᠠᠮᠵᠢᠨ᠂ ᠣᠳᠣᠬᠠᠨ ᠳᠤ ︽ᠸᠠᠰᠢᠩᠲ᠋ᠣᠨ ᠤ ᠵᠦᠪᠯᠡᠯᠴᠡᠭᠡᠷ︾ ᠤᠨ ᠪᠦᠷᠢᠯᠳᠦᠭᠦᠨ ᠬᠡᠰᠢᠭᠦᠨ ᠲᠠᠪᠤᠨ ᠲᠢᠪ ᠲᠤ ᠲᠠᠷᠬᠠᠵᠤ᠂ ᠮᠠᠨ ᠤ ᠤᠯᠤᠰ 2013 ᠣᠨ ᠤ 6 ᠰᠠᠷ᠎ᠠ ᠳᠤ ᠪᠡᠯᠡᠳᠬᠡᠯ ᠭᠡᠰᠢᠭᠦᠨ ᠪᠣᠯᠵᠤ᠂ 2016 ᠣᠨ ᠤ 6 ᠰᠠᠷ᠎ᠠ ᠳᠤ ᠵᠢᠩᠬᠢᠨᠢ ᠬᠡᠰᠢᠭᠦᠨ ᠪᠤᠯᠵᠠᠢ — ᠡᠨᠡ ᠨᠢ ᠳᠤᠮᠳᠠᠳᠤ ᠤᠯᠤᠰ ᠤᠨ ᠢᠨᠵᠧᠨᠧᠷᠢᠩ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠭᠡᠷᠡᠴᠢᠯᠡᠯ ᠤᠨ ᠰᠢᠰᠲ᠋ᠧᠮ ᠲᠡᠯᠡᠭᠡᠢ ᠳᠤ ᠠᠳᠠᠯᠢ ᠲᠡᠩᠴᠡᠭᠦᠦ ᠬᠦᠴᠦᠨ ᠲᠠᠢ ᠪᠠᠶᠢᠬᠤ ᠶᠢ ᠪᠤᠳᠠᠳᠠᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ ᠢᠨᠵᠧᠨᠧᠷᠢᠩ ᠤᠨ ᠲᠤᠰᠬᠠᠶ ᠮᠡᠷᠭᠡᠵᠢᠯ ᠤᠨ ᠶᠠᠰᠤ ᠴᠢᠨᠠᠷ ᠤᠨ ᠪᠠᠷᠢᠮᠵᠢᠶ᠎ᠠ ᠣᠯᠠᠨ ᠤᠯᠤᠰ ᠲᠤ ᠮᠡᠳᠡᠷᠡᠭᠳᠡᠭᠰᠡᠨ ᠨᠢ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠢᠭᠡᠨ ᠴᠢᠬᠤᠯᠠ ᠶᠡᠭᠡ ᠰᠢᠪᠲᠤᠯᠤᠯᠲᠠ ᠪᠣᠯᠪᠠ᠃      ᠲᠤᠰᠬᠠᠶ ᠮᠡᠷᠭᠡᠵᠢᠯ ᠤᠨ ᠬᠡᠷᠡᠴᠢᠯᠡᠯ ᠢ ᠥᠩᠭᠡᠷᠡᠭᠡᠭᠰᠡᠨ ᠲᠡᠭᠦᠰᠬᠦ ᠰᠤᠷᠤᠭᠴᠢᠳ ︽ᠸᠠᠰᠢᠩᠲ᠋ᠣᠨ ᠤ ᠵᠦᠪᠯᠡᠯᠴᠡᠭᠡᠷ︾ ᠤᠨ ᠬᠤᠯᠪᠣᠭᠳᠠᠯ ᠪᠦᠬᠦᠢ ᠤᠯᠤᠰ ᠪᠠ ᠭᠠᠵᠠᠷ ᠣᠷᠣᠨ ᠳᠤ ᠢᠨᠵᠧᠨᠧᠷ ᠤᠨ ᠠᠵᠢᠯ ᠡᠷᠬᠢᠯᠡᠬᠦ ᠬᠢᠷᠢ ᠬᠡᠮ ᠭᠤᠶᠤᠴᠢᠯᠠᠬᠤ ᠪᠤᠶᠤ ᠠᠰᠫᠢᠷᠠᠨᠲ ᠤᠨ ᠡᠷᠳᠡᠮ ᠤᠨ ᠴᠣᠯᠠ ᠭᠤᠶᠤᠴᠢᠯᠠᠬᠤ ᠦᠶᠡᠰ᠂ ᠭᠠᠳᠠᠭᠠᠳᠤ ᠳᠠᠬᠢ ᠲᠤᠬᠠᠶ ᠶᠢᠨ ᠭᠠᠵᠠᠷ ᠤᠨ ᠲᠡᠭᠦᠰᠬᠦ ᠰᠤᠷᠤᠭᠴᠢᠳ ᠲᠠᠢ ᠠᠳᠠᠯᠢᠬᠠᠨ ᠬᠠᠷᠠᠭᠠᠯᠵᠠᠯ ᠬᠦᠷᠲᠡᠵᠦ᠂ ᠳᠤᠮᠳᠠᠳᠤ ᠤᠯᠤᠰ ᠤᠨ ᠲᠧᠭᠨᠢᠭ ᠤᠨ ᠤᠬᠠᠭᠠᠨ ᠤ ᠰᠤᠷᠭᠠᠭᠤᠯᠢ ᠶᠢᠨ ᠰᠤᠷᠤᠭᠴᠢᠳ ᠤᠨ ᠳᠡᠯᠡᠬᠡᠶ ᠳᠤ ᠴᠢᠭᠯᠡᠭᠦ ᠳᠤ ᠨᠢᠭᠡᠳᠦᠯᠲᠡᠶ ︽ᠨᠡᠪᠲᠡᠷᠡᠬᠦ ᠦᠨᠡᠮᠯᠡᠯ︾ ᠬᠠᠨᠭ᠍ᠭᠠᠵᠠᠢ᠃ ᠡᠭᠦᠨ ᠤ ᠬᠠᠮᠲᠤ ᠭᠡᠷᠡᠴᠢᠯᠡᠯ ᠤᠨ ᠦᠷ᠎ᠡ ᠳ᠋ᠦᠩ ᠨᠢ ᠠᠵᠢᠯ ᠲᠥᠷᠥᠯ ᠵᠢᠴᠢ ᠠᠵᠤ ᠠᠬᠤᠶᠢᠯᠠᠯ ᠤᠨ ᠳᠣᠲᠣᠷ᠎ᠠ ᠨᠡᠯᠢᠶᠡᠳ ᠥᠨᠳᠥᠷ ᠡᠷᠬᠡ ᠰᠦᠷᠲᠦ ᠴᠢᠨᠠᠷ ᠲᠠᠢ ᠪᠠᠶᠢᠳᠠᠬ᠃ ᠲᠤᠰᠬᠠᠶ ᠮᠡᠷᠭᠡᠵᠢᠯ ᠤᠨ ᠭᠡᠷᠡᠴᠢᠯᠡᠯ ᠢ ᠦᠡᠭᠭᠡᠷᠡᠭᠡᠭᠰᠡᠨ ᠨᠢ ᠡᠲᠡᠭᠡᠷ ᠲᠤᠰᠬᠠᠶ ᠮᠡᠷᠭᠡᠵᠢᠯ ᠤᠨ ᠶᠠᠰᠤ ᠴᠢᠨᠠᠷ ᠲᠡᠯᠡᠭᠡᠢ ᠳᠤ ᠠᠳᠠᠯᠢ ᠲᠡᠩᠴᠡᠭᠦᠦ ᠬᠦᠴᠦᠨ ᠲᠠᠢ ᠪᠠᠶᠢᠬᠤ ᠶᠢ ᠪᠤᠳᠠᠳᠠᠢ ᠪᠡᠶᠡᠯᠡᠭᠦᠯᠵᠦ᠂ ᠪᠥᠬᠦ ᠪᠥᠮᠪᠥᠷᠴᠡᠭ ᠤᠨ ᠢᠨᠵᠧᠨᠧᠷᠢᠩ ᠤᠨ ᠰᠤᠷᠭᠠᠨ ᠬᠥᠮᠦᠵᠢᠯ ᠤᠨ ︽ᠲᠡᠷᠢᠭᠦᠨ ᠤ ᠵᠢᠭᠰᠠᠭᠠᠯ︾ ᠳᠤ ᠣᠷᠣᠭᠰᠠᠨ ᠢ ᠬᠠᠷᠠᠭᠤᠯᠵᠤ ᠪᠤᠢ᠃ ᠵᠠᠷᠢᠮ ᠠᠵᠢᠯ ᠲᠥᠷᠥᠯ ᠤᠨ ᠢᠨᠵᠧᠨᠧᠷ ᠤᠨ ᠬᠢᠷᠢ ᠬᠡᠮ ᠤᠨ ᠰᠢᠯᠭᠠᠯᠲᠠ ᠪᠤᠶᠤ ᠴᠢᠳᠠᠪᠤᠷᠢ ᠶᠢᠨ ᠦᠨᠡᠯᠡᠯᠲᠡ ᠳᠤ ᠠᠳᠠᠯᠢ ᠪᠤᠰᠤ ᠬᠡᠮᠵᠢᠶ᠎ᠡ ᠪᠠᠷ ᠬᠠᠰᠤᠵᠤ ᠬᠡᠯᠲᠦᠷᠢᠭᠦᠯᠬᠦ ᠬᠠᠷᠠᠭᠠᠯᠵᠠᠯ ᠢ ᠡᠳ᠋ᠯᠡᠨ᠎ᠡ᠃ 2006 ᠣᠨ ᠳᠤ ᠤᠯᠤᠰ ᠠᠴᠠ ᠰᠤᠷᠭᠠᠨ ᠬᠥᠮᠦᠵᠢᠯ ᠤᠨ ᠶᠠᠮᠤᠨ ᠤ ᠪᠦᠬᠦ ᠤᠯᠤᠰ ᠤᠨ ᠢᠨᠵᠧᠨᠧᠷᠢᠩ ᠤᠨ ᠰᠤᠷᠭᠠᠨ ᠬᠥᠮᠦᠵᠢᠯ ᠤᠨ ᠭᠡᠷᠡᠴᠢᠯᠡᠯ ᠤᠨ ᠲᠤᠰᠬᠠᠶ ᠮᠡᠷᠭᠡᠵᠢᠯᠲᠡᠨ ᠤ ᠵᠥᠪᠯᠡᠯ ᠢ ᠪᠠᠶᠢᠭᠤᠯᠵᠤ᠂ ᠢᠨᠵᠧᠨᠧᠷᠢᠩ ᠤᠨ ᠰᠤᠷᠭᠠᠨ ᠬᠥᠮᠦᠵᠢᠯ ᠤᠨ ᠭᠡᠷᠡᠴᠢᠯᠡᠯ ᠤᠨ ᠰᠢᠰᠲ᠋ᠧᠮ ᠢ ᠪᠠᠶᠢᠭᠤᠯᠵᠤ᠂ 2012 ᠣᠨ ᠳᠤ  ᠲᠡᠯᠡᠭᠡᠢ ᠳᠤ ᠠᠳᠠᠯᠢ ᠲᠡᠩᠴᠡᠭᠦᠦ ᠬᠦᠴᠦᠨ ᠲᠠᠢ ᠪᠦᠭᠦ ᠤᠯᠤᠰ ᠤᠨ ᠢᠨᠵᠧᠨᠧᠷᠢᠩ ᠤᠨ ᠰᠤᠷᠭᠠᠨ ᠬᠥᠮᠦᠵᠢᠯ ᠤᠨ ᠭᠡᠷᠡᠴᠢᠯᠡᠯ ᠤᠨ ᠰᠢᠰᠲ᠋ᠧᠮ ᠢ ᠪᠠᠶᠢᠭᠤᠯᠵᠠᠶ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠬᠢᠨ ᠡᠨᠡᠬᠦ ᠠᠵᠠ ᠲᠣᠬᠢᠶᠠᠯ ᠢ ᠬᠤᠷᠴᠠ ᠰᠡᠷᠭᠡᠭ ᠢᠶᠠᠷ ᠠᠳᠬᠤᠵᠤ᠂ ᠭᠡᠷᠡᠴᠢᠯᠡᠯ ᠤᠨ ᠪᠡᠯᠡᠳᠬᠡᠯ ᠠᠵᠢᠯ ᠢ ᠢᠳᠡᠪᠬᠢᠲᠡᠢ ᠥᠷᠨᠢᠭᠦᠯᠪᠡ᠃ 2017 ᠣᠨ ᠤ 1 ᠰᠠᠷ᠎ᠠ ᠳᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠠᠭᠤᠷᠬᠠᠶ ᠮᠠᠯᠲᠠᠬᠤ ᠢᠨᠵᠧᠨᠧᠷᠢᠩ ᠪᠠ ᠠᠮᠤᠷ ᠲᠦᠪᠰᠢᠨ ᠤ ᠢᠨᠵᠧᠨᠧᠷᠢᠩ ᠭᠡᠭᠦ 2 ᠲᠤᠰᠬᠠᠶ ᠮᠡᠷᠭᠡᠵᠢᠯ ᠭᠡᠷᠡᠴᠢᠯᠡᠯ ᠢ ᠦᠡᠭᠭᠡᠷᠡᠭᠡᠪᠡ᠃ ᠡᠨᠡ ᠵᠢᠯ ᠤᠨ 6 ᠰᠠᠷ᠎ᠠ ᠪᠣᠯᠲᠠᠯ᠎ᠠ᠂ ᠪᠠᠰᠠ ᠪᠠᠷᠢᠯᠭ᠎ᠠ ᠶᠢᠨ ᠢᠨᠵᠧᠨᠧᠷᠢᠩ᠂ ᠲᠡᠮᠦᠷᠯᠢᠭ ᠮᠠᠲ᠋ᠧᠷᠢᠶᠠᠯ ᠤᠨ ᠢᠨᠵᠧᠨᠧᠷᠢᠩ᠂ ᠡᠷᠦᠳᠡᠰᠦ ᠪᠣᠯᠪᠠᠰᠤᠷᠠᠭᠤᠯᠬᠤ ᠢᠨᠵᠧᠨᠧᠷᠢᠩ᠂ ᠬᠢᠮᠢ ᠶᠢᠨ ᠢᠨᠵᠧᠨᠧᠷᠢᠩ ᠪᠠ ᠤᠷ᠎ᠠ ᠮᠡᠷᠭᠡᠰᠢᠯ᠂ ᠲᠡᠮᠦᠷᠯᠢᠭ ᠬᠠᠶᠢᠯᠤᠭᠤᠯᠬᠤ ᠢᠨᠵᠧᠨᠧᠷᠢᠩ᠂ ᠮᠠᠲ᠋ᠧᠷᠢᠶᠠᠯ ᠬᠡᠪᠰᠢᠭᠦᠯᠭᠦ ᠪᠠ ᠡᠵᠡᠮᠳᠡᠭᠦ ᠢᠨᠵᠧᠨᠧᠷᠢᠩ ᠵᠡᠷᠭᠡ 6 ᠲᠤᠰᠬᠠᠶ ᠮᠡᠷᠭᠡᠵᠢᠯ ᠤᠷᠢᠳ ᠬᠤᠵᠢᠳ ᠭᠡᠷᠡᠴᠢᠯᠡᠯ ᠢ ᠦᠡᠭᠭᠡᠷᠡᠭᠡᠵᠡᠢ  ᠃      ᠣᠶᠢᠯᠠᠭᠠᠭᠰᠠᠨ ᠢᠶᠠᠷ᠂ 2016 ᠣᠨ ᠳᠤ ᠳᠤᠮᠳᠠᠳᠤ ᠤᠯᠤᠰ ᠣᠯᠠᠨ ᠤᠯᠤᠰ ᠤᠨ ᠢᠨᠵᠧᠨᠧᠷᠢᠩ ᠤᠨ ᠰᠤᠷᠭᠠᠨ ᠬᠥᠮᠦᠵᠢᠯ ᠤᠨ ︽ᠸᠠᠰᠢᠩᠲ᠋ᠣᠨ ᠤ ᠵᠦᠪᠯᠡᠯᠴᠡᠭᠡᠷ︾ ᠤᠨ ᠵᠣᠬᠢᠶᠠᠨ ᠪᠠᠶᠢᠭᠤᠯᠤᠯᠲᠠ ᠳᠤ ᠠᠯᠪᠠᠨ ᠶᠣᠰᠣᠭᠠᠷ ᠣᠷᠣᠯᠴᠠᠭᠰᠠᠨ ᠨᠢ ᠢᠨᠵᠧᠨᠧᠷᠢᠩ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠭᠡᠷᠡᠴᠢᠯᠡᠬᠦ ᠰᠢᠰᠲ᠋ᠧᠮ ᠳᠡᠯᠡᠬᠡᠶ ᠳᠤ ᠠᠳᠠᠯᠢ ᠲᠡᠩᠴᠡᠭᠦᠤ ᠬᠦᠴᠦᠨ ᠲᠠᠢ ᠪᠠᠶᠢᠬᠤ ᠶᠢ ᠪᠤᠳᠠᠳᠠᠢ ᠪᠡᠶᠡᠯᠡᠭᠦᠯᠦᠭᠰᠡᠨ ᠢ ᠬᠠᠷᠠᠭᠤᠯᠵᠤ ᠪᠤᠢ᠃  ᠢᠨᠵᠧᠨᠧᠷᠢᠩ ᠤᠨ ᠲᠤᠰᠬᠠᠶ ᠮᠡᠷᠭᠡᠵᠢᠯ ᠤᠨ ᠶᠠᠰᠤ ᠴᠢᠨᠠᠷ ᠤᠨ ᠪᠠᠷᠢᠮᠵᠢᠶ᠎ᠠ ᠣᠯᠠᠨ ᠤᠯᠤᠰ ᠲᠤ ᠮᠡᠳᠡᠷᠡᠭᠳᠡᠭᠰᠡᠨ ᠨᠢ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠢᠭᠡᠨ ᠴᠢᠬᠤᠯᠠ ᠶᠡᠭᠡ ᠰᠢᠪᠲᠤᠯᠤᠯᠲᠠ ᠪᠣᠯᠪᠠ᠃ ︽ᠸᠠᠰᠢᠩᠲ᠋ᠣᠨ ᠤ ᠵᠦᠪᠯᠡᠯᠴᠡᠭᠡᠷ︾ ᠤᠨ ᠵᠢᠩᠬᠢᠨᠢ ᠬᠡᠰᠢᠭᠦᠨ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠨ ᠢᠨᠵᠧᠨᠧᠷᠢᠩ ᠤᠨ ᠰᠤᠷᠭᠠᠨ ᠬᠥᠮᠦᠵᠢᠯ ᠤᠨ ᠭᠡᠷᠡᠴᠢᠯᠡᠯ ᠤᠨ ᠦᠷ᠎ᠡ ᠳ᠋ᠦᠩ ᠨᠢ ᠨᠢᠭᠡᠨᠲᠡ ᠪᠤᠰᠤᠳ 18 ᠭᠡᠰᠢᠭᠦᠨ ᠤᠯᠤᠰ ︵ᠭᠠᠵᠠᠷ ᠣᠷᠣᠨ︶ ᠤᠨ ᠵᠥᠪᠰᠢᠶᠡᠷᠡᠯ ᠢ ᠣᠯᠤᠭᠰᠠᠨ ᠪᠠᠶᠢᠨ᠎ᠠ᠃ ︵ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠭᠡᠷᠡᠯᠲᠦ︶
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号