ᠵᠠᠩ ᠪᠠᠢ ᠴᠧᠩ ᠡᠷᠬᠢᠯᠡᠪᠡ | ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 7 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ | ᠬᠤᠶᠢᠨ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ 44 ᠳ᠋ᠦ᠋ᠭᠡᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ︽ᠬᠠᠤᠯᠢ ᠶᠣᠰᠣᠭᠠᠷ | ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠪᠠᠷ ᠰᠡᠷᠭᠡᠶᠢᠯᠡᠨ ᠡᠵᠡᠮᠳᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠵᠢᠷᠤᠮᠵᠢᠭᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ᠂ ᠥᠪᠡᠷᠲᠡᠭᠡᠨ | ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ︽ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠵᠦ ᠬᠥᠮᠥᠰ ᠤᠨ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠶᠢ | ᠠᠬᠢᠭᠤᠯᠬᠤ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ | ᠠᠵᠢᠯᠯᠠᠬᠤ ᠬᠤᠷᠢᠶ᠎ᠠ ᠶᠢᠨ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠵᠠᠩ ᠪᠠᠢ ᠴᠧᠩ ᠬᠤᠷᠠᠯ ᠢ ᠡᠷᠬᠢᠯᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠳᠡᠯᠡᠬᠡᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠳᠠᠯ ᠲᠤᠶᠢᠯ ᠤᠨ ᠠᠶᠤᠯ ᠲᠦᠭᠰᠢᠭᠦᠷᠢ ᠲᠠᠢ ᠪᠠᠶᠢᠵᠤ᠂ ᠮᠠᠨ ᠤ ᠬᠤᠲᠠ ᠶᠢᠨ ᠭᠠᠳᠠᠨ᠎ᠠ ᠠᠴᠠ ᠣᠷᠣᠵᠤ | ᠢᠷᠡᠬᠦ ᠶᠢ ᠰᠡᠷᠭᠡᠶᠢᠯᠡᠬᠦ ᠠᠵᠢᠯ ᠤᠨ ᠳᠠᠷᠤᠭᠠᠰᠤ ᠮᠥᠨ ᠬᠦ ᠮᠠᠰᠢ ᠶᠡᠭᠡ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠨᠣᠷ ᠰᠡᠷᠡᠮᠵᠢ ᠪᠠᠨ ᠴᠠᠭ ᠢᠮᠠᠭᠲᠠ ᠴᠢᠩᠭᠠᠯᠠᠵᠤ᠂ | ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ | ᠱᠠᠭᠠᠷᠳᠠᠯᠭ᠎ᠠ ᠪᠠ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ ᠬᠡᠷᠡᠭᠲᠡᠢ᠃ | ᠳᠤᠮᠳᠠ᠂ ᠥᠨᠳᠥᠷ ᠲᠦᠭᠰᠢᠭᠦᠷᠢ ᠶᠢᠨ ᠣᠷᠣᠨ ᠠᠴᠠ ᠬᠥᠬᠡᠬᠤᠲᠠ ᠳᠤ ᠢᠷᠡᠭᠰᠡᠨ ᠬᠥᠮᠥᠰ ᠢ ᠪᠠᠶᠢᠴᠠᠭᠠᠬᠤ᠂ ᠰᠢᠯᠭᠠᠨ | ᠬᠡᠮᠵᠢᠬᠦ ᠵᠢᠴᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠴᠢᠩᠭᠠᠳᠬᠠᠵᠤ᠂ ᠣᠨᠴᠠᠭᠠᠶᠢᠯᠠᠨ ᠥᠪᠡᠷᠲᠡᠭᠡᠨ ᠵᠠᠰᠠᠬᠤ ᠣᠷᠣᠨ ᠤ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠡᠭᠡᠵᠢᠩ ᠠᠴᠠ ᠢᠷᠡᠭᠰᠡᠨ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ | ᠬᠢᠵᠦ᠂ ᠴᠤᠭᠯᠠᠭ᠎ᠠ ᠮᠠᠶᠢᠮᠠᠢ᠂ ᠰᠥᠨᠢ ᠶᠢᠨ ᠵᠠᠬ᠎ᠠ ᠵᠡᠷᠭᠡ ᠣᠯᠠᠨ ᠬᠦᠮᠦᠨ ᠴᠤᠭᠯᠠᠷᠠᠭᠰᠠᠨ ᠭᠠᠵᠠᠷ ᠣᠷᠣᠨ ᠢ ᠬᠠᠮᠢᠶᠠᠷᠬᠤ | ᠪᠠᠨ ᠴᠢᠩᠭᠠᠳᠬᠠᠬᠤ ᠬᠡᠷᠡᠭᠲᠡᠢ᠃ ᠣᠯᠠᠨ ᠤᠯᠤᠰ ᠤᠨ ᠨᠢᠰᠬᠡᠯ ᠤᠨ ᠬᠤᠪᠢᠶᠠᠷᠢᠯᠠᠨ ᠪᠠᠭᠤᠯᠭᠠᠬᠤ ᠲᠤᠰᠠᠭᠠᠷᠯᠠᠬᠤ ᠪᠠᠭᠤᠳᠠᠯ᠂ | ᠠᠵᠢᠯ ᠤᠨ ᠬᠥᠮᠥᠰ᠂ ᠬᠢᠵᠢᠭ ᠢ ᠰᠡᠷᠭᠡᠶᠢᠯᠡᠬᠦ ᠡᠳ᠋ ᠬᠥᠷᠥᠩᠭᠡ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠤᠯᠠᠮ ᠨᠢᠭᠡ | ᠠᠯᠬᠤᠮ ᠰᠠᠶᠢᠨ ᠬᠢᠵᠦ᠂ ᠬᠤᠪᠢᠶᠠᠷᠢᠯᠠᠨ ᠪᠠᠭᠤᠯᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ | ᠡᠭᠦᠨ ᠤ ᠬᠠᠮᠲᠤ᠂ ᠡᠮᠨᠡᠯᠭᠡ ᠶᠢᠨ ᠬᠤᠷᠢᠶ᠎ᠠ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠤ ᠰᠡᠷᠭᠡᠶᠢᠯᠡᠨ ᠡᠵᠡᠮᠳᠡᠬᠦ᠂ ᠡᠷᠡᠭᠦᠯ | ᠮᠡᠨᠳᠦ ᠶᠢᠨ ᠮᠡᠷᠭᠡᠨ ᠴᠣᠬᠤᠷ ᠢ ᠲᠦᠭᠡᠮᠡᠯᠵᠢᠭᠦᠯᠦᠨ ᠬᠡᠷᠡᠭᠯᠡᠬᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ | ᠰᠢᠮᠳᠠᠭᠤᠯᠤᠨ ᠪᠠᠶᠢᠴᠠᠭᠠᠬᠤ᠂ ᠵᠢᠵᠢᠭᠦᠷᠯᠡᠨ ᠰᠠᠬᠢᠬᠤ ᠵᠡᠷᠭᠡ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ | ᠬᠢᠵᠦ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠪᠠᠲᠤ ᠪᠠᠬᠢ ᠨᠠᠷᠢᠨ ᠨᠢᠭᠲᠠ | ᠰᠦᠯᠵᠢᠵᠦ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠰᠠᠶᠢᠬᠠᠨ ᠪᠠᠶᠢᠳᠠᠯ ᠢ ᠦᠨᠡᠨᠬᠦ | ᠪᠠᠲᠤᠳᠬᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ᠂ ᠮᠠᠨ ᠤ | ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠠᠩ ᠬᠤᠤ | ᠯᠧᠢ᠂ ᠰᠢᠦᠢ ᠷᠦᠢ ᠰᠢᠶᠠ᠂ ᠪᠢ ᠭᠥᠸᠧ ᠴᠧᠨ᠂ ᠵᠸᠦ ᠴᠢᠶᠠᠩ᠂ ᠶᠦᠨ ᠰᠢᠨ ᠮᠢᠩ᠂ ᠹᠦ᠋ ᠪᠢᠨ᠂ ᠴᠢᠶᠥᠥ ᠶᠦᠨ ᠯᠢ᠂ | ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ | ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ |