ᠬᠤᠲᠠ ᠶᠢᠨ ᠲᠤᠰᠬᠠᠶ ᠰᠢᠮᠳᠠᠭᠤᠯᠤᠨ ᠵᠢᠯᠣᠭᠤᠳᠬᠤ ᠳᠤᠭᠤᠶᠢᠯᠠᠩ ᠰᠢᠨ᠎ᠡ ᠬᠤᠲᠠ ᠲᠣᠭᠤᠷᠢᠭ ᠤᠨ ᠠᠷᠠᠳ ᠲᠤ ᠦᠢᠯᠡᠴᠢᠯᠡᠬᠦ ᠬᠠᠯᠠᠮᠰᠢᠯ ᠤᠲᠠᠰᠤ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠳᠤ ᠲᠤᠬᠠᠶ ᠶᠢᠨ ᠭᠠᠵᠠᠷ ᠤᠨ ᠰᠢᠮᠳᠠᠭᠤᠯᠤᠨ ᠪᠠᠶᠢᠴᠠᠭᠠᠯᠲᠠ ᠬᠢᠪᠠ
ᠨᠡᠶᠢᠲᠡᠯᠡᠭᠰᠡᠨ ᠴᠠᠭ᠄
2020-07-13
      2020 ᠣᠨ ᠤ 7 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠹᠠᠩ ᠲᠢᠶᠠᠨ ᠯᠢ ᠵᠢᠴᠢ 12345 ᠠᠷᠠᠳ ᠲᠤ ᠦᠢᠯᠡᠴᠢᠯᠡᠬᠦ ᠬᠠᠯᠠᠮᠰᠢᠯ ᠤᠲᠠᠰᠤ ᠶᠢ ᠡᠮᠬᠢᠯᠡᠨ ᠨᠡᠶᠢᠯᠡᠭᠦᠯᠬᠦ ᠳᠤᠭᠤᠶᠢᠯᠠᠩ ᠤᠨ ᠳᠠᠷᠤᠭ᠎ᠠ ᠯᠢ ᠶᠣᠣ ᠨᠠᠷ ᠰᠢᠨ᠎ᠡ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠦᠷᠴᠦ᠂ ︽ᠵᠠᠷᠭᠤ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ︾ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠤᠯᠳᠠᠯᠭ᠎ᠠ ᠲᠠᠢ ᠠᠵᠢᠯ ᠤᠨ ᠲᠤᠬᠠᠢ ᠲᠤᠰᠬᠠᠶ ᠰᠢᠮᠳᠠᠭᠤᠯᠤᠨ ᠪᠠᠶᠢᠴᠠᠭᠠᠯᠲᠠ ᠬᠢᠪᠠ᠃ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠬᠡᠷᠡᠭ ᠡᠷᠬᠢᠯᠡᠬᠦ ᠲᠢᠩᠬᠢᠮ ᠤᠨ ᠥᠨᠳᠥᠷ ᠳᠠᠪᠲᠠᠮᠵᠢᠲᠤ ᠤᠴᠢᠷ ᠶᠠᠪᠤᠳᠠᠯ ᠢ  ᠰᠢᠢᠳᠪᠦᠷᠢᠯᠡᠬᠦ ᠶᠠᠪᠤᠴᠠ ᠶᠢ ᠪᠡᠶ᠎ᠡ ᠪᠠᠷ ᠢᠶᠠᠨ ᠥᠩᠭᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠤᠳᠤᠷᠢᠳᠬᠤ ᠺᠠᠳ᠋ᠷ ᠲᠠᠢ ᠡᠯ᠎ᠡ ᠵᠣᠶᠢᠯ ᠤᠨ ᠭᠤᠤᠯᠳᠠᠯᠭ᠎ᠠ ᠲᠠᠢ ᠠᠵᠢᠯ ᠤᠨ ᠲᠤᠬᠠᠶ ᠶᠠᠷᠢᠯᠴᠠᠪᠠ᠃      ᠬᠤᠷᠠᠯ ᠳᠡᠭᠡᠷ᠎ᠡ᠂ ᠲᠣᠪᠴᠢᠶᠠᠨ ᠳᠠᠷᠤᠭ᠎ᠠ ᠵᠠᠩ ᠭᠤᠸᠠᠩ ᠬᠤᠸᠠ ᠰᠢᠨ᠎ᠡ ᠬᠤᠲᠠ ᠲᠣᠭᠤᠷᠢᠭ ᠤᠨ ︽ᠵᠠᠷᠭᠤ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ︾᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠶ ᠨᠠᠷᠢᠨ ᠮᠡᠳᠡᠭᠦᠯᠦᠯᠲᠡ ᠬᠢᠪᠠ᠃ ᠲᠤᠰᠬᠠᠶ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠰᠢᠨ᠎ᠡ ᠬᠤᠲᠠ ᠲᠣᠭᠤᠷᠢᠭ ᠤᠨ ᠠᠵᠢᠯ ᠢ ᠨᠤᠲᠠᠯᠠᠭᠰᠠᠨ ᠤ ᠬᠠᠮᠲᠤ ᠬᠤᠶᠢᠰᠢᠳᠠ ᠶᠢᠨ ᠠᠵᠢᠯ ᠳᠤ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠰᠢᠨ᠎ᠡ ᠬᠤᠲᠠ ᠲᠣᠭᠤᠷᠢᠭ ︽ᠵᠠᠷᠭᠤ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ︾ ᠠᠵᠢᠯ ᠤᠨ ᠲᠠᠨᠢᠯᠲᠠ ᠪᠠᠨ ᠳᠡᠭᠡᠭᠰᠢᠯᠡᠭᠦᠯᠵᠦ᠂ ᠨᠢᠭᠡ ᠳᠤ ᠠᠵᠢᠯ ᠤᠨ ᠠᠩᠬᠠᠷᠤᠯ ᠢᠶᠠᠨ ᠲᠥᠪᠯᠡᠷᠡᠭᠦᠯᠬᠦ ᠶᠢ ᠪᠠᠲᠤᠯᠠᠬᠤ ᠬᠡᠷᠡᠭᠲᠡᠶ᠂ ᠳᠠᠷᠤᠶ ᠠᠵᠢᠯ ᠤᠨ ᠤᠬᠠᠮᠰᠠᠷ ᠪᠠ ᠬᠦᠴᠦᠨ ᠴᠢᠳᠠᠯ ᠢ ᠴᠥᠮ ᠵᠡᠷᠭᠡᠪᠡᠷ ᠲᠦᠪᠯᠡᠷᠡᠭᠦᠯᠵᠦ᠂ ︽ᠵᠠᠷᠭᠤ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ︾ ᠶᠢ ᠤᠷᠳᠤ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠪᠣᠯᠭᠠᠨ ᠠᠳᠬᠤᠬᠤ ᠬᠡᠷᠡᠭᠲᠡᠢ᠃ ᠬᠤᠶᠠᠷ ᠲᠤ ︽ᠵᠠᠭᠠᠯᠳᠣᠬᠤ ᠠᠴᠠ ᠡᠮᠦᠨ᠎ᠡ ᠤᠷᠢᠳᠠᠪᠠᠷ ᠰᠢᠢᠳᠪᠦᠷᠢᠯᠡᠬᠦ︾ ᠪᠠ ︽ᠵᠠᠷᠭᠤ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ︾ ᠬᠤᠶᠠᠷ ᠲᠠᠯ᠎ᠠ ᠶᠢ ᠴᠥᠮ ᠴᠢᠩᠭ᠎ᠠ ᠠᠳᠬᠤᠵᠤ᠂ ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠤᠨ ᠠᠰᠠᠭᠤᠳᠠᠯ ᠢ ᠠᠷᠢᠯᠭᠠᠬᠤ ᠪᠠ ᠰᠢᠢᠳᠪᠦᠷᠢᠯᠡᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠳᠠᠷᠤᠭᠳᠠᠮᠠᠯ ᠬᠡᠷᠡᠭ ᠪᠣᠯᠬᠤ ᠠᠴᠠ ᠵᠠᠶᠢᠯᠠᠰᠬᠢᠬᠦ ᠬᠡᠷᠡᠭᠲᠡᠶ ᠭᠡᠵᠦ ᠱᠠᠭᠠᠷᠳᠠᠪᠠ᠃
     ᠲᠣᠪᠴᠢᠶᠠᠨ ᠳᠠᠷᠤᠭ᠎ᠠ ᠵᠠᠩ ᠭᠤᠸᠠᠩ ᠬᠤᠸᠠ ᠢᠯᠡᠷᠬᠡᠶᠢᠯᠡᠭᠰᠡᠨ ᠨᠢ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠭᠠᠷ ᠳᠠᠮᠵᠢᠪᠠᠯ ᠳᠠᠷᠤᠢ ᠬᠠᠷᠢᠭᠤᠴᠠᠯᠭ᠎ᠠ ᠪᠣᠯᠬᠤ ᠣᠪᠤᠷ ᠢᠶᠠᠷ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号