ᠬᠤᠲᠠ ᠶᠢᠨ ᠵᠠᠰᠠᠭ ᠤᠨ ᠣᠷᠳᠣᠨ 2020 ᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-13
ᠵᠠᠩ ᠪᠠᠢ ᠴᠧᠩ ᠡᠷᠬᠢᠯᠡᠪᠡ      ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 7 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ 2020 ᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ︽ᠬᠥᠬᠡᠬᠤᠲᠠ ᠶᠢᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠤᠨ ᠣᠨᠴᠠ ᠤᠷᠢᠭᠰᠠᠨ ᠬᠢᠨᠠᠭᠴᠢ ᠶᠢᠨ ᠠᠵᠢᠯ ᠤᠨ ᠲᠥᠰᠥᠯ︾ ︽ᠬᠥᠬᠡᠬᠤᠲᠠ ᠶᠢᠨ ᠪᠦᠬᠦ ᠠᠷᠠᠳ ᠤᠨ ᠪᠡᠶ᠎ᠡ ᠪᠠᠨ ᠴᠢᠬᠢᠷᠠᠭᠵᠢᠭᠤᠯᠬᠤ ᠪᠣᠯᠣᠨ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠵᠢᠭᠦᠯᠬᠦ ᠲᠥᠰᠥᠯ︾ ︽ᠬᠥᠬᠡᠬᠤᠲᠠ ᠶᠢᠨ ᠬᠤᠰᠢᠭᠤ ᠰᠢᠶᠠᠨ ᠤ ᠶᠡᠷᠦᠩᠬᠡᠶᠢᠯᠡᠭᠰᠡᠨ ᠡᠮᠴᠢᠯᠡᠭᠡ ᠶᠢᠨ ᠥᠭᠡᠷᠡᠴᠢᠯᠡᠯᠲᠡ ᠶᠢᠨ ᠠᠵᠢᠯ ᠤᠨ ᠲᠥᠰᠥᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠪᠣᠯ ᠨᠢᠭᠡ ᠭᠠᠵᠠᠷ ᠣᠷᠣᠨ ᠤ ᠠᠵᠤ ᠠᠬᠤᠢ ᠶᠢᠨ ᠵᠥᠭᠡᠯᠡᠨ ᠪᠣᠳᠠᠲᠤ ᠬᠦᠴᠦᠨ ᠮᠥᠨ᠂ ᠮᠥᠨᠴᠦ ᠭᠤᠣᠯ ᠥᠷᠢᠰᠦᠯᠳᠦᠬᠦ ᠬᠦᠴᠦᠨ ᠪᠠᠶᠢᠵᠤ᠂ ᠭᠠᠵᠠᠷ ᠣᠷᠣᠨ ᠤ ᠬᠥᠭᠵᠢᠯᠲᠡ ᠳᠤ ᠲᠤᠶᠢᠯ ᠤᠨ ᠴᠢᠬᠤᠯᠠ ᠶᠤᠮ᠃ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠤᠨ ᠣᠨᠴᠠ ᠤᠷᠢᠭᠰᠠᠨ ᠬᠢᠨᠠᠭᠴᠢ ᠶᠢᠨ ᠳᠦᠷᠢᠮ ᠤᠨ ᠠᠵᠢᠯ ᠤᠨ ᠲᠣᠭᠲᠠᠴᠠ ᠶᠢ ᠪᠠᠶᠢᠭᠤᠯᠵᠤ᠂ ᠬᠢᠨᠠᠯᠲᠠ ᠲᠠᠯᠪᠢᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠬᠦ ᠨᠢ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠲᠦᠮᠡᠨ ᠢ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠳᠤ ᠠᠰᠢᠭ ᠲᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠢᠩᠭ᠎ᠠ ᠬᠠᠷᠢᠭᠤᠴᠠᠨ᠂ ᠴᠢᠩᠭ᠎ᠠ ᠱᠠᠭᠠᠷᠳᠠᠵᠤ᠂ ᠴᠢᠩᠭ᠎ᠠ ᠬᠠᠮᠢᠶᠠᠷᠤᠨ᠂ ᠴᠢᠩᠭ᠎ᠠ ᠦᠨᠡᠯᠡᠨ ᠰᠢᠯᠭᠠᠵᠤ᠂ ᠨᠢᠭᠡᠨ ᠲᠥᠯᠥᠭᠡᠯᠡᠬᠦ ᠴᠢᠨᠠᠷ ᠢᠶᠠᠷ ᠰᠠᠶᠢᠨ᠂ ᠠᠵᠢᠯ ᠤᠨ ᠴᠢᠳᠠᠪᠤᠷᠢ ᠪᠠᠷ ᠴᠢᠩᠭ᠎ᠠ ᠬᠢᠨᠠᠭᠴᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ︔ ᠣᠨᠴᠠ ᠤᠷᠢᠭᠰᠠᠨ ᠬᠢᠨᠠᠭᠴᠢ ᠶᠢᠨ ᠠᠵᠢᠯ ᠢᠶᠠᠨ ᠥᠷᠨᠢᠭᠦᠯᠬᠦ ᠳᠤ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠦᠨ ᠪᠦᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠶ︔ ᠠᠰᠠᠭᠤᠳᠠᠯ ᠪᠠ ᠰᠠᠨᠠᠯ ᠢ ᠬᠤᠷᠢᠶᠠᠩᠭᠤᠶᠢᠯᠠᠬᠤ᠂ ᠵᠠᠳᠠᠯᠬᠤ᠂ ᠰᠢᠢᠳᠪᠦᠷᠢᠯᠡᠬᠦ᠂ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ᠂ ᠬᠢᠨᠠᠭᠴᠢ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠷᠠᠳ ᠤᠨ ᠪᠡᠶ᠎ᠡ ᠪᠠᠨ ᠴᠢᠬᠢᠷᠠᠭᠵᠢᠭᠤᠯᠬᠤ ᠪᠣᠯᠣᠨ ᠪᠦᠬᠦ  ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠨᠢ ᠪᠦᠬᠦ ᠠᠷᠠᠳ ᠢᠶᠠᠷ ᠢᠶᠠᠨ ᠪᠡᠶ᠎ᠡ   ᠪᠠᠨ ᠴᠢᠬᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠮᠥᠨᠴᠦ ᠥᠷᠭᠡᠨ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠪᠣᠳᠠᠳᠤ ᠱᠠᠭᠠᠷᠳᠠᠯᠭ᠎ᠠ ᠮᠥᠨ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠣᠳᠠᠲᠠᠢ ᠲᠠᠢ ᠪᠠᠨ ᠤᠶᠠᠯᠳᠤᠭᠤᠯᠤᠨ᠂ ︽ᠬᠡᠷᠡᠭᠵᠢᠭᠦᠯᠬᠦ ᠲᠥᠰᠥᠯ︾ ᠤᠨ ᠠᠵᠢᠯ ᠤᠨ ᠱᠠᠭᠠᠷᠳᠠᠯᠭ᠎ᠠ ᠪᠠ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ ᠴᠢᠩᠭ᠎ᠠ ᠵᠢᠷᠤᠮᠯᠠᠨ᠂ ᠣᠯᠠᠨ ᠲᠦᠮᠡᠨ ‍ᠦ‌ᠬᠠᠵᠠᠭᠤ ᠬᠠᠪᠢ ᠶᠢᠨ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠪᠡᠯᠡᠳᠬᠡᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠣᠶᠢᠷ᠎ᠠ ᠣᠷᠴᠢᠮ ᠤᠨ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠪᠦᠷᠢᠨᠰᠢᠭᠦᠯᠦᠨ᠂ ᠣᠯᠠᠨ ᠲᠦᠮᠡᠨ ᠤ ᠣᠶᠢᠷ᠎ᠠ ᠬᠠᠪᠢ ᠳᠠᠬᠢ ᠪᠡᠶ᠎ᠡ ᠪᠣᠯᠪᠠᠰᠤᠷᠠᠬᠤ ᠬᠥᠳᠡᠯᠭᠡᠭᠡᠨ ᠢ ᠪᠠᠶᠠᠯᠢᠭᠵᠢᠭᠤᠯᠤᠨ᠂ ᠣᠯᠠᠨ ᠲᠦᠮᠡᠨ ᠤ ᠣᠶᠢᠷ᠎ᠠ ᠬᠠᠪᠢ ᠳᠠᠬᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠢ ᠳᠡᠮᠵᠢᠵᠦ᠂ ᠪᠦᠬᠦ ᠠᠷᠠᠳ ᠤᠨ ᠪᠡᠶ᠎ᠡ   ᠪᠠᠨ ᠴᠢᠬᠢᠷᠠᠭᠵᠢᠭᠤᠯᠬᠤ ᠶᠢ ᠭᠦᠨ ᠳᠠᠪᠬᠤᠷᠭ᠎ᠠ ᠲᠡᠶᠢᠰᠢ ᠬᠥᠭᠵᠢᠭᠦᠯᠬᠦ ᠬᠡᠷᠡᠭᠲᠡᠢ ᠭᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤ ᠰᠢᠶᠠᠨ ᠤ ᠡᠮᠴᠢᠯᠡᠭᠡ ᠶᠢᠨ ᠥᠭᠡᠷᠡᠴᠢᠯᠡᠯᠲᠡ ᠪᠣᠯ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠮᠥᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨ ᠳᠠᠪᠬᠤᠷᠭ᠎ᠠ ᠲᠡᠶᠢᠰᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠬᠤᠯᠪᠣᠭᠳᠠᠯ ᠪᠦᠬᠦᠢ ᠭᠠᠵᠠᠷ ᠣᠷᠣᠨ ᠤ  ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ ᠤ ᠡᠮᠴᠢᠯᠡᠭᠡ ᠶᠢᠨ ᠡᠬᠢ ᠪᠠᠶᠠᠯᠢᠭ ᠢ ᠨᠡᠶᠢᠳᠬᠡᠬᠦ ᠪᠠ ᠨᠢᠭᠡᠳᠦᠯᠲᠡᠢ ᠬᠠᠮᠢᠶᠠᠷᠤᠨ ᠲᠣᠬᠢᠷᠠᠭᠤᠯᠬᠤ᠂ ᠲᠡᠰ ᠬᠤᠪᠢᠶᠠᠨ ᠡᠮᠴᠢᠯᠡᠬᠦ ᠳᠦᠷᠢᠮ ᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠰᠢᠶᠠᠨ᠂ ᠰᠢᠶᠠᠩ᠂ ᠲᠣᠰᠬᠤᠨ ᠵᠡᠷᠭᠡ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ᠂  ᠦᠨᠳᠦᠰᠦᠨ ᠱᠠᠲᠤᠨ ᠤ ᠥᠷᠭᠡᠨ ᠣᠯᠠᠨ ᠲᠦᠮᠡᠨ ᠤ ᠡᠪᠡᠳᠴᠢᠨ ᠦᠵᠡᠭᠦᠯᠬᠦ ᠱᠠᠭᠠᠷᠳᠠᠯᠭ᠎ᠠ ᠶᠢ ᠦᠨᠡᠨᠬᠦ ᠬᠠᠩᠭᠠᠬᠤ ᠬᠡᠷᠡᠭᠲᠡᠢ ᠭᠡᠪᠡ᠃      ᠬᠤᠷᠠᠯ ᠠᠴᠠ ᠺᠠᠢ ᠸᠦᠸᠧ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠪᠦᠷᠢᠯᠡᠬᠦ ᠰᠠᠭᠤᠷᠢᠨ᠂ ᠬᠤᠸᠠ ᠢ ᠰᠢᠶᠦ᠋ᠩ ᠳ᠋ᠢ ᠶᠢᠨ ᠤᠳᠤᠨ ᠵᠦᠴᠦᠭᠡ ᠶᠢᠨ ᠲᠢᠶᠠᠲᠷ ᠰᠠᠶᠢᠨ ᠰᠠᠶᠢᠬᠠᠨ ᠠᠮᠢᠳᠤᠷᠠᠯ ᠤᠨ ᠶᠡᠷᠦᠩᠬᠡᠶᠢᠯᠡᠭᠰᠡᠨ ᠴᠣᠭᠴᠠ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠬᠡᠷᠡᠭ ᠤᠴᠢᠷ ᠲᠤ ᠰᠤᠳᠤᠯᠤᠯᠲᠠ ᠬᠢᠪᠡ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠰᠢᠦᠢ ᠷᠦᠢ ᠰᠢᠶᠠ᠂ ᠪᠢ ᠭᠥᠸᠧ ᠴᠧᠨ᠂ ᠵᠸᠦ ᠴᠢᠶᠠᠩ ᠂ ᠹᠦ᠋ ᠪᠢᠨ᠂ ᠴᠢᠶᠥᠥ ᠶᠦᠨ ᠯᠢ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠬᠤᠷᠠᠯ ᠳᠤ ᠣᠷᠣᠯᠴᠠᠪᠠ᠃ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠥᠥ ᠳ᠋ᠦᠩ ᠵᠢᠴᠢ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号