ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠤᠨ ᠨᠢᠭᠡᠳᠦᠭᠡᠷ ᠤᠳᠠᠭ᠎ᠠ ᠶᠢᠨ ᠪᠦᠭᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-07-13
ᠵᠠᠩ ᠪᠠᠢ ᠴᠧᠩ ᠡᠷᠬᠢᠯᠡᠪᠡ      ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 7 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂  ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠤᠨ ᠨᠢᠭᠡᠳᠦᠭᠡᠷ ᠤᠳᠠᠭ᠎ᠠ ᠶᠢᠨ ᠪᠦᠭᠦᠳᠡ ᠬᠤᠷᠠᠯ ᠵᠢᠴᠢ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠠᠷᠢᠯᠭ᠎ᠠ ᠪᠠᠨ ᠡᠬᠢᠯᠡᠭᠦᠯᠵᠦ ᠪᠦᠲᠦᠭᠡᠨ ᠪᠠᠶᠢᠭᠤᠯᠬᠤ ᠵᠣᠬᠢᠴᠠᠭᠤᠯᠤᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ᠂ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠺᠣᠮᠫᠠᠨᠢ ᠠᠴᠠ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠭᠠᠷᠳᠠᠮ ᠢ ᠭᠦᠢᠴᠡᠳᠬᠡᠭᠰᠡᠨ᠂ ᠪᠠᠷᠢᠯᠭ᠎ᠠ ᠶᠢᠨ ᠪᠡᠯᠡᠳᠬᠡᠯ᠂ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ᠂ ᠠᠵᠢᠯ ᠢᠶᠠᠨ ᠡᠬᠢᠯᠡᠭᠦᠯᠵᠦ ᠪᠦᠲᠦᠭᠡᠨ ᠪᠠᠶᠢᠭᠤᠯᠬᠤ ᠪᠡᠯᠡᠳᠬᠡᠯ ᠵᠡᠷᠭᠡ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠣᠬᠢᠴᠠᠭᠤᠯᠤᠨ ᠬᠠᠪᠰᠤᠷᠬᠤ ᠤᠴᠢᠷ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠨ ᠭᠠᠵᠠᠷ ᠣᠷᠣᠨ ᠪᠠ ᠰᠠᠯᠠᠭ᠎ᠠ ᠮᠥᠴᠢᠷ ᠠᠴᠠ ᠪᠣᠳᠠᠲᠠᠢ ᠰᠠᠨᠠᠯ ᠰᠠᠨᠠᠭᠤᠯᠭ᠎ᠠ ᠳᠤᠷᠠᠳᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠪᠣᠯ ᠤᠯᠤᠰ ᠠᠴᠠ ᠠᠷᠠᠳ ᠤᠨ ᠠᠭᠠᠷ ᠤᠨ ᠲᠡᠭᠡᠭᠡᠪᠦᠷᠢ ᠶᠢᠨ  ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠰᠠᠭᠤᠷᠢ ᠲᠦᠭᠦᠭᠡᠷᠦᠮᠵᠢ ᠶᠢᠨ ᠲᠥᠷᠥᠯ  ᠵᠦᠢᠯ ᠪᠣᠯᠤᠨ᠎ᠠ᠂ ᠮᠥᠨ ᠴᠦ ᠬᠥᠬᠡᠬᠤᠲᠠ ᠶᠢᠨ ᠪᠥᠬᠦ ᠬᠦᠴᠦᠨ ᠢᠶᠠᠷ ᠴᠢᠷᠮᠠᠶᠢᠨ ᠣᠯᠣᠭᠰᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠪᠥᠬᠦ ᠲᠠᠯ᠎ᠠ ᠪᠠᠷ ᠳᠡᠮᠵᠢᠨ ᠠᠬᠢᠭᠤᠯᠤᠭᠰᠠᠨ ᠭᠤᠤᠯᠳᠠᠯᠭ᠎ᠠ ᠲᠠᠢ ᠲᠥᠷᠥᠯ ᠵᠦᠢᠯ ᠪᠣᠯᠤᠨ᠎ᠠ᠃ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠲᠥᠪ ᠬᠤᠲᠠ ᠶᠢᠨ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠭᠦᠨᠵᠡᠭᠡᠶ ᠠᠭᠤᠰᠤᠯᠴᠠᠵᠤ᠂ ᠬᠤᠲᠠ ᠶᠢᠨ ᠨᠦᠯᠦᠭᠡᠯᠡᠬᠦ ᠰᠢᠩᠭᠡᠭᠡᠬᠦ ᠳᠠᠶᠢᠴᠢᠯᠠᠬᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ᠪᠥᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ  ᠪᠡᠯᠡᠳᠭᠡᠵᠦ ᠡᠬᠢᠯᠡᠭᠦᠯᠦᠭᠰᠡᠨ ᠠᠴᠠ ᠨᠠᠭᠠᠰᠢ᠂ ᠣᠳᠣᠬᠠᠨ ᠳᠤ ᠪᠠᠷᠢᠯᠭ᠎ᠠ ᠡᠬᠢᠯᠡᠬᠦ ᠪᠦᠲᠦᠭᠡᠨ ᠪᠠᠶᠢᠭᠤᠯᠤᠯᠲᠠ ᠶᠢᠨ ᠴᠢᠬᠤᠯᠠ ᠵᠠᠩᠭᠢᠯᠠᠭ᠎ᠠ ᠶᠢᠨ ᠴᠠᠭ ᠲᠤ ᠤᠷᠤᠬᠤ ᠪᠤᠯᠤᠯ᠎ᠠ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢᠨ ᠴᠢᠬᠤᠯᠠ ᠠᠴᠢ ᠬᠤᠯᠪᠣᠭᠳᠠᠯ ᠢ ᠬᠦᠢᠴᠡᠳ ᠲᠠᠨᠢᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠯ᠎ᠡ ᠵᠦᠢᠯ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠦᠴᠦ ᠨᠢᠭᠡᠳᠦᠨ ᠬᠠᠮᠵᠢᠯᠴᠠᠵᠤ᠂ ᠰᠢᠨ᠎ᠡ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠦᠨᠡᠨ ᠬᠦ ᠪᠣᠳᠠᠲᠠᠶ ᠠᠳᠬᠤᠵᠤ ᠰᠠᠶᠢᠲᠤᠷ ᠠᠳᠬᠤᠵᠤ᠂ ᠦᠷ᠎ᠡ ᠪᠦᠲᠦᠮᠵᠢ ᠣᠯᠬᠤ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ︔ ᠨᠠᠷᠢᠨ ᠬᠢᠨᠠᠮᠠᠭᠠᠶ ᠪᠡᠯᠡᠳᠬᠡᠯ ᠬᠢᠵᠦ᠂ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ  ᠤᠨ ᠪᠠᠷᠢᠯᠭ᠎ᠠ ᠡᠬᠢᠯᠡᠬᠦ ᠶᠣᠰᠣᠯᠠᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠳᠡᠢ︔ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ  ᠪᠠᠳᠤᠯᠠᠬᠤ ᠬᠡᠷᠡᠭᠳᠡᠢ ᠭᠡᠵᠡᠢ᠃     ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠪᠢ ᠭᠦᠸᠧ ᠴᠧᠨ᠂ ᠵᠧᠤ ᠴᠢᠶᠠᠩ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠤᠤ ᠳ᠋ᠦᠩ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号