ᠠᠯᠪᠠᠨ ᠠᠴᠠ ᠡᠷᠬᠢᠯᠡᠭᠰᠡᠨ ᠰᠤᠷᠭᠠᠭᠤᠯᠢ ᠪᠠ ᠠᠷᠠᠳ ᠠᠴᠠ ᠡᠷᠬᠢᠯᠡᠭᠰᠡᠨ ᠰᠤᠷᠭᠠᠭᠤᠯᠢ ᠬᠠᠮᠲᠤ ᠪᠠᠷ ᠰᠤᠷᠤᠬᠴᠢ ᠡᠯᠰᠡᠭᠰᠡᠨ ᠠᠩᠬᠠᠳᠠᠬᠴᠢ ᠵᠢᠯ ᠳᠤ ᠬᠥᠬᠡᠬᠤᠲᠠ ᠶᠢᠨ ︽ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠳᠡᠪᠰᠢᠬᠦ︾ ᠰᠤᠷᠤᠬᠴᠢ ᠡᠯᠰᠡᠭᠰᠡᠨ ᠦᠷ᠎ᠡ ᠳ᠋ᠦᠩ ᠨᠡᠶᠢᠲᠡᠯᠡᠭᠳᠡᠪᠡ
ᠨᠡᠶᠢᠲᠡᠯᠡᠭᠰᠡᠨ ᠴᠠᠭ᠄
2020-07-13
      ᠰᠢᠨᠬᠤᠸᠠ ᠰᠦᠯᠵᠢᠶ᠎ᠠ ᠶᠢᠨ ᠬᠥᠬᠡᠬᠤᠲᠠ ᠶᠢᠨ 7 ᠰᠠᠷ᠎ᠠ ᠶᠢᠨ 11 ᠤ ᠡᠳᠦᠷ ᠤᠨ ᠮᠡᠳᠡᠭᠡ ︵ᠯᠢ ᠴᠢᠶᠠᠨ︶ 11 ᠤ ᠡᠳᠦᠷ᠂ 2020 ᠣᠨ ᠤ ᠬᠥᠬᠡᠬᠤᠲᠠ ᠶᠢᠨ ᠳᠥᠷᠪᠡᠨ ᠲᠣᠭᠤᠷᠢᠭ ᠤᠨ ᠪᠠᠭ᠎ᠠ ᠰᠤᠷᠭᠠᠭᠤᠯᠢ ᠠᠴᠠ  ᠠᠯᠪᠠᠨ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠲᠡᠪᠰᠢᠭᠦ ᠺᠣᠮᠫᠢᠦ᠋ᠲ᠋ᠧᠷ ᠢᠶᠠᠷ  ᠰᠤᠷᠭᠠᠭᠤᠯᠢ ᠲᠤᠬᠢᠷᠠᠭᠤᠯᠬᠤ ᠪᠠ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠲᠠᠰᠢᠷᠠᠮ ᠢᠶᠠᠷ ᠰᠤᠷᠤᠬᠴᠢ ᠡᠯᠰᠡᠬᠦ ᠠᠬᠤᠢ ᠲᠠᠯᠠᠪᠠᠶ ᠶᠢᠨ ᠬᠤᠷᠠᠯ ᠶᠠᠪᠤᠭᠳᠠᠪᠠ᠃ ᠡᠨᠡ ᠵᠢᠯ ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠰᠤᠷᠤᠬᠴᠢ ᠡᠯᠰᠡᠭᠦ ᠳ᠋ᠤ᠋‌ᠠᠯᠪᠠᠨ ᠠᠴᠠ ᠡᠷᠬᠢᠯᠡᠭᠰᠡᠨ ᠰᠤᠷᠭᠠᠭᠤᠯᠢ ᠪᠠ ᠠᠷᠠᠳ ᠠᠴᠠ ᠡᠷᠬᠢᠯᠡᠭᠰᠡᠨ ᠰᠤᠷᠭᠠᠭᠤᠯᠢ  ᠠᠩᠬ᠎ᠠ ᠤᠳᠠᠭ᠎ᠠ ᠬᠠᠮᠲᠤ ᠪᠠᠷ ᠰᠤᠷᠤᠬᠴᠢ ᠡᠯᠰᠡᠵᠦ᠂ ︽ᠵᠠᠪᠳᠤᠨ ᠡᠯᠰᠡᠵᠦ︾ ᠪᠣᠯᠬᠤ ᠥᠬᠡᠶ ᠭᠡᠵᠦ ᠲᠤᠬᠳᠠᠭᠠᠵᠠᠢ᠃      ᠣᠶᠢᠯᠠᠭᠠᠭᠰᠠᠨ ᠢᠶᠠᠷ᠂ 6 ᠰᠠᠷ᠎ᠠ ᠶᠢᠨ 20 ᠤ ᠡᠳᠦᠷ ᠠᠴᠠ 6 ᠰᠠᠷ᠎ᠠ ᠶᠢᠨ 30 ᠤ ᠡᠳᠦᠷ ᠪᠤᠯᠳᠠᠯ᠎ᠠ᠂ ᠬᠥᠬᠡᠬᠤᠲᠠ ᠶᠢᠨ ᠳᠥᠷᠪᠡᠨ ᠲᠣᠭᠤᠷᠢᠭ ᠤᠨ ᠨᠥᠬᠦᠴᠡᠯ ᠳᠤ ᠨᠡᠶᠢᠴᠡᠬᠦ ᠪᠠᠭ᠎ᠠ ᠰᠤᠷᠭᠠᠭᠤᠯᠢ ᠶᠢᠨ ᠲᠤᠰ ᠵᠢᠯ ᠲᠡᠭᠦᠰᠭᠦ 19803 ᠰᠤᠷᠤᠭᠴᠢ ᠡᠷᠡᠮᠡᠯᠵᠡᠯ ᠲᠠᠬᠯᠠᠵᠠᠢ᠃ ᠡᠭᠦᠨ ᠳᠤ 10679 ᠰᠤᠷᠤᠬᠴᠢ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠡᠷᠡᠮᠡᠯᠵᠡᠯ ᠲᠠᠬᠯᠠᠨ ᠮᠡᠳᠡᠭᠦᠯᠵᠦ᠂ ᠬᠠᠷᠢᠴᠠᠩᠭᠤᠢ ᠪᠠᠷ ᠣᠶᠢᠷ᠎ᠠ ᠬᠠᠪᠢ ᠶᠢᠨ ᠰᠤᠷᠭᠠᠭᠤᠯᠢ ᠳᠤ ᠣᠷᠣᠭᠤᠯᠬᠤ ᠵᠠᠷᠴᠢᠮ ᠶᠤᠰᠤᠭᠠᠷ ᠬᠤᠲᠠ ᠶᠢᠨ ᠳᠥᠷᠪᠡᠨ ᠲᠣᠭᠤᠷᠢᠭ ᠨᠢ 122 ᠪᠠᠭ᠎ᠠ ᠰᠤᠷᠭᠠᠭᠤᠯᠢ ᠪᠣᠯᠤᠨ 41 ᠠᠯᠪᠠᠨ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠬᠴᠢᠳ ᠢ  ᠰᠤᠷᠭᠠᠭᠤᠯᠢ ᠲᠤᠬᠢᠷᠠᠭᠤᠯᠤᠨ ᠣᠷᠣᠭᠤᠯᠤᠨ᠎ᠠ᠃ ᠰᠤᠷᠤᠭᠴᠢᠳ ᠡᠯ᠎ᠡ ᠲᠣᠭᠤᠷᠢᠭ ᠤᠨ ᠪᠣᠳᠠᠲᠤ ᠪᠠᠶᠢᠳᠠᠯ ᠢ ᠦᠨᠳᠦᠰᠦᠯᠡᠨ ᠲᠣᠰ ᠣᠷᠣᠨ ᠤ ᠳᠣᠲᠣᠷᠠᠬᠢ 48 ᠡᠷᠡᠮᠡᠯᠵᠡᠯ ᠲᠠᠬᠯᠠᠬᠤ ᠰᠤᠷᠭᠠᠭᠤᠯᠢ ᠶᠢ ᠰᠣᠩᠭᠤᠵᠤ ᠪᠣᠯᠤᠨ᠎ᠠ︔ ᠡᠭᠦᠨ ᠠᠴᠠ ᠭᠠᠳᠠᠨ᠎ᠠ 9124 ᠰᠤᠷᠤᠬᠴᠢ ᠠᠷᠠᠳ ᠠᠴᠠ ᠡᠷᠭᠢᠯᠡᠭᠰᠡᠨ ᠰᠤᠷᠭᠠᠭᠤᠯᠢ ᠳᠤ ᠡᠷᠡᠮᠡᠯᠵᠡᠯ ᠲᠠᠭᠯᠠᠨ ᠮᠡᠳᠡᠭᠦᠯᠵᠦ᠂ ᠰᠣᠷᠣᠭᠴᠢᠳ ᠬᠤᠲᠠ ᠶᠢᠨ ᠳᠥᠷᠪᠡᠨ ᠲᠣᠭᠤᠷᠢᠭ ᠤᠨ  ᠠᠷᠠᠳ ᠠᠴᠠ ᠡᠷᠭᠢᠯᠡᠭᠰᠡᠨ 27 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠣᠲᠣᠷ᠎ᠠ ᠠᠴᠠ ᠰᠠᠶᠢᠨ ᠳᠤᠷ᠎ᠠ ᠠᠴᠠ ᠪᠠᠨ ᠨᠢᠭᠡ ᠶᠢ ᠰᠤᠩᠭᠤᠨ ᠡᠷᠡᠮᠡᠯᠵᠡᠯ ᠢᠶᠠᠨ ᠲᠠᠭᠯᠠᠨ ᠮᠡᠳᠡᠭᠦᠯᠵᠦ ᠪᠣᠯᠤᠨ᠎ᠠ᠃      ᠡᠨᠡ ᠵᠢᠯ ᠤᠨ ᠢᠯᠡ ᠪᠠᠷ ᠰᠣᠷᠣᠭᠴᠢ ᠡᠯᠰᠡᠬᠦ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠳᠣᠲᠣᠷ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠹᠠᠩ ᠶᠤᠸᠠᠨ ᠳᠤᠮᠳᠠᠳᠤ ᠰᠤᠷᠭᠠᠭᠤᠯᠢ᠂ ᠰᠠᠶᠢᠬᠠᠨ ᠲᠣᠭᠤᠷᠢᠭ ᠤᠨ ᠴᠢᠦ ᠱᠢ ᠰᠤᠷᠭᠠᠭᠤᠯᠢ᠂ ᠬᠤᠲᠣᠩ ᠠᠷᠠᠳ ᠤᠨ ᠲᠣᠭᠤᠷᠢᠭ ᠤᠨ ᠴᠢᠦ ᠱᠢ ᠰᠤᠷᠭᠠᠭᠤᠯᠢ᠂ ᠴᠢ ᠰᠢᠤ ᠳᠤᠮᠳᠠᠳᠤ ᠰᠤᠷᠭᠠᠭᠤᠯᠢ᠂ ᠴᠢ ᠰᠢᠤ ᠳᠤᠮᠳᠠᠳᠤ ᠰᠤᠷᠭᠠᠭᠤᠯᠢ ᠶᠢᠨ ᠵᠡᠭᠦᠨ ᠲᠣᠭᠤᠷᠢᠭ᠂ ᠵᠢᠩ ᠶᠧ ᠰᠤᠷᠭᠠᠭᠤᠯᠢ᠂ ᠰᠢᠩ ᠾᠧ ᠳᠤᠮᠳᠠᠳᠤ ᠰᠤᠷᠭᠠᠭᠤᠯᠢ᠂ ᠶᠢᠨ ᠮᠠ ᠳᠤᠮᠳᠠᠳᠤ ᠰᠤᠷᠭᠠᠭᠤᠯᠢ᠂ ᠵᠢᠶᠠᠨ ᠴᠢᠶᠣᠤ ᠳᠤᠮᠳᠠᠳᠤ ᠰᠤᠷᠭᠠᠭᠤᠯᠢ᠂ ᠴᠢᠶᠣᠤ ᠬᠤᠸᠠ ᠰᠤᠷᠭᠠᠭᠤᠯᠢ᠂ ᠰᠠᠶᠢᠬᠠᠨ ᠲᠣᠭᠤᠷᠢᠭ ᠤᠨ ᠱᠢ ᠵᠧᠤ ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠡᠨᠡ ᠵᠢᠯ ᠤᠨ ᠰᠣᠷᠣᠭᠴᠢ ᠡᠯᠰᠡᠬᠦ ᠲᠥᠯᠥᠪᠯᠡᠭᠡ ᠠᠴᠠ ᠳᠠᠪᠠᠵᠠᠶ᠃ ᠡᠨᠡ 12 ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠶᠢᠨ ᠲᠤᠭ᠎ᠠ ᠨᠢ 5964 ᠪᠤᠯᠬᠤ ᠪᠦᠭᠡᠳ ᠲᠠᠰᠢᠷᠠᠮ ᠢᠶᠠᠷ ᠡᠯᠰᠡᠭᠦ ᠳᠤ ᠤᠷᠤᠯᠴᠠᠬᠰᠠᠨ ᠰᠣᠷᠣᠭᠴᠢ ᠶᠢᠨ ᠲᠤᠭ᠎ᠠ ᠨᠢ 8308 ᠪᠤᠯᠵᠠᠢ᠃      ᠺᠣᠮᠫᠢᠦ᠋ᠲ᠋ᠧᠷ ᠢᠶᠠᠷ ᠲᠠᠮᠵᠢᠨ ᠰᠤᠷᠭᠠᠭᠤᠯᠢ ᠶᠢ ᠵᠢᠩᠬᠢᠨᠢ ᠪᠠᠷ ᠲᠤᠬᠢᠷᠠᠭᠤᠯᠤᠬᠰᠠᠨ ᠤ ᠳᠠᠷᠠᠭ᠎ᠠ᠂ ᠠᠯᠪᠠᠨ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠡᠷᠡᠮᠡᠯᠵᠡᠯ ᠳᠤ 8437 ᠰᠤᠷᠤᠭᠴᠢ ᠳᠤ ᠰᠤᠷᠭᠠᠭᠤᠯᠢ ᠲᠤᠬᠢᠷᠠᠭᠤᠯᠵᠤ᠂ ᠬᠤᠶᠠᠳᠤᠭᠠᠷ ᠡᠷᠡᠮᠡᠯᠵᠡᠯ ᠳᠤ 1399 ᠰᠤᠷᠤᠭᠴᠢ ᠳᠤ ᠰᠤᠷᠭᠠᠭᠤᠯᠢ ᠲᠤᠬᠢᠷᠠᠭᠤᠯᠵᠤ ᠂ ᠭᠤᠷᠪᠠᠳᠤᠭᠠᠷ ᠡᠷᠡᠮᠡᠯᠵᠡᠯ ᠳᠤ 361 ᠰᠤᠷᠤᠭᠴᠢ ᠳᠤ ᠰᠤᠷᠭᠠᠭᠤᠯᠢ ᠲᠤᠬᠢᠷᠠᠭᠤᠯᠵᠤ᠂ ᠳᠥᠷᠪᠡᠳᠦᠭᠡᠷ ᠡᠷᠡᠮᠡᠯᠵᠡᠯ ᠳᠤ 408 ᠰᠤᠷᠤᠭᠴᠢ ᠳᠤ ᠰᠤᠷᠭᠠᠭᠤᠯᠢ ᠲᠤᠬᠢᠷᠠᠭᠤᠯᠵᠤ᠂ ᠲᠠᠪᠤᠳᠤᠭᠠᠷ ᠡᠷᠡᠮᠡᠯᠵᠡᠯ ᠳᠤ 74 ᠰᠤᠷᠤᠭᠴᠢ  ᠳᠤ ᠰᠤᠷᠭᠠᠭᠤᠯᠢ ᠲᠤᠬᠢᠷᠠᠭᠤᠯᠵᠤ᠂ ᠵᠢᠷᠭᠤᠳᠤᠭᠠᠷ ᠡᠷᠡᠮᠡᠯᠵᠡᠯ ᠳᠤ 0 ᠰᠤᠷᠤᠭᠴᠢ ᠳᠤ ᠰᠤᠷᠭᠠᠭᠤᠯᠢ ᠲᠤᠬᠢᠷᠠᠭᠤᠯᠵᠤ᠂ ᠳᠣᠯᠣᠳᠤᠭᠠᠷ ᠡᠷᠡᠮᠡᠯᠵᠡᠯ ᠳᠤ 0 ᠰᠤᠷᠤᠭᠴᠢ ᠳᠤ ᠰᠤᠷᠭᠠᠭᠤᠯᠢ ᠲᠤᠬᠢᠷᠠᠭᠤᠯᠵᠤ᠂ ᠨᠠᠢᠮᠠᠳᠤᠭᠠᠷ ᠡᠷᠡᠮᠡᠯᠵᠡᠯ ᠳᠤ 0 ᠰᠤᠷᠤᠭᠴᠢ ᠳᠤ ᠰᠤᠷᠭᠠᠭᠤᠯᠢ ᠲᠤᠬᠢᠷᠠᠭᠤᠯᠵᠠᠢ᠃ ᠨᠡᠷ᠎ᠡ ᠮᠡᠳᠡᠭᠦᠯᠦᠭᠰᠡᠨ ᠰᠤᠷᠤᠬᠴᠢ ᠶᠢᠨ ᠲᠤᠭ᠎ᠠ ᠨᠢ ᠰᠣᠷᠣᠭᠴᠢ ᠡᠯᠰᠡᠬᠦ ᠲᠥᠯᠥᠪᠯᠡᠭᠡ ᠠᠴᠠ ᠳᠠᠪᠠᠭᠰᠠᠨ ᠠᠷᠠᠳ ᠠᠴᠠ ᠡᠷᠭᠢᠯᠡᠭᠰᠡᠨ 12 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠨᠡᠶᠢᠲᠡ 5964 ᠰᠣᠷᠣᠭᠴᠢ ᠶᠢ ᠺᠣᠮᠫᠢᠦ᠋ᠲ᠋ᠧᠷ ᠢᠶᠠᠷ ᠳᠡᠮᠵᠢᠨ ᠰᠤᠷᠭᠠᠭᠤᠯᠢ ᠳᠤ ᠲᠠᠰᠢᠷᠠᠮ ᠢᠶᠠᠷ ᠡᠯᠰᠡᠪᠡ᠃ ᠠᠷᠠᠳ ᠠᠴᠠ ᠡᠷᠭᠢᠯᠡᠭᠰᠡᠨ ᠪᠤᠰᠤᠳ 15 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠰᠤᠷᠤᠬᠴᠢ ᠶᠢᠨ ᠲᠤᠭ᠎ᠠ ᠨᠢ ᠰᠣᠷᠣᠭᠴᠢ ᠡᠯᠰᠡᠬᠦ ᠲᠥᠯᠥᠪᠯᠡᠭᠡ ᠠᠴᠠ ᠲᠠᠪᠠᠭᠰᠠᠨ ᠥᠬᠡᠶ ᠪᠤᠯᠬᠤᠷ ᠡᠷᠡᠮᠡᠯᠵᠡᠯ ᠲᠠᠭᠯᠠᠭᠰᠠᠨ 816 ᠰᠣᠷᠣᠭᠴᠢ ᠰᠢᠭᠤᠳ ᠡᠯᠰᠡᠭᠳᠡᠪᠡ᠃      ᠣᠶᠢᠯᠠᠭᠠᠭᠰᠠᠨ ᠢᠶᠠᠷ᠂ ᠺᠣᠮᠫᠢᠦ᠋ᠲ᠋ᠧᠷ ᠢᠶᠠᠷ ᠰᠤᠷᠭᠠᠭᠤᠯᠢ ᠲᠣᠬᠢᠷᠠᠭᠤᠯᠤᠭᠰᠠᠨ ᠪᠠ ᠲᠠᠰᠢᠷᠠᠮ ᠢᠶᠠᠷ ᠡᠯᠰᠡᠭᠰᠡᠨ ᠰᠤᠷᠤᠭᠴᠢᠳ ᠤᠨ ᠨᠡᠷᠡᠰ ᠢ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠤ ᠨᠡᠶᠢᠲᠡᠯᠡᠵᠦ᠂ ᠰᠤᠷᠤᠭᠴᠢ ᠪᠠ ᠬᠡᠷ ᠤᠨ ᠠᠬᠠᠮᠠᠳ ᠤᠨ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠦᠨ᠎ᠡ᠃      ᠡᠯᠰᠡᠭᠳᠡᠭᠰᠡᠨ ᠥᠬᠡᠶ ᠰᠣᠷᠣᠭᠴᠢ ᠵᠢᠴᠢ ᠬᠤᠶᠠᠳᠤᠭᠠᠷ ᠤᠳᠠᠭᠠᠨ ᠤ ᠨᠢᠭᠡᠳᠦᠯᠲᠡᠶ ᠲᠣᠬᠢᠷᠠᠭᠤᠯᠤᠯᠲᠠ ᠳᠤ ᠣᠷᠣᠯᠴᠠᠬᠤ ᠪᠠᠷ ᠪᠠᠶᠢᠭ᠎ᠠ ᠰᠣᠷᠣᠭᠴᠢ 7 ᠰᠠᠷ᠎ᠠ ᠶᠢᠨ 15 ᠤ ᠡᠳᠦᠷ ᠤᠨ 8᠄ 00 — 16 ᠤ ᠡᠳᠦᠷ ᠤᠨ 18 ᠄ 00 ᠴᠠᠭ ᠪᠤᠯᠳᠠᠯ᠎ᠠ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠤ ᠭᠠᠷᠴᠤ ᠨᠢᠭᠡᠳᠦᠯᠲᠡᠶ ᠲᠦᠯᠦᠪᠵᠢᠭᠦᠯᠭᠦ ᠡᠷᠡᠮᠡᠯᠵᠡᠯ ᠲᠠᠭᠯᠠᠨ ᠮᠡᠳᠡᠭᠦᠯᠬᠦ ᠳᠤ ᠣᠷᠣᠯᠴᠠᠵᠤ᠂ 7 ᠰᠠᠷ᠎ᠠ ᠶᠢᠨ 19 ᠤ ᠡᠳᠦᠷ ᠤᠨ 9᠄ 00 ᠴᠠᠭ ᠲᠤ ᠬᠤᠶᠠᠳᠤᠭᠠᠷ ᠤᠳᠠᠭ᠎ᠠ ᠰᠤᠷᠭᠠᠭᠤᠯᠢ ᠳᠤ ᠨᠢᠭᠡᠳᠦᠯᠲᠡᠶ ᠲᠦᠯᠦᠪᠵᠢᠭᠦᠯᠦᠨ ᠲᠤᠬᠢᠷᠠᠭᠤᠯᠬᠤ ᠳᠤ ᠣᠷᠣᠯᠴᠠᠵᠤ ᠪᠤᠯᠤᠨ᠎ᠠ᠃      2020 ᠣᠨ ᠳᠤ ᠬᠥᠬᠡᠬᠤᠲᠠ ᠶᠢᠨ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠲᠡᠪᠰᠢᠭᠦ ᠳᠤ ᠠᠯᠪᠠᠨ ᠠᠴᠠ ᠡᠷᠭᠢᠯᠡᠭᠰᠡᠨ ᠰᠤᠷᠭᠠᠭᠤᠯᠢ ᠪᠠ ᠠᠷᠠᠳ ᠠᠴᠠ ᠡᠷᠭᠢᠯᠡᠭᠰᠡᠨ ᠰᠤᠷᠭᠠᠭᠤᠯᠢ ᠵᠡᠷᠭᠡ ᠪᠠᠷ ᠰᠣᠷᠣᠭᠴᠢ ᠡᠯᠰᠡᠬᠦ ︽ᠢᠯᠡ ᠪᠠᠷ ᠰᠣᠷᠣᠭᠴᠢ ᠡᠯᠰᠡᠬᠦ︾ ᠠᠷᠭ᠎ᠠ ᠬᠡᠯᠪᠡᠷᠢ ᠶᠢ ᠠᠪᠴᠠᠶ᠃ ᠬᠤᠲᠠ ᠶᠢᠨ ᠲᠣᠭᠤᠷᠢᠭ ᠲᠠᠬᠢ ᠠᠯᠪᠠᠨ ᠠᠴᠠ ᠡᠷᠭᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠨᠢ ᠺᠣᠮᠫᠢᠦ᠋ᠲ᠋ᠧᠷ ᠢᠶᠠᠷ ᠰᠤᠷᠭᠠᠭᠤᠯᠢ ᠲᠤᠬᠢᠷᠠᠭᠤᠯᠬᠤ ᠪᠤᠶᠤ ᠪᠠᠭ᠎ᠠ ᠰᠤᠷᠭᠠᠭᠤᠯᠢ ᠠᠴᠠ ᠰᠢᠰᠲ᠋ᠧᠮ ᠢᠶᠠᠷ ᠢᠶᠠᠨ ᠲᠠᠮᠵᠢᠨ ᠰᠢᠭᠤᠳ ᠲᠡᠪᠰᠢᠭᠦ ᠠᠷᠭ᠎ᠠ ᠬᠡᠯᠪᠡᠷᠢ ᠶᠢ ᠠᠪᠴᠠᠢ︔ ᠠᠷᠠᠳ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠭᠴᠢ ᠡᠯᠰᠡᠬᠦ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ᠂ ᠰᠦᠯᠵᠢᠶᠡᠨ ᠳᠡᠭᠡᠷ᠎ᠡ ᠡᠯᠰᠡᠬᠦ ᠠᠷᠭ᠎ᠠ ᠬᠡᠯᠪᠡᠷᠢ ᠶᠢ ᠠᠪᠴᠤ᠂ ᠨᠡᠷ᠎ᠡ ᠮᠡᠳᠡᠭᠦᠯᠦᠭᠰᠡᠨ ᠰᠤᠷᠤᠬᠴᠢ ᠶᠢᠨ ᠲᠤᠭ᠎ᠠ ᠨᠢ ᠲᠤᠬᠠᠶ ᠶᠢᠨ ᠵᠢᠯ ᠤᠨ ᠰᠣᠷᠣᠭᠴᠢ ᠡᠯᠰᠡᠬᠦ ᠲᠥᠯᠥᠪᠯᠡᠭᠡ ᠠᠴᠠ ᠲᠠᠪᠠᠭᠰᠠᠨ ᠠᠷᠠᠳ ᠠᠴᠠ ᠡᠷᠭᠢᠯᠡᠭᠰᠡᠨ ᠰᠤᠷᠭᠠᠭᠤᠯᠢ ᠳᠤ ᠺᠣᠮᠫᠢᠦ᠋ᠲ᠋ᠧᠷ ᠢᠶᠠᠷ ᠲᠠᠰᠢᠷᠠᠮ ᠢᠶᠠᠷ ᠰᠤᠷᠤᠬᠴᠢ ᠡᠯᠰᠡᠵᠦ᠂ ᠲᠠᠰᠢᠷᠠᠮ ᠢᠶᠠᠷ ᠡᠯᠰᠡᠬᠦ ᠬᠠᠷᠢᠴᠠᠯ ᠨᠢ ᠲᠣᠰ ᠵᠢᠯ ᠤᠨ ᠰᠣᠷᠣᠭᠴᠢ ᠡᠯᠰᠡᠬᠦ ᠲᠥᠯᠥᠪᠯᠡᠭᠡ ᠶᠢᠨ 100% ᠪᠣᠯᠤᠨ᠎ᠠ︔ ᠨᠡᠷ᠎ᠡ ᠮᠡᠳᠡᠭᠦᠯᠦᠭᠰᠡᠨ ᠰᠤᠷᠤᠬᠴᠢ ᠶᠢᠨ ᠲᠤᠭ᠎ᠠ ᠨᠢ ᠰᠤᠷᠭᠠᠭᠤᠯᠢ ᠶᠢᠨ ᠲᠣᠰ ᠵᠢᠯ ᠤᠨ ᠰᠤᠷᠤᠭᠴᠢ ᠡᠯᠰᠡᠬᠦ ᠲᠥᠯᠥᠪᠯᠡᠭᠡ ᠠᠴᠠ ᠳᠠᠪᠠᠭᠰᠠᠨ ᠦᠭᠡᠢ ᠪᠤᠯ ᠰᠢᠭᠤᠳ ᠡᠯᠰᠡᠨ᠎ᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号