ᠮᠠᠨ ᠤ ᠬᠤᠲᠠ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2020-07-13
      ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠣᠷᠪᠤᠯᠵᠢᠯᠠᠭᠴᠢ ᠯᠢᠦ ᠵᠢᠶᠦ᠋ᠨ︶    ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠣᠷᠴᠢᠮ ᠬᠤᠷᠠᠯᠳᠤᠭᠤᠯᠤᠭᠰᠠᠨ ᠪᠦᠬᠦ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠬᠤᠲᠠ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ︽ᠵᠢᠯᠣᠭᠤᠳᠬᠤ ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ ︽ᠬᠡᠷᠡᠭᠵᠢᠭᠦᠯᠬᠦ ᠰᠠᠨᠠᠯ︾ ᠢ ᠬᠢᠨᠠᠮᠠᠭᠠᠶ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ  ᠪᠠᠷ ᠪᠤᠢ᠃ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠮᠠᠨ ᠤ ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤᠯᠤᠰ ᠤᠨ ᠡᠯ᠎ᠡ ᠶᠠᠮᠤᠨ ᠵᠥᠪᠯᠡᠯ ᠤᠨ ᠣᠯᠠᠨ ᠨᠡᠶᠢᠲᠡ ᠶᠢᠨ ᠦᠢᠯᠡᠴᠢᠯᠡᠭᠡ ᠬᠢᠭᠡᠳ ᠠᠷᠠᠳ ᠤᠨ ᠠᠮᠢᠳᠤᠷᠠᠯ ᠵᠡᠷᠭᠡ 26  ᠬᠦᠷᠢᠶ᠎ᠡ ᠴᠠᠷᠠᠭᠠᠨ ᠳᠠᠬᠢ ᠦᠨᠳᠦᠰᠦᠨ ᠱᠠᠳᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠯᠣᠭᠤᠳᠤᠯᠭ᠎ᠠ ᠲᠠᠢ ᠤᠶᠠᠯᠳᠤᠭᠤᠯᠤᠨ᠂ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠵᠢᠯ ᠤᠨ ᠡᠴᠦᠰ ᠠᠴᠠ ᠡᠮᠦᠨ᠎ᠡ᠂ ︽ᠨᠢᠭᠡ ᠰᠦᠯᠵᠢᠶ᠎ᠡ ᠪᠠᠷ ᠨᠡᠶᠢᠳᠡᠮ ᠡᠷᠬᠢᠯᠡᠬᠦ︾ ᠪᠠᠷ ᠰᠠᠭᠤᠷᠢ ᠪᠣᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠢ ᠤᠯᠠᠮ ᠨᠢᠭᠡ ᠠᠯᠬᠤᠮ ᠨᠡᠶᠢᠳᠬᠡᠵᠦ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ ᠪᠥᠬᠦ ᠲᠠᠯ᠎ᠠ   ᠪᠠᠷ ᠠᠭᠤᠰᠤᠯᠴᠠᠬᠤ ᠶᠢ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠪᠦᠬᠦ ᠶᠠᠪᠤᠴᠠ ᠳᠤ ᠤᠷᠤᠯᠴᠠᠬᠤ ᠶᠢᠨ ᠬᠠᠮᠲᠤ ᠲᠡᠭᠦᠨ ᠤ ᠲᠤᠳᠤᠷᠠᠬᠢ ᠬᠤᠶᠠᠷ ᠵᠦᠢᠯ ᠤᠨ ᠪᠠᠷᠢᠮᠵᠢᠶ᠎ᠠ ᠵᠢᠷᠤᠮᠵᠢᠯ ᠢ ᠨᠠᠶᠢᠷᠠᠭᠤᠯᠤᠨ ᠵᠣᠬᠢᠶᠠᠬᠤ ᠠᠵᠢᠯ ᠢ ᠡᠭᠦᠷᠭᠡᠯᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠨᠳᠦᠰᠦᠨ ᠱᠠᠲᠤᠨ ᠳᠤ ᠥᠷᠭᠦᠯᠵᠢᠯᠡᠬᠦᠯᠬᠦ ᠶᠢ ᠠᠬᠢᠭᠤᠯᠬᠤ ᠳᠤ ᠰᠢᠨ᠎ᠡ ᠠᠷᠭ᠎ᠠ ᠲᠤᠷᠰᠢᠯᠭ᠎ᠠ ᠪᠠᠨ ᠳ᠋ᠦᠩᠨᠡᠵᠦ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠨᠡᠩ ᠴᠢᠨᠠᠷᠵᠢᠭᠤᠨ᠂ ᠦᠷ᠎ᠡ ᠪᠦᠲᠦᠮᠵᠢ ᠨᠢ ᠨᠠᠩ ᠰᠠᠶᠢᠨ ᠪᠠᠶᠢᠬᠤ ᠶᠢ ᠦᠨᠡᠨᠬᠦ  ᠪᠠᠳᠤᠯᠠᠬᠤ ᠪᠤᠯᠤᠨ᠎ᠠ᠃    ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠮᠠᠨ ᠤ ᠬᠤᠲᠠ ᠢᠮᠠᠭᠲᠠ ᠠᠷᠠᠳ ᠲᠦᠮᠡᠨ ᠢᠶᠠᠷ ᠭᠤᠤᠯ ᠪᠣᠯᠭᠠᠬᠤ ᠠᠵᠢᠯ ᠤᠨ ᠣᠶᠢᠯᠠᠭᠠᠭᠳᠠᠬᠤᠨ ᠢᠶᠠᠷ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠢ ᠬᠢᠨᠠᠮᠠᠭᠠᠶ ᠲᠤᠭᠤᠰᠢᠯᠠᠭᠤᠯᠤᠨ ᠬᠡᠷᠡᠭᠵᠢᠬᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠣᠯᠤᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠡᠷᠬᠡ ᠶᠢᠨ ᠠᠵᠢᠯᠯᠠᠭᠠᠨ ᠤ ᠪᠦᠬᠦ ᠶᠠᠪᠤᠴᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠪᠦᠬᠦ ᠶᠠᠪᠤᠴᠠ ᠲᠠᠢ ᠤᠶᠠᠯᠳᠤᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠠᠵᠢᠯ ᠣᠯᠭᠤᠬᠤ ᠦᠢᠯᠡᠰ ᠪᠦᠳᠦᠭᠡᠬᠦ᠂ ᠶᠠᠳᠠᠭᠤ ᠠᠴᠠ ᠠᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ 230 ᠵᠦᠢᠯ ᠲᠠᠢ ᠢᠯᠡ ᠪᠣᠯᠭᠠᠬᠤ ᠨᠠᠷᠢᠨ ᠬᠠᠭᠤᠳᠠᠰᠤ ᠭᠠᠷᠭᠠᠬᠤ ᠶᠢᠨ ᠬᠠᠮᠲᠤ ᠪᠦᠬᠦᠨ ᠢ ᠢᠯᠡ ᠪᠣᠯᠭᠠᠪᠠ᠃ 2019 ᠣᠨ ᠳᠤ᠂ ᠪᠥᠬᠦ ᠬᠤᠲᠠ ᠳᠤ 5 ᠵᠠᠰᠠᠭ ᠤᠨ ᠣᠷᠳᠣᠨ ᠤ ᠲᠦᠷᠢᠮ ᠲᠣᠭᠲᠠᠭᠠᠯ᠂ 97 ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ 220 ᠭᠠᠷᠤᠶ ᠲᠦᠮᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ ᠵᠠᠩᠭᠢ᠂ 205 ᠲᠦᠮᠡᠨ ᠵᠠᠰᠠᠭ ᠵᠠᠬᠢᠷᠭᠠᠨ ᠤ ᠰᠢᠢᠳᠭᠡᠯ ᠤᠨ ᠮᠡᠳᠡᠭᠡ ᠵᠠᠩᠭᠢ ᠶᠢ ᠢᠯᠡ ᠪᠣᠯᠭᠠᠪᠠ᠃ ︽ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠵᠢᠷᠤᠮᠵᠢᠯ︾ ᠵᠢᠴᠢ  ᠬᠤᠯᠪᠤᠭᠳᠠᠯ ᠪᠥᠬᠦᠶ ᠠᠵᠢᠯ ᠤᠨ ᠲᠦᠷᠢᠮ ᠢ ᠨᠠᠶᠢᠷᠠᠭᠤᠯᠤᠨ ᠵᠣᠬᠢᠶᠠᠪᠠ︔ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠪᠠᠷ ᠭᠤᠤᠯ ᠢᠯᠡ ᠪᠣᠯᠭᠠᠬᠤ ᠲᠠᠪᠴᠠᠩ ᠪᠣᠯᠭᠠᠵᠤ᠂ ᠵᠠᠰᠠᠭ ᠤᠨ ᠶᠠᠪᠤᠳᠠᠯ ᠤᠨ ᠸᠢᠴᠠᠲ᠂ ᠪᠢᠴᠢᠯ  ᠪᠦᠷᠭᠡ ᠪᠠ ᠵᠠᠰᠠᠭ ᠤᠨ ᠣᠷᠳᠣᠨ ᠤ ᠠᠯᠪᠠᠨ ᠮᠡᠳᠡᠭᠡ ᠵᠡᠷᠭᠡ ᠵᠠᠭᠤᠴᠢ ᠨᠤᠭᠤᠳ ᠬᠠᠷᠢᠯᠴᠠᠨ ᠨᠥᠬᠦᠴᠡᠯᠳᠦᠭᠰᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠢᠭᠰᠠᠭᠠᠯ ᠢ ᠪᠣᠶ ᠪᠣᠯᠭᠠᠪᠠ︔ ᠴᠢᠬᠤᠯᠠ ᠲᠥᠷᠥ ᠶᠢᠨ ᠪᠣᠳᠣᠯᠭ᠎ᠠ ᠶᠢᠨ ᠰᠣᠨᠢᠨ ᠮᠡᠳᠡᠭᠡ ᠨᠡᠶᠢᠲᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠬᠦᠯᠪᠡ᠃ ᠬᠥᠬᠡᠬᠤᠲᠠ᠂ ᠰᠢᠨ᠎ᠡ ᠬᠤᠲᠠ ᠲᠣᠭᠤᠷᠢᠭ ᠤᠨ ᠬᠤᠶᠠᠷ ᠱᠠᠲᠤᠨ ᠤ ᠵᠠᠰᠠᠭ ᠤᠨ ᠣᠷᠳᠣᠨ ᠰᠢᠨ᠎ᠡ ᠬᠤᠲᠠ ᠲᠣᠭᠤᠷᠢᠭ ᠨᠢ ᠪᠦᠬᠦ ᠤᠯᠤᠰ ᠤᠨ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ  ᠪᠠᠷᠢᠮᠵᠢᠶᠠᠵᠢᠭᠤᠯᠤᠨ ᠵᠢᠷᠤᠮᠵᠢᠭᠤᠯᠬᠤ100 ᠲᠤᠷᠰᠢᠯᠲᠠ ᠶᠢᠨ ᠭᠠᠵᠠᠷ ᠣᠷᠣᠨ ᠤ ᠨᠢᠭᠡ ᠪᠣᠯᠬᠤ ᠡᠨᠡᠬᠦ ᠴᠢᠬᠤᠯᠠ ᠲᠣᠬᠢᠶᠠᠯ ᠢ ᠴᠢᠩᠭ᠎ᠠ ᠠᠳᠬᠤᠵᠤ᠂ ᠭᠤᠤᠯᠳᠠᠯᠭ᠎ᠠ ᠲᠠᠢ ᠰᠢᠪᠲᠤᠯᠤᠯᠲᠠ ᠶᠢ ᠴᠢᠬᠤᠯᠠᠴᠢᠯᠠᠵᠤ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠪᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠣᠨᠴᠠᠯᠢᠭ ᠲᠤ ᠵᠤᠬᠢᠴᠠᠭᠤᠯᠤᠨ᠂ ᠣᠯᠠᠨ ᠲᠦᠮᠡᠨ ᠤ ᠠᠵᠢᠯ ᠶᠠᠪᠤᠳᠠᠯ ᠪᠦᠲᠦᠭᠡᠬᠦ ᠳᠤ ᠳᠥᠭᠦᠮ ᠡᠰᠡᠬᠦ᠂ ᠬᠠᠨᠤᠮᠵᠢᠳᠠᠢ ᠡᠰᠡᠬᠦ ᠪᠠᠷ ᠠᠵᠢᠯᠯᠠᠭᠠᠨ ᠤ ᠵᠦᠭᠯᠡᠭᠦᠷ ᠪᠣᠯᠭᠠᠵᠤ᠂ ᠲᠤᠷᠰᠢᠯᠲᠠ ᠶᠢᠨ ᠶᠠᠪᠤᠴᠠ ᠳᠤ ᠦᠯᠢᠭᠡᠷ ᠵᠢᠱᠢᠶ᠎ᠡ ᠦᠵᠡᠭᠦᠯᠬᠦ ᠴᠢᠨᠠᠷᠲᠠᠶ ᠨᠢᠭᠡ ᠢᠵᠢ ᠲᠤᠷᠰᠢᠯᠭ᠎ᠠ ᠠᠷᠭ᠎ᠠ ᠬᠢᠳᠡᠯ ᠢ ᠪᠣᠯᠪᠠᠰᠤᠷᠠᠭᠤᠯᠤᠨ ᠭᠠᠷᠭᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号