ᠰᠢᠨᠬᠤᠸᠠ ᠰᠦᠯᠵᠢᠶ᠎ᠠ ᠶᠢᠨ ᠬᠥᠬᠡᠬᠤᠲᠠ ᠶᠢᠨ 7 ᠰᠠᠷ᠎ᠠ ᠶᠢᠨ 11 ᠤ ᠡᠳᠦᠷ ᠤᠨ ᠮᠡᠳᠡᠭᠡ ︵ᠯᠢ ᠴᠢᠶᠠᠨ︶ 11 ᠤ ᠡᠳᠦᠷ᠂ 2020 ᠣᠨ ᠤ | ᠬᠥᠬᠡᠬᠤᠲᠠ ᠶᠢᠨ ᠳᠥᠷᠪᠡᠨ ᠲᠣᠭᠤᠷᠢᠭ ᠤᠨ ᠪᠠᠭ᠎ᠠ ᠰᠤᠷᠭᠠᠭᠤᠯᠢ ᠠᠴᠠ ᠠᠯᠪᠠᠨ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠲᠡᠪᠰᠢᠭᠦ | ᠺᠣᠮᠫᠢᠦ᠋ᠲ᠋ᠧᠷ ᠢᠶᠠᠷ ᠰᠤᠷᠭᠠᠭᠤᠯᠢ ᠲᠤᠬᠢᠷᠠᠭᠤᠯᠬᠤ ᠪᠠ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠲᠠᠰᠢᠷᠠᠮ ᠢᠶᠠᠷ ᠰᠤᠷᠤᠬᠴᠢ ᠡᠯᠰᠡᠬᠦ ᠠᠬᠤᠢ ᠲᠠᠯᠠᠪᠠᠶ ᠶᠢᠨ | ᠬᠤᠷᠠᠯ ᠶᠠᠪᠤᠭᠳᠠᠪᠠ᠃ ᠡᠨᠡ ᠵᠢᠯ ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠰᠤᠷᠤᠬᠴᠢ | ᠡᠯᠰᠡᠭᠦ ᠳ᠋ᠤ᠋ᠠᠯᠪᠠᠨ ᠠᠴᠠ ᠡᠷᠬᠢᠯᠡᠭᠰᠡᠨ ᠰᠤᠷᠭᠠᠭᠤᠯᠢ ᠪᠠ ᠠᠷᠠᠳ ᠠᠴᠠ ᠡᠷᠬᠢᠯᠡᠭᠰᠡᠨ ᠰᠤᠷᠭᠠᠭᠤᠯᠢ ᠠᠩᠬ᠎ᠠ ᠤᠳᠠᠭ᠎ᠠ ᠬᠠᠮᠲᠤ ᠪᠠᠷ ᠰᠤᠷᠤᠬᠴᠢ ᠡᠯᠰᠡᠵᠦ᠂ ︽ | ᠵᠠᠪᠳᠤᠨ ᠡᠯᠰᠡᠵᠦ︾ ᠪᠣᠯᠬᠤ ᠥᠬᠡᠶ ᠭᠡᠵᠦ ᠲᠤᠬᠳᠠᠭᠠᠵᠠᠢ᠃ | ᠣᠶᠢᠯᠠᠭᠠᠭᠰᠠᠨ ᠢᠶᠠᠷ᠂ 6 ᠰᠠᠷ᠎ᠠ ᠶᠢᠨ 20 ᠤ ᠡᠳᠦᠷ ᠠᠴᠠ 6 ᠰᠠᠷ᠎ᠠ ᠶᠢᠨ 30 ᠤ ᠡᠳᠦᠷ ᠪᠤᠯᠳᠠᠯ᠎ᠠ᠂ ᠬᠥᠬᠡᠬᠤᠲᠠ ᠶᠢᠨ ᠳᠥᠷᠪᠡᠨ ᠲᠣᠭᠤᠷᠢᠭ ᠤᠨ | ᠨᠥᠬᠦᠴᠡᠯ ᠳᠤ ᠨᠡᠶᠢᠴᠡᠬᠦ ᠪᠠᠭ᠎ᠠ ᠰᠤᠷᠭᠠᠭᠤᠯᠢ ᠶᠢᠨ ᠲᠤᠰ ᠵᠢᠯ ᠲᠡᠭᠦᠰᠭᠦ 19803 ᠰᠤᠷᠤᠭᠴᠢ ᠡᠷᠡᠮᠡᠯᠵᠡᠯ ᠲᠠᠬᠯᠠᠵᠠᠢ᠃ ᠡᠭᠦᠨ ᠳᠤ 10679 ᠰᠤᠷᠤᠬᠴᠢ | ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠡᠷᠡᠮᠡᠯᠵᠡᠯ ᠲᠠᠬᠯᠠᠨ ᠮᠡᠳᠡᠭᠦᠯᠵᠦ᠂ ᠬᠠᠷᠢᠴᠠᠩᠭᠤᠢ ᠪᠠᠷ ᠣᠶᠢᠷ᠎ᠠ ᠬᠠᠪᠢ ᠶᠢᠨ ᠰᠤᠷᠭᠠᠭᠤᠯᠢ ᠳᠤ ᠣᠷᠣᠭᠤᠯᠬᠤ | ᠵᠠᠷᠴᠢᠮ ᠶᠤᠰᠤᠭᠠᠷ ᠬᠤᠲᠠ ᠶᠢᠨ ᠳᠥᠷᠪᠡᠨ ᠲᠣᠭᠤᠷᠢᠭ ᠨᠢ 122 ᠪᠠᠭ᠎ᠠ ᠰᠤᠷᠭᠠᠭᠤᠯᠢ ᠪᠣᠯᠤᠨ 41 ᠠᠯᠪᠠᠨ ᠠᠴᠠ ᠡᠷᠬᠢᠯᠡᠭᠰᠡᠨ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠳᠤ ᠰᠤᠷᠤᠬᠴᠢᠳ ᠢ ᠰᠤᠷᠭᠠᠭᠤᠯᠢ ᠲᠤᠬᠢᠷᠠᠭᠤᠯᠤᠨ ᠣᠷᠣᠭᠤᠯᠤᠨ᠎ᠠ᠃ ᠰᠤᠷᠤᠭᠴᠢᠳ ᠡᠯ᠎ᠡ ᠲᠣᠭᠤᠷᠢᠭ ᠤᠨ ᠪᠣᠳᠠᠲᠤ ᠪᠠᠶᠢᠳᠠᠯ ᠢ | ᠦᠨᠳᠦᠰᠦᠯᠡᠨ ᠲᠣᠰ ᠣᠷᠣᠨ ᠤ ᠳᠣᠲᠣᠷᠠᠬᠢ 48 ᠡᠷᠡᠮᠡᠯᠵᠡᠯ ᠲᠠᠬᠯᠠᠬᠤ ᠰᠤᠷᠭᠠᠭᠤᠯᠢ ᠶᠢ ᠰᠣᠩᠭᠤᠵᠤ ᠪᠣᠯᠤᠨ᠎ᠠ︔ ᠡᠭᠦᠨ ᠠᠴᠠ ᠭᠠᠳᠠᠨ᠎ᠠ 9124 | ᠰᠤᠷᠤᠬᠴᠢ ᠠᠷᠠᠳ ᠠᠴᠠ ᠡᠷᠭᠢᠯᠡᠭᠰᠡᠨ ᠰᠤᠷᠭᠠᠭᠤᠯᠢ ᠳᠤ ᠡᠷᠡᠮᠡᠯᠵᠡᠯ ᠲᠠᠭᠯᠠᠨ ᠮᠡᠳᠡᠭᠦᠯᠵᠦ᠂ ᠰᠣᠷᠣᠭᠴᠢᠳ ᠬᠤᠲᠠ ᠶᠢᠨ ᠳᠥᠷᠪᠡᠨ ᠲᠣᠭᠤᠷᠢᠭ ᠤᠨ | ᠠᠷᠠᠳ ᠠᠴᠠ ᠡᠷᠭᠢᠯᠡᠭᠰᠡᠨ 27 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠣᠲᠣᠷ᠎ᠠ ᠠᠴᠠ ᠰᠠᠶᠢᠨ ᠳᠤᠷ᠎ᠠ ᠠᠴᠠ ᠪᠠᠨ ᠨᠢᠭᠡ ᠶᠢ ᠰᠤᠩᠭᠤᠨ | ᠡᠷᠡᠮᠡᠯᠵᠡᠯ ᠢᠶᠠᠨ ᠲᠠᠭᠯᠠᠨ ᠮᠡᠳᠡᠭᠦᠯᠵᠦ ᠪᠣᠯᠤᠨ᠎ᠠ᠃ | ᠡᠨᠡ ᠵᠢᠯ ᠤᠨ ᠢᠯᠡ ᠪᠠᠷ ᠰᠣᠷᠣᠭᠴᠢ ᠡᠯᠰᠡᠬᠦ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠳᠣᠲᠣᠷ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠹᠠᠩ ᠶᠤᠸᠠᠨ ᠳᠤᠮᠳᠠᠳᠤ ᠰᠤᠷᠭᠠᠭᠤᠯᠢ᠂ ᠰᠠᠶᠢᠬᠠᠨ ᠲᠣᠭᠤᠷᠢᠭ ᠤᠨ ᠴᠢᠦ ᠱᠢ ᠰᠤᠷᠭᠠᠭᠤᠯᠢ᠂ | ᠬᠤᠲᠣᠩ ᠠᠷᠠᠳ ᠤᠨ ᠲᠣᠭᠤᠷᠢᠭ ᠤᠨ ᠴᠢᠦ ᠱᠢ ᠰᠤᠷᠭᠠᠭᠤᠯᠢ᠂ ᠴᠢ ᠰᠢᠤ ᠳᠤᠮᠳᠠᠳᠤ ᠰᠤᠷᠭᠠᠭᠤᠯᠢ᠂ ᠴᠢ ᠰᠢᠤ ᠳᠤᠮᠳᠠᠳᠤ ᠰᠤᠷᠭᠠᠭᠤᠯᠢ ᠶᠢᠨ ᠵᠡᠭᠦᠨ | ᠲᠣᠭᠤᠷᠢᠭ᠂ ᠵᠢᠩ ᠶᠧ ᠰᠤᠷᠭᠠᠭᠤᠯᠢ᠂ ᠰᠢᠩ ᠾᠧ ᠳᠤᠮᠳᠠᠳᠤ ᠰᠤᠷᠭᠠᠭᠤᠯᠢ᠂ ᠶᠢᠨ ᠮᠠ ᠳᠤᠮᠳᠠᠳᠤ ᠰᠤᠷᠭᠠᠭᠤᠯᠢ᠂ ᠵᠢᠶᠠᠨ ᠴᠢᠶᠣᠤ ᠳᠤᠮᠳᠠᠳᠤ ᠰᠤᠷᠭᠠᠭᠤᠯᠢ᠂ | ᠴᠢᠶᠣᠤ ᠬᠤᠸᠠ ᠰᠤᠷᠭᠠᠭᠤᠯᠢ᠂ ᠰᠠᠶᠢᠬᠠᠨ ᠲᠣᠭᠤᠷᠢᠭ ᠤᠨ ᠱᠢ ᠵᠧᠤ ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠡᠨᠡ ᠵᠢᠯ ᠤᠨ ᠰᠣᠷᠣᠭᠴᠢ | ᠡᠯᠰᠡᠬᠦ ᠲᠥᠯᠥᠪᠯᠡᠭᠡ ᠠᠴᠠ ᠳᠠᠪᠠᠵᠠᠶ᠃ ᠡᠨᠡ 12 ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠶᠢᠨ ᠲᠤᠭ᠎ᠠ ᠨᠢ 5964 ᠪᠤᠯᠬᠤ ᠪᠦᠭᠡᠳ | ᠲᠠᠰᠢᠷᠠᠮ ᠢᠶᠠᠷ ᠡᠯᠰᠡᠭᠦ ᠳᠤ ᠤᠷᠤᠯᠴᠠᠬᠰᠠᠨ ᠰᠣᠷᠣᠭᠴᠢ ᠶᠢᠨ ᠲᠤᠭ᠎ᠠ ᠨᠢ 8308 ᠪᠤᠯᠵᠠᠢ᠃ | ᠺᠣᠮᠫᠢᠦ᠋ᠲ᠋ᠧᠷ ᠢᠶᠠᠷ ᠲᠠᠮᠵᠢᠨ ᠰᠤᠷᠭᠠᠭᠤᠯᠢ ᠶᠢ ᠵᠢᠩᠬᠢᠨᠢ ᠪᠠᠷ ᠲᠤᠬᠢᠷᠠᠭᠤᠯᠤᠬᠰᠠᠨ ᠤ ᠳᠠᠷᠠᠭ᠎ᠠ᠂ ᠠᠯᠪᠠᠨ ᠠᠴᠠ ᠡᠷᠬᠢᠯᠡᠭᠰᠡᠨ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠨᠢᠭᠡᠳᠦᠭᠡᠷ ᠡᠷᠡᠮᠡᠯᠵᠡᠯ ᠳᠤ 8437 ᠰᠤᠷᠤᠭᠴᠢ ᠳᠤ ᠰᠤᠷᠭᠠᠭᠤᠯᠢ ᠲᠤᠬᠢᠷᠠᠭᠤᠯᠵᠤ᠂ ᠬᠤᠶᠠᠳᠤᠭᠠᠷ ᠡᠷᠡᠮᠡᠯᠵᠡᠯ ᠳᠤ 1399 | ᠰᠤᠷᠤᠭᠴᠢ ᠳᠤ ᠰᠤᠷᠭᠠᠭᠤᠯᠢ ᠲᠤᠬᠢᠷᠠᠭᠤᠯᠵᠤ᠂ ᠭᠤᠷᠪᠠᠳᠤᠭᠠᠷ ᠡᠷᠡᠮᠡᠯᠵᠡᠯ ᠳᠤ 361 ᠰᠤᠷᠤᠭᠴᠢ ᠳᠤ ᠰᠤᠷᠭᠠᠭᠤᠯᠢ ᠲᠤᠬᠢᠷᠠᠭᠤᠯᠵᠤ᠂ ᠳᠥᠷᠪᠡᠳᠦᠭᠡᠷ | ᠡᠷᠡᠮᠡᠯᠵᠡᠯ ᠳᠤ 408 ᠰᠤᠷᠤᠭᠴᠢ ᠳᠤ ᠰᠤᠷᠭᠠᠭᠤᠯᠢ ᠲᠤᠬᠢᠷᠠᠭᠤᠯᠵᠤ᠂ ᠲᠠᠪᠤᠳᠤᠭᠠᠷ ᠡᠷᠡᠮᠡᠯᠵᠡᠯ ᠳᠤ 74 ᠰᠤᠷᠤᠭᠴᠢ ᠳᠤ ᠰᠤᠷᠭᠠᠭᠤᠯᠢ ᠲᠤᠬᠢᠷᠠᠭᠤᠯᠵᠤ᠂ | ᠵᠢᠷᠭᠤᠳᠤᠭᠠᠷ ᠡᠷᠡᠮᠡᠯᠵᠡᠯ ᠳᠤ 0 ᠰᠤᠷᠤᠭᠴᠢ ᠳᠤ ᠰᠤᠷᠭᠠᠭᠤᠯᠢ ᠲᠤᠬᠢᠷᠠᠭᠤᠯᠵᠤ᠂ ᠳᠣᠯᠣᠳᠤᠭᠠᠷ ᠡᠷᠡᠮᠡᠯᠵᠡᠯ ᠳᠤ 0 ᠰᠤᠷᠤᠭᠴᠢ ᠳᠤ ᠰᠤᠷᠭᠠᠭᠤᠯᠢ | ᠲᠤᠬᠢᠷᠠᠭᠤᠯᠵᠤ᠂ ᠨᠠᠢᠮᠠᠳᠤᠭᠠᠷ ᠡᠷᠡᠮᠡᠯᠵᠡᠯ ᠳᠤ 0 ᠰᠤᠷᠤᠭᠴᠢ ᠳᠤ ᠰᠤᠷᠭᠠᠭᠤᠯᠢ ᠲᠤᠬᠢᠷᠠᠭᠤᠯᠵᠠᠢ᠃ ᠨᠡᠷ᠎ᠡ ᠮᠡᠳᠡᠭᠦᠯᠦᠭᠰᠡᠨ ᠰᠤᠷᠤᠬᠴᠢ ᠶᠢᠨ ᠲᠤᠭ᠎ᠠ ᠨᠢ | ᠰᠣᠷᠣᠭᠴᠢ ᠡᠯᠰᠡᠬᠦ ᠲᠥᠯᠥᠪᠯᠡᠭᠡ ᠠᠴᠠ ᠳᠠᠪᠠᠭᠰᠠᠨ ᠠᠷᠠᠳ ᠠᠴᠠ ᠡᠷᠭᠢᠯᠡᠭᠰᠡᠨ 12 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠨᠡᠶᠢᠲᠡ 5964 | ᠰᠣᠷᠣᠭᠴᠢ ᠶᠢ ᠺᠣᠮᠫᠢᠦ᠋ᠲ᠋ᠧᠷ ᠢᠶᠠᠷ ᠳᠡᠮᠵᠢᠨ ᠰᠤᠷᠭᠠᠭᠤᠯᠢ ᠳᠤ ᠲᠠᠰᠢᠷᠠᠮ ᠢᠶᠠᠷ ᠡᠯᠰᠡᠪᠡ᠃ ᠠᠷᠠᠳ ᠠᠴᠠ ᠡᠷᠭᠢᠯᠡᠭᠰᠡᠨ ᠪᠤᠰᠤᠳ 15 ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠰᠤᠷᠤᠬᠴᠢ ᠶᠢᠨ ᠲᠤᠭ᠎ᠠ ᠨᠢ ᠰᠣᠷᠣᠭᠴᠢ ᠡᠯᠰᠡᠬᠦ ᠲᠥᠯᠥᠪᠯᠡᠭᠡ ᠠᠴᠠ ᠲᠠᠪᠠᠭᠰᠠᠨ ᠥᠬᠡᠶ ᠪᠤᠯᠬᠤᠷ | ᠡᠷᠡᠮᠡᠯᠵᠡᠯ ᠲᠠᠭᠯᠠᠭᠰᠠᠨ 816 ᠰᠣᠷᠣᠭᠴᠢ ᠰᠢᠭᠤᠳ ᠡᠯᠰᠡᠭᠳᠡᠪᠡ᠃ | ᠣᠶᠢᠯᠠᠭᠠᠭᠰᠠᠨ ᠢᠶᠠᠷ᠂ ᠺᠣᠮᠫᠢᠦ᠋ᠲ᠋ᠧᠷ ᠢᠶᠠᠷ ᠰᠤᠷᠭᠠᠭᠤᠯᠢ ᠲᠣᠬᠢᠷᠠᠭᠤᠯᠤᠭᠰᠠᠨ ᠪᠠ ᠲᠠᠰᠢᠷᠠᠮ ᠢᠶᠠᠷ ᠡᠯᠰᠡᠭᠰᠡᠨ ᠰᠤᠷᠤᠭᠴᠢᠳ ᠤᠨ ᠨᠡᠷᠡᠰ ᠢ | ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠤ ᠨᠡᠶᠢᠲᠡᠯᠡᠵᠦ᠂ ᠰᠤᠷᠤᠭᠴᠢ ᠪᠠ ᠬᠡᠷ ᠤᠨ ᠠᠬᠠᠮᠠᠳ ᠤᠨ | ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠦᠨ᠎ᠡ᠃ | ᠡᠯᠰᠡᠭᠳᠡᠭᠰᠡᠨ ᠥᠬᠡᠶ ᠰᠣᠷᠣᠭᠴᠢ ᠵᠢᠴᠢ ᠬᠤᠶᠠᠳᠤᠭᠠᠷ ᠤᠳᠠᠭᠠᠨ ᠤ ᠨᠢᠭᠡᠳᠦᠯᠲᠡᠶ ᠲᠣᠬᠢᠷᠠᠭᠤᠯᠤᠯᠲᠠ ᠳᠤ ᠣᠷᠣᠯᠴᠠᠬᠤ ᠪᠠᠷ ᠪᠠᠶᠢᠭ᠎ᠠ ᠰᠣᠷᠣᠭᠴᠢ 7 | ᠰᠠᠷ᠎ᠠ ᠶᠢᠨ 15 ᠤ ᠡᠳᠦᠷ ᠤᠨ 8᠄ 00 — 16 ᠤ ᠡᠳᠦᠷ ᠤᠨ 18᠄ 00 ᠴᠠᠭ ᠪᠤᠯᠳᠠᠯ᠎ᠠ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ | ᠮᠡᠳᠡᠭᠡ ᠵᠠᠩᠭᠢ ᠶᠢᠨ ᠰᠦᠯᠵᠢᠶᠡᠨ ᠳᠤ ᠭᠠᠷᠴᠤ ᠨᠢᠭᠡᠳᠦᠯᠲᠡᠶ ᠲᠦᠯᠦᠪᠵᠢᠭᠦᠯᠭᠦ ᠡᠷᠡᠮᠡᠯᠵᠡᠯ ᠲᠠᠭᠯᠠᠨ ᠮᠡᠳᠡᠭᠦᠯᠬᠦ ᠳᠤ ᠣᠷᠣᠯᠴᠠᠵᠤ᠂ 7 ᠰᠠᠷ᠎ᠠ ᠶᠢᠨ 19 ᠤ | ᠡᠳᠦᠷ ᠤᠨ 9᠄ 00 ᠴᠠᠭ ᠲᠤ ᠬᠤᠶᠠᠳᠤᠭᠠᠷ ᠤᠳᠠᠭ᠎ᠠ ᠰᠤᠷᠭᠠᠭᠤᠯᠢ ᠳᠤ ᠨᠢᠭᠡᠳᠦᠯᠲᠡᠶ ᠲᠦᠯᠦᠪᠵᠢᠭᠦᠯᠦᠨ ᠲᠤᠬᠢᠷᠠᠭᠤᠯᠬᠤ ᠳᠤ ᠣᠷᠣᠯᠴᠠᠵᠤ ᠪᠤᠯᠤᠨ᠎ᠠ᠃ | 2020 ᠣᠨ ᠳᠤ ᠬᠥᠬᠡᠬᠤᠲᠠ ᠶᠢᠨ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠲᠡᠪᠰᠢᠭᠦ ᠳᠤ ᠠᠯᠪᠠᠨ ᠠᠴᠠ | ᠡᠷᠭᠢᠯᠡᠭᠰᠡᠨ ᠰᠤᠷᠭᠠᠭᠤᠯᠢ ᠪᠠ ᠠᠷᠠᠳ ᠠᠴᠠ ᠡᠷᠭᠢᠯᠡᠭᠰᠡᠨ ᠰᠤᠷᠭᠠᠭᠤᠯᠢ ᠵᠡᠷᠭᠡ ᠪᠠᠷ ᠰᠣᠷᠣᠭᠴᠢ ᠡᠯᠰᠡᠬᠦ ︽ᠢᠯᠡ ᠪᠠᠷ ᠰᠣᠷᠣᠭᠴᠢ ᠡᠯᠰᠡᠬᠦ︾ ᠠᠷᠭ᠎ᠠ | ᠬᠡᠯᠪᠡᠷᠢ ᠶᠢ ᠠᠪᠴᠠᠶ᠃ ᠬᠤᠲᠠ ᠶᠢᠨ ᠲᠣᠭᠤᠷᠢᠭ ᠲᠠᠬᠢ ᠠᠯᠪᠠᠨ ᠠᠴᠠ ᠡᠷᠭᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠨᠢ ᠺᠣᠮᠫᠢᠦ᠋ᠲ᠋ᠧᠷ ᠢᠶᠠᠷ | ᠰᠤᠷᠭᠠᠭᠤᠯᠢ ᠲᠤᠬᠢᠷᠠᠭᠤᠯᠬᠤ ᠪᠤᠶᠤ ᠪᠠᠭ᠎ᠠ ᠰᠤᠷᠭᠠᠭᠤᠯᠢ ᠠᠴᠠ ᠰᠢᠰᠲ᠋ᠧᠮ ᠢᠶᠠᠷ ᠢᠶᠠᠨ ᠲᠠᠮᠵᠢᠨ ᠰᠢᠭᠤᠳ ᠲᠡᠪᠰᠢᠭᠦ ᠠᠷᠭ᠎ᠠ ᠬᠡᠯᠪᠡᠷᠢ ᠶᠢ ᠠᠪᠴᠠᠢ︔ | ᠠᠷᠠᠳ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠭᠴᠢ ᠡᠯᠰᠡᠬᠦ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠰᠦᠯᠵᠢᠶᠡᠨ | ᠳᠡᠭᠡᠷ᠎ᠡ ᠡᠷᠡᠮᠡᠯᠵᠡᠯ ᠲᠠᠭᠯᠠᠬᠤ᠂ ᠰᠦᠯᠵᠢᠶᠡᠨ ᠳᠡᠭᠡᠷ᠎ᠡ ᠡᠯᠰᠡᠬᠦ ᠠᠷᠭ᠎ᠠ ᠬᠡᠯᠪᠡᠷᠢ ᠶᠢ ᠠᠪᠴᠤ᠂ ᠨᠡᠷ᠎ᠡ ᠮᠡᠳᠡᠭᠦᠯᠦᠭᠰᠡᠨ ᠰᠤᠷᠤᠬᠴᠢ ᠶᠢᠨ ᠲᠤᠭ᠎ᠠ ᠨᠢ ᠲᠤᠬᠠᠶ ᠶᠢᠨ | ᠵᠢᠯ ᠤᠨ ᠰᠣᠷᠣᠭᠴᠢ ᠡᠯᠰᠡᠬᠦ ᠲᠥᠯᠥᠪᠯᠡᠭᠡ ᠠᠴᠠ ᠲᠠᠪᠠᠭᠰᠠᠨ ᠠᠷᠠᠳ ᠠᠴᠠ ᠡᠷᠭᠢᠯᠡᠭᠰᠡᠨ ᠰᠤᠷᠭᠠᠭᠤᠯᠢ ᠳᠤ ᠺᠣᠮᠫᠢᠦ᠋ᠲ᠋ᠧᠷ ᠢᠶᠠᠷ ᠲᠠᠰᠢᠷᠠᠮ ᠢᠶᠠᠷ ᠰᠤᠷᠤᠬᠴᠢ | ᠡᠯᠰᠡᠵᠦ᠂ ᠲᠠᠰᠢᠷᠠᠮ ᠢᠶᠠᠷ ᠡᠯᠰᠡᠬᠦ ᠬᠠᠷᠢᠴᠠᠯ ᠨᠢ ᠲᠣᠰ ᠵᠢᠯ ᠤᠨ ᠰᠣᠷᠣᠭᠴᠢ ᠡᠯᠰᠡᠬᠦ ᠲᠥᠯᠥᠪᠯᠡᠭᠡ ᠶᠢᠨ 100% ᠪᠣᠯᠤᠨ᠎ᠠ︔ ᠨᠡᠷ᠎ᠡ ᠮᠡᠳᠡᠭᠦᠯᠦᠭᠰᠡᠨ | ᠰᠤᠷᠤᠬᠴᠢ ᠶᠢᠨ ᠲᠤᠭ᠎ᠠ ᠨᠢ ᠰᠤᠷᠭᠠᠭᠤᠯᠢ ᠶᠢᠨ ᠲᠣᠰ ᠵᠢᠯ ᠤᠨ ᠰᠤᠷᠤᠭᠴᠢ ᠡᠯᠰᠡᠬᠦ ᠲᠥᠯᠥᠪᠯᠡᠭᠡ ᠠᠴᠠ ᠳᠠᠪᠠᠭᠰᠠᠨ ᠦᠭᠡᠢ ᠪᠤᠯ ᠰᠢᠭᠤᠳ ᠡᠯᠰᠡᠨ᠎ᠠ᠃ |