ᠵᠠᠩ ᠪᠠᠢ ᠴᠧᠩ ᠣᠷᠣᠯᠴᠠᠪᠠ | ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ | ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ | ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ | ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠦᠶᠡᠷ ᠢ | ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃ | ᠲᠤᠰ ᠡᠳᠦᠷ᠂ ᠸᠠᠩ ᠯᠢ ᠰᠢᠶᠠ ᠨᠠᠷ ᠰᠢᠨ᠎ᠡ ᠬᠤᠲᠠ ᠲᠣᠭᠤᠷᠢᠭ ᠤᠨ ᠪᠠᠭ᠎ᠠ ᠬᠠᠷᠠᠴᠢᠨ ᠭᠤᠤ ᠪᠠ ᠬᠠᠷᠠᠴᠢᠨ | ᠭᠤᠤ ᠳᠤ ᠬᠦᠷᠴᠦ᠂ ᠦᠶᠡᠷ ᠢ ᠰᠡᠷᠭᠡᠶᠢᠯᠡᠬᠦ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃ | ᠲᠤᠬᠠᠢ ᠶᠢᠨ ᠲᠠᠯᠠᠪᠤᠷ ᠲᠤ᠂ ᠸᠠᠩ ᠯᠢ ᠰᠢᠶᠠ ᠤᠰᠤᠨ ᠰᠢᠰᠲ᠋ᠧᠮ ᠤᠨ ᠵᠢᠷᠤᠭ ᠪᠠ ᠤᠰᠤᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠠᠶᠢᠯᠪᠤᠷᠢ ᠵᠢᠷᠤᠭ ᠲᠠᠢ ᠬᠠᠷᠢᠴᠠᠭᠤᠯᠤᠨ᠂ ᠳᠠᠯᠳᠠ ᠭᠡᠮ ᠠᠶᠤᠯ ᠲᠦᠭᠰᠢᠭᠦᠷᠢ ᠶᠢᠨ | ᠴᠡᠭ᠂ ᠲᠡᠦᠬᠡᠨ ᠳᠠᠬᠢ ᠦᠶᠡᠷ ᠤᠨ ᠭᠠᠮᠰᠢᠭ ᠤᠨ ᠰᠢᠯᠲᠠᠭᠠᠨ᠂ ᠬᠢᠨᠠᠨ ᠬᠡᠮᠵᠢᠭᠰᠡᠨ ᠪᠠᠶᠢᠳᠠᠯ᠂ ᠰᠡᠷᠡᠮᠵᠢᠯᠡᠭᠦᠯᠬᠦ | ᠲᠣᠭᠲᠠᠴᠠ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠭᠰᠠᠨ ᠪᠠᠶᠢᠳᠠᠯ ᠢ ᠨᠠᠷᠢᠨ | ᠠᠰᠠᠭᠤᠨ ᠯᠠᠪᠯᠠᠬᠤ ᠶᠢᠨ ᠬᠠᠮᠲᠤ᠂ ᠢᠯᠡᠷᠡᠭᠦᠯᠦᠭᠰᠡᠨ ᠠᠰᠠᠭᠤᠳᠠᠯ ᠳᠤ ᠲᠤᠬᠠᠢ ᠶᠢᠨ ᠲᠠᠯᠠᠪᠤᠷ ᠲᠤ ᠴᠡᠭᠴᠡᠯᠡᠨ | ᠰᠠᠶᠢᠵᠢᠷᠠᠭᠤᠯᠬᠤ ᠰᠠᠨᠠᠯ ᠳᠤᠷᠠᠳᠪᠠ᠃ | ᠸᠠᠩ ᠯᠢ ᠰᠢᠶᠠ ᠵᠢᠭᠠᠭᠰᠠᠨ ᠨᠢ᠂ ᠣᠳᠣᠬᠠᠨ ᠳᠤ᠂ ᠮᠠᠨ ᠤ ᠬᠤᠲᠠ ᠨᠢᠭᠡᠨᠲᠡ ᠦᠶᠡᠷ ᠢ ᠰᠡᠷᠭᠡᠶᠢᠯᠡᠬᠦ | ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠦᠶᠡᠷ ᠢ ᠰᠡᠷᠭᠡᠶᠢᠯᠡᠬᠦ ᠠᠵᠢᠯ ᠤᠨ ᠡᠭᠦᠷᠭᠡ ᠬᠦᠨᠳᠦ᠂ ᠬᠠᠷᠢᠭᠤᠴᠠᠯᠭ᠎ᠠ | ᠬᠦᠨᠳᠦ ᠪᠠᠶᠢᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠤᠨ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠵᠦ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ | ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠬᠤᠰᠢᠭᠤᠴᠢᠯᠠᠨ ᠵᠢᠯᠣᠭᠤᠳᠬᠤ ᠬᠡᠷᠡᠭᠲᠡᠢ᠃ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠳᠣᠲᠣᠷ᠎ᠠ ᠪᠠᠨ ᠲᠤᠭ᠎ᠠ ᠲᠠᠢ᠂ ᠠᠷᠭ᠎ᠠ ᠬᠡᠮᠵᠢᠶ᠎ᠡ ᠪᠠᠨ ᠬᠦᠴᠦᠳᠡᠢ ᠪᠠᠶᠢᠯᠭᠠᠬᠤ ᠬᠡᠷᠡᠭᠲᠡᠢ ᠭᠡᠪᠡ | ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠴᠠᠭ ᠠᠭᠤᠷ ᠤᠨ ᠬᠤᠪᠢᠷᠠᠯᠲᠠ ᠶᠢ ᠰᠠᠶᠢᠨ ᠠᠩᠬᠠᠷᠴᠤ᠂ ᠬᠤᠷ᠎ᠠ | ᠤᠰᠤ ᠶᠢᠨ ᠪᠠᠶᠢᠳᠠᠯ ᠢ ᠴᠠᠭ ᠢᠮᠠᠭᠲᠠ ᠡᠵᠡᠮᠰᠢᠨ᠂ ᠲᠣᠭᠤᠷᠢᠨ ᠪᠠᠶᠢᠴᠠᠭᠠᠵᠤ ᠤᠷᠢᠳᠴᠢᠯᠠᠨ ᠮᠡᠳᠡᠭᠡᠯᠡᠬᠦ ᠶᠢ | ᠴᠢᠩᠭᠠᠳᠬᠠᠨ᠂ ᠭᠤᠣᠯᠳᠠᠯᠭ᠎ᠠ ᠲᠠᠢ ᠭᠤᠣᠯ ᠤᠨ ᠬᠡᠰᠡᠭ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠤᠰᠤᠨ ᠤ | ᠪᠠᠶᠢᠳᠠᠯ᠂ ᠦᠶᠡᠷ ᠤᠨ ᠪᠠᠶᠢᠳᠠᠯ ᠢ ᠬᠢᠨᠠᠨ ᠡᠵᠡᠮᠳᠡᠬᠦ ᠬᠡᠷᠡᠭᠲᠡᠢ᠃ ᠤᠷᠢᠳᠴᠢᠯᠠᠨ ᠪᠡᠯᠡᠳᠬᠡᠵᠦ ᠤᠷᠢᠳᠴᠢᠯᠠᠨ | ᠰᠡᠷᠭᠡᠶᠢᠯᠡᠬᠦ ᠰᠡᠳᠬᠢᠬᠦᠢ ᠶᠢ ᠪᠣᠢ ᠪᠣᠯᠭᠠᠵᠤ᠂ ᠲᠤᠭ᠎ᠠ ᠪᠠᠷᠢᠮᠲᠠ ᠶᠢ ᠠᠰᠢᠭᠯᠠᠨ᠂ ᠥᠩᠭᠡᠷᠡᠭᠰᠡᠨ ᠵᠢᠯ ᠤᠳ ᠤᠨ | ᠲᠤᠭ᠎ᠠ ᠪᠠᠷᠢᠮᠲᠠ᠂ ᠣᠨᠴᠠᠭᠠᠶᠢᠯᠠᠨ ᠦᠶᠡᠷ ᠤᠰᠤᠳᠤᠯ ᠤᠨ ᠭᠠᠮᠰᠢᠭ ᠭᠠᠷᠤᠭᠰᠠᠨ ᠵᠢᠯ ᠤᠨ ᠲᠤᠭ᠎ᠠ ᠪᠠᠷᠢᠮᠲᠠ ᠲᠠᠢ | ᠬᠠᠷᠢᠴᠠᠭᠤᠯᠬᠤ ᠠᠵᠢᠯ ᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠵᠠᠳᠠᠯᠤᠯᠲᠠ ᠬᠢᠵᠦ᠂ ᠣᠨᠣᠪᠴᠢᠲᠠᠢ ᠪᠠᠷ | ᠰᠤᠳᠤᠯᠤᠨ ᠮᠠᠭᠠᠳᠯᠠᠵᠤ᠂ ᠨᠠᠷᠢᠨ ᠨᠢᠭᠲᠠ ᠲᠣᠬᠢᠷᠠᠭᠤᠯᠬᠤ ᠬᠡᠷᠡᠭᠲᠡᠢ᠃ ᠤᠷᠢᠳᠴᠢᠯᠠᠨ ᠰᠡᠷᠡᠮᠵᠢᠯᠡᠭᠦᠯᠬᠦ | ᠲᠣᠭᠲᠠᠴᠠ ᠶᠢ ᠭᠤᠣᠯᠳᠠᠯᠭ᠎ᠠ ᠲᠠᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠴᠢᠩᠭᠠᠳᠬᠠᠵᠤ᠂ ᠭᠤᠤ ᠪᠠᠷ ᠨᠢᠭᠡᠴᠢ | ᠪᠣᠯᠭᠠᠨ᠂ ᠲᠦᠭᠰᠢᠭᠦᠷᠢ ᠶᠢᠨ ᠳᠠᠯᠳᠠ ᠭᠡᠮ ᠢ ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠰᠢᠢᠳᠪᠦᠷᠢᠯᠡᠬᠦ | ᠬᠡᠷᠡᠭᠲᠡᠢ᠃ ᠪᠦᠬᠦ ᠬᠤᠲᠠ ᠶᠢᠨ ᠬᠡᠪᠴᠢᠶᠡᠨ ᠳᠤ ᠦᠶᠡᠷ ᠢ ᠰᠡᠷᠭᠡᠶᠢᠯᠡᠬᠦ ᠰᠣᠷᠢᠯᠲᠠ ᠶᠢ ᠨᠠᠷᠢᠨ ᠬᠢᠨᠠᠮᠠᠭᠠᠢ ᠵᠣᠬᠢᠶᠠᠨ | ᠪᠠᠶᠢᠭᠤᠯᠤᠨ ᠪᠣᠯᠪᠠᠰᠤᠷᠠᠵᠤ᠂ ᠺᠠᠳ᠋ᠷᠴᠤᠳ ᠪᠦᠬᠦᠨ ᠦᠶᠡᠷ ᠢ ᠰᠡᠷᠭᠡᠶᠢᠯᠡᠬᠦ ᠠᠳᠠᠯᠢ ᠪᠤᠰᠤ ᠲᠡᠰ ᠤᠨ ᠪᠠᠴᠢᠮ | ᠪᠠᠶᠢᠳᠠᠯ ᠢ ᠠᠷᠭᠠᠴᠠᠭᠠᠬᠤ ᠱᠠᠭᠠᠷᠳᠠᠯᠭ᠎ᠠ ᠶᠢ ᠰᠠᠶᠢᠨ ᠮᠡᠳᠡᠬᠦ ᠪᠠᠷ ᠪᠠᠷᠠᠬᠤ ᠦᠭᠡᠢ᠂ ᠣᠯᠠᠨ ᠲᠦᠮᠡᠨ ᠴᠦ ᠡᠳᠦᠢ | ᠲᠡᠳᠦᠢ ᠶᠢ ᠮᠡᠳᠡᠵᠦ᠂ ᠤᠷᠢᠳᠴᠢᠯᠠᠨ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠵᠦᠢᠯ ᠤᠨ | ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠲᠤᠰᠢᠶᠠᠯ ᠬᠠᠷᠢᠭᠤᠴᠠᠯᠭ᠎ᠠ | ᠪᠠ ᠡᠭᠦᠷᠭᠡ ᠶᠢ ᠲᠣᠳᠣᠷᠬᠠᠶᠢᠯᠠᠨ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠠᠷᠭ᠎ᠠ ᠬᠡᠮᠵᠢᠶᠡᠨ ᠳᠡᠭᠡᠷ᠎ᠡ | ᠵᠢᠭᠠᠬᠠᠨ ᠴᠦ ᠠᠯᠳᠠᠰᠢ ᠭᠠᠷᠭᠠᠵᠤ ᠪᠣᠯᠬᠤ ᠦᠭᠡᠢ᠃ ᠪᠠᠶᠢᠭᠠᠯᠢ ᠶᠢᠨ ᠵᠢᠮ᠎ᠡ ᠶᠣᠰᠣ ᠪᠠ ᠭᠤᠣᠯ ᠤᠨ ᠵᠠᠮ ᠤᠨ | ᠪᠠᠶᠢᠭᠠᠯᠢ ᠶᠢᠨ ᠠᠮᠢ ᠠᠬᠤᠢ ᠶᠢ ᠦᠨᠡᠨᠬᠦ ᠬᠦᠨᠳᠦᠳᠬᠡᠨ᠂ ᠪᠠᠴᠢᠮ ᠪᠠᠶᠢᠳᠠᠯ ᠢ ᠠᠷᠭᠠᠴᠠᠭᠠᠬᠤ ᠪᠠ ᠠᠯᠤᠰ ᠬᠡᠲᠦ ᠶᠢ | ᠤᠶᠠᠯᠳᠤᠭᠤᠯᠬᠤ ᠶᠢ ᠪᠠᠷᠢᠮᠲᠠᠯᠠᠵᠤ᠂ ᠦᠶᠡᠷ ᠤᠨ ᠭᠠᠮᠰᠢᠭ ᠢ ᠤᠰᠤᠨ ᠠᠰᠢᠭᠯᠠᠯᠲᠠ ᠪᠣᠯᠭᠠᠨ ᠬᠤᠪᠢᠷᠠᠭᠤᠯᠤᠨ᠂ | ᠠᠷᠠᠳ ᠣᠯᠠᠨ ᠲᠦᠮᠡᠨ ᠳᠤ ᠨᠡᠩ ᠢᠯᠡᠬᠦᠦ ᠪᠣᠶᠠᠨ ᠦᠢᠯᠡᠳᠬᠦ ᠭᠡᠷᠡᠭᠲᠡᠢ ᠭᠡᠵᠡᠢ᠃ | ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠦ᠋ ᠸᠧᠨ ᠮᠢᠩ᠂ ᠶᠦᠨ ᠰᠢᠨ ᠮᠢᠩ ᠵᠢᠴᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠬᠤ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |