ᠸᠠᠩ ᠯᠢ ᠰᠢᠶᠠ᠄ ᠤᠭ ᠰᠠᠨᠠᠭ᠎ᠠ ᠪᠠᠨ ᠪᠠᠲᠤ ᠰᠠᠬᠢᠵᠤ ᠬᠥᠮᠦᠨ ᠢᠶᠠᠷ ᠦᠨᠳᠦᠰᠦ ᠪᠣᠯᠭᠠᠵᠤ ᠨᠠᠷᠢᠨ ᠵᠦᠢᠯᠡᠰ ᠪᠦᠬᠦᠨ ᠳᠤ ᠠᠮᠢ ᠠᠬᠤᠢ ᠶᠢᠨ ᠲᠠᠯ᠎ᠠ ᠨᠤᠲᠤᠭ ᠤᠨ ᠣᠶᠢᠯᠠᠭᠠᠭᠳᠠᠬᠤᠨ ᠢ ᠢᠯᠡᠷᠡᠭᠦᠯᠬᠦ ᠬᠡᠷᠡᠭᠳᠡᠢ
ᠨᠡᠶᠢᠲᠡᠯᠡᠭᠰᠡᠨ ᠴᠠᠭ᠄
2020-07-14
ᠵᠠᠩ ᠪᠠᠢ ᠴᠧᠩ ᠬᠤᠷᠠᠯ ᠳᠤ ᠣᠷᠣᠯᠴᠠᠪᠠ       7 ᠳ᠋ᠤᠭᠠᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠮᠧᠩ ᠼᠤᠤ · ᠪᠠᠶ ᠼᠤᠤ ᠬᠦᠷᠢᠶᠡᠯᠡᠩ ᠳᠤ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠵᠢᠷᠤᠭ ᠲᠥᠯᠥᠪᠯᠡᠭᠡ ᠶᠢᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠸᠠᠩ ᠯᠢ ᠰᠢᠶᠠ ᠴᠢᠬᠤᠯᠠᠴᠢᠯᠠᠬᠤ ᠳᠠᠭᠠᠨ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠭ ᠰᠠᠨᠠᠭ᠎ᠠ ᠪᠠᠨ ᠪᠠᠲᠤ ᠰᠠᠬᠢᠵᠤ᠂ ᠣᠭ ᠰᠠᠨᠠᠭ᠎ᠠ ᠪᠠᠨ ᠥᠯᠥ ᠮᠠᠷᠲᠠᠵᠤ᠂ ᠬᠥᠮᠦᠨ ᠢᠶᠠᠷ ᠦᠨᠳᠦᠰᠦ ᠪᠣᠯᠭᠠᠵᠤ᠂ ᠠᠮᠢ ᠠᠬᠤᠢ ᠶᠢᠨ ᠲᠠᠯ᠎ᠠ ᠨᠤᠲᠤᠭ ᠤᠨ ᠲᠤᠬᠠᠶ ᠣᠶᠢᠯᠠᠭᠠᠯᠲᠠ ᠪᠠᠨ ᠤᠯᠠᠮ ᠴᠢᠨᠠᠬᠰᠢᠳᠠ ᠭᠦᠨᠵᠡᠭᠡᠶᠢᠷᠡᠭᠦᠯᠵᠦ᠂ ᠨᠠᠷᠢᠨ ᠨᠢᠮᠪᠠᠶ ᠵᠢᠷᠤᠭᠯᠠᠨ ᠲᠥᠯᠥᠪᠯᠡᠵᠦ᠂ ᠨᠠᠷᠢᠨ ᠨᠢᠮᠪᠠᠶ ᠡᠭᠦᠳᠦᠨ ᠪᠠᠶᠢᠭᠤᠯᠵᠤ᠂ ᠨᠠᠷᠢᠨ ᠵᠦᠢᠯᠡᠰ ᠪᠦᠬᠦᠨ ᠳᠤ ᠠᠮᠢ ᠠᠬᠤᠶ ᠶᠢᠨ ᠲᠠᠯ᠎ᠠ ᠨᠤᠲᠤᠭ ᠤᠨ ᠣᠶᠢᠯᠠᠭᠠᠭᠳᠠᠬᠤᠨ ᠢ ᠢᠯᠡᠷᠡᠭᠦᠯᠬᠦ ᠬᠡᠷᠡᠭᠳᠡᠢ ᠬᠡᠪᠡ᠃       ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠸᠠᠩ ᠯᠢ ᠰᠢᠶᠠ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠭᠤᠤᠯ ᠪᠠᠷᠢᠯᠭ᠎ᠠ ᠪᠠ ᠬᠤᠷᠠᠯ ᠦᠵᠡᠰᠬᠦᠯᠡᠩ ᠤᠨ ᠲᠥᠪ ᠤᠨ ᠪᠠᠭᠤᠳᠠᠯ᠂ ᠬᠤᠷᠠᠯ ᠤᠨ ᠲᠥᠪ ᠵᠡᠷᠭᠡ ᠢᠵᠢ ᠪᠥᠷᠢᠳᠦᠭᠰᠡᠨ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠲᠥᠰᠦᠯ ᠵᠢᠴᠢ ᠴᠡᠯᠡᠭᠡᠷ ᠲᠠᠯ᠎ᠠ ᠶᠢᠨ ᠡᠷᠬᠢᠨ ᠲᠣᠭᠤᠷᠢᠨ ᠤ ᠦᠢᠯᠡᠴᠢᠯᠡᠭᠡᠨ ᠤ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠪᠠ ᠴᠡᠯᠡᠭᠡᠷ ᠲᠠᠯ᠎ᠠ ᠠᠴᠠ ᠬᠤᠷᠠᠯ ᠦᠵᠡᠰᠬᠦᠯᠡᠩ ᠤᠨ ᠲᠥᠪ ᠬᠥᠷᠬᠦ ᠵᠠᠮ ᠤᠨ ᠬᠤᠶᠠᠷ ᠬᠠᠵᠠᠭᠤ ᠶᠢᠨ ᠴᠡᠴᠡᠷᠯᠢᠭ ᠤᠨ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠬᠦᠯᠦᠯᠳᠡ ᠶᠢ ᠰᠣᠨᠣᠰᠪᠠ᠃       ᠨᠠᠷᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠸᠠᠩ ᠯᠢ ᠰᠢᠶᠠ᠂ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠪᠣᠯ ᠳᠤᠮᠳᠠᠳᠤ ᠮᠣᠩᠭᠤᠯ ᠤᠨ ᠦᠵᠡᠰᠬᠦᠯᠡᠩ ᠢ  ᠦᠷᠬᠦᠯᠵᠢᠯᠡᠬᠦᠯᠬᠦ ᠡᠭᠦᠷᠢᠳᠡ ᠶᠢᠨ ᠴᠢᠨᠠᠷᠲᠠᠶ ᠬᠤᠷᠠᠯ ᠤᠨ ᠭᠠᠵᠠᠷ ᠮᠥᠨ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠴᠢᠬᠤᠯᠠ ᠲᠤᠯᠬᠤ ᠴᠡᠭ ᠮᠥᠨ᠃ ᠮᠥᠨ ᠴᠦ ᠬᠥᠬᠡᠬᠤᠲᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠦᠪᠡᠷᠮᠢᠴᠡ ᠴᠢᠨᠠᠷ ᠪᠠ ᠴᠢᠳᠠᠮᠵᠢ ᠬᠤᠷᠠᠬᠰᠠᠨ ᠬᠤᠲᠠ ᠶᠢᠨ ᠶᠡᠷᠦᠩᠬᠡᠶᠢᠯᠡᠭᠰᠡᠨ ᠴᠣᠭᠴᠠ ᠪᠣᠯᠤᠨ᠎ᠠ᠃ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠢ ᠰᠠᠶᠢᠲᠤᠷ ᠪᠠᠶᠢᠭᠤᠯᠬᠤ ᠨᠢ ᠠᠯᠤᠰ ᠬᠡᠳᠦ ᠶᠢᠨ ᠠᠴᠢ ᠬᠤᠯᠪᠣᠭᠳᠠᠯ ᠲᠠᠢ ᠪᠦᠭᠡᠳ ᠬᠠᠷᠢᠭᠤᠴᠠᠯᠭ᠎ᠠ ᠬᠦᠨᠳᠦ ᠪᠤᠯᠬᠤᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠥᠨᠳᠥᠷ ᠡᠬᠢᠯᠡᠯᠲᠡ ᠪᠠᠷ ᠲᠥᠯᠥᠪᠵᠢᠭᠦᠯᠵᠦ᠂ ᠥᠨᠳᠥᠷ ᠬᠢᠷᠢ ᠲᠦᠪᠰᠢᠨ ᠢᠶᠠᠷ ᠪᠦᠲᠦᠭᠡᠨ ᠪᠠᠶᠢᠭᠤᠯᠵᠤ᠂ ᠲᠡᠭᠦᠨ ᠢ ᠪᠡᠯᠭᠡ ᠲᠡᠮᠳᠡᠭ ᠤᠨ ᠴᠢᠨᠠᠷᠲᠠᠶ᠂ ᠴᠠᠭ ᠬᠤᠭᠤᠴᠠᠭᠠᠨ ᠤ ᠰᠢᠯᠭᠠᠯᠲᠠ ᠶᠢ ᠳᠠᠭᠠᠭᠠᠵᠤ  ᠲᠡᠶᠢᠯᠬᠦ ᠰᠣᠳᠣᠨ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠬᠡᠷᠡᠭᠳᠡᠢ ᠬᠡᠵᠦ ᠵᠢᠭᠠᠵᠤ ᠭᠠᠷᠭᠠᠪᠠ᠃       ᠸᠠᠩ ᠯᠢ ᠰᠢᠶᠠ᠂ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠪᠣᠯ ᠲᠠᠯ᠎ᠠ ᠨᠤᠲᠤᠭ ᠲᠤ ᠪᠠᠶᠢᠷᠢᠯᠠᠭᠰᠠᠨ ᠬᠤᠷᠠᠯ ᠦᠵᠡᠰᠬᠦᠯᠡᠩ ᠤᠨ ᠲᠥᠪ ᠪᠣᠯᠤᠨ᠎ᠠ᠃ ᠵᠢᠷᠤᠭ ᠲᠥᠯᠥᠪᠯᠡᠭᠡᠨ ᠤ ᠨᠢᠭᠡᠴᠡ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠤᠲᠠ ᠶᠢᠨ ᠵᠢᠷᠤᠭ ᠲᠥᠯᠥᠪᠯᠡᠭᠡ ᠶᠢᠨ ᠤᠶᠢᠯᠠᠭᠠᠬᠳᠠᠬᠤᠨ ᠢᠶᠠᠨ ᠬᠤᠪᠢᠷᠠᠭᠤᠯᠵᠤ᠂ ᠠᠮᠢ ᠠᠬᠤᠶ ᠲᠠᠯ᠎ᠠ ᠨᠤᠲᠤᠭ ᠤᠨ ᠤᠶᠢᠯᠠᠭᠠᠬᠳᠠᠬᠤᠨ ᠢ ᠲᠡᠭᠦᠨ ᠳᠤ ᠠᠭᠤᠰᠬᠠᠨ ᠤᠷᠤᠭᠤᠯᠬᠤ ᠬᠡᠷᠡᠭᠳᠡᠢ᠃ ᠵᠢᠷᠤᠭ ᠲᠥᠯᠥᠪᠯᠡᠭᠡ ᠶᠢᠨ ᠲᠥᠰᠦᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠠᠷᠢᠯᠢᠭᠵᠢᠭᠤᠯᠵᠤ ᠂ ᠰᠢᠯᠢᠳᠡᠭᠵᠢᠭᠦᠯᠵᠦ᠂ ᠲᠡᠭᠦᠯᠳᠡᠷᠵᠢᠭᠦᠯᠵᠦ᠂ ᠲᠡᠭᠦᠨ ᠢ ᠠᠮᠢ ᠠᠬᠤᠶ ᠲᠠᠯ᠎ᠠ ᠨᠤᠲᠤᠭ ᠤᠨ ᠣᠶᠢᠯᠠᠭᠠᠭᠳᠠᠬᠤᠨ ᠲᠠᠢ ᠨᠠᠩ ᠢᠯᠡᠭᠦᠤ ᠨᠡᠶᠢᠴᠡᠭᠦᠯᠵᠦ᠂ ᠳᠠᠯᠠᠨ ᠬᠠᠷ᠎ᠠ ᠠᠭᠤᠯᠠ ᠪᠠᠷ ᠬᠥᠰᠢᠭᠡ ᠪᠣᠯᠭᠠᠵᠤ᠂ ᠪᠠᠷᠢᠯᠭ᠎ᠠ ᠨᠢ ᠴᠡᠯᠡᠭᠡᠷ ᠲᠠᠯ᠎ᠠ᠂ ᠳᠠᠯᠠᠨ ᠬᠠᠷ᠎ᠠ ᠠᠭᠤᠯᠠ ᠲᠠᠢ ᠨᠢᠭᠡ ᠴᠣᠭᠴᠠ ᠪᠣᠯᠵᠤ᠂ ᠬᠠᠷᠢᠯᠴᠠᠨ ᠠᠪᠴᠠᠯᠳᠤᠵᠤ᠂ ᠵᠣᠴᠢᠳ ᠲᠤ ᠦᠷᠭᠡᠨ ᠠᠭᠤᠳᠠᠮ ᠦᠵᠡᠰᠬᠦᠯᠡᠩᠳᠦ ᠰᠠᠶᠢᠬᠠᠨ ᠴᠡᠯᠡᠭᠡᠷ ᠲᠠᠯ᠎ᠠ ᠶᠢᠨ ᠵᠠᠩ ᠦᠢᠯᠡ ᠶᠢ ᠬᠠᠷᠠᠭᠤᠯᠬᠤ ᠬᠡᠷᠡᠭᠳᠡᠢ᠃ ᠡᠭᠦᠨ ᠤ ᠬᠠᠮᠲᠤ᠂ ᠵᠢᠷᠤᠭ ᠲᠥᠯᠥᠪᠯᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠠᠭᠤᠴᠢᠨ ᠬᠤᠲᠠ ᠴᠡᠴᠡᠷᠯᠢᠭ ᠵᠡᠷᠭᠡ ᠶᠢᠨ ᠪᠦᠲᠦᠭᠡᠨ ᠪᠠᠶᠢᠭᠤᠯᠤᠯᠲᠠ ᠲᠠᠢ ᠨᠢᠭᠡᠳᠦᠯᠲᠡᠶ ᠲᠥᠯᠥᠪᠯᠠᠨ ᠠᠬᠢᠭᠤᠯᠵᠤ᠂ ᠡᠷᠭᠢᠨ ᠲᠣᠭᠤᠷᠢᠨ ᠤ ᠲᠣᠰᠬᠤᠨ ᠤ ᠦᠡᠭᠭᠡ ᠦᠵᠡᠮᠵᠢ ᠶᠢᠨ ᠵᠢᠷᠤᠭ ᠲᠥᠯᠥᠪᠯᠡᠭᠡ ᠶᠢ ᠰᠠᠶᠢᠳᠤᠷ ᠬᠢᠬᠦ ᠶᠢ ᠠᠩᠬᠠᠷᠴᠤ᠂ ᠬᠠᠷᠠᠭᠠᠨ ᠰᠡᠷᠡᠯ ᠤᠨ ᠭᠤᠶᠤ ᠰᠠᠶᠢᠬᠠᠨ ᠰᠡᠷᠡᠭᠳᠡᠯ ᠪᠠ ᠦᠡᠭᠭᠡ ᠦᠵᠡᠮᠵᠢ ᠶᠢᠨ ᠬᠡᠪ ᠨᠠᠮᠪᠠ ᠶᠢᠨ ᠵᠣᠬᠢᠴᠠᠯᠳᠤᠯ ᠢ ᠴᠢᠬᠤᠯᠠᠴᠢᠯᠠᠨ ᠴᠢᠩᠭᠠᠳᠬᠠᠬᠤ ᠬᠡᠷᠡᠭᠳᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠭᠠᠵᠠᠷ ᠣᠷᠣᠨ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠨᠢᠭᠡ ᠨᠢᠭᠡ ᠵᠦᠢᠯ ᠢᠶᠠᠷ ᠠᠵᠢᠬᠯᠠᠨ ᠬᠠᠷᠭᠤᠭᠤᠯᠵᠤ᠂ ᠠᠵᠢᠯ ᠢᠶᠠᠨ ᠬᠢᠵᠦ ᠲᠠᠭᠤᠰᠬᠠᠬᠤ ᠬᠤᠭᠤᠴᠠᠭ᠎ᠠ ᠪᠠᠨ ᠵᠢᠭᠰᠠᠭᠠᠵᠤ᠂ ᠡᠯ᠎ᠡ  ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠵᠢᠱᠢᠭᠰᠡᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠦ ᠴᠢᠬᠤᠯᠠᠴᠢᠯᠠᠵᠠᠢ᠃       ᠬᠤᠲᠠ ᠶᠢᠨ ᠤᠳᠤᠷᠢᠳᠤᠯᠭ᠎ᠠ ᠵᠠᠩ ᠪᠥᠸᠧ ᠴᠧᠩ᠂ ᠡᠤ ᠸᠧᠨ ᠮᠢᠩ᠂ ᠶᠦᠨ ᠰᠢᠨ ᠮᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠬᠰᠠᠨ ᠪᠠᠶᠢᠨ᠎ᠠ᠃ ︵ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠶᠦᠨ ᠵᠢᠩ︶
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号