ᠮᠠᠨ ᠤ ᠬᠤᠲᠠ ᠶᠢᠨ 3 ᠲᠣᠰᠬᠤᠨ ᠬᠤᠶᠠᠳᠤᠭᠠᠷ ᠪᠦᠯᠦᠭ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠤ ᠨᠡᠷᠡᠰ ᠲᠤ ᠲᠤᠳᠤᠷᠠᠯ᠎ᠠ
ᠨᠡᠶᠢᠲᠡᠯᠡᠭᠰᠡᠨ ᠴᠠᠭ᠄
2020-07-14
       ︵ᠰᠤᠷᠪᠤᠯᠵᠢᠯᠠᠭᠴᠢ ᠰᠢᠦᠢ ᠲᠢᠩ︶ ᠥᠴᠥᠭᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽︿ᠠᠷᠪᠠᠨ ᠭᠤᠷᠪᠠᠳᠤᠭᠠᠷ ᠲᠠᠪᠤᠨ ᠵᠢᠯ﹀ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︽ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ᠳᠤ ᠳᠤᠷᠠᠳᠤᠭᠰᠠᠨ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠤ ᠨᠡᠷᠡᠰ ᠤᠨ ᠵᠢᠭᠰᠠᠭᠠᠯᠲᠠ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ᠬᠤᠶᠠᠳᠤᠭᠠᠷ ᠪᠦᠯᠦᠭ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢ ᠰᠣᠩᠭᠤᠬᠤ ᠠᠵᠢᠯ ᠢ ᠥᠷᠨᠢᠭᠦᠯᠵᠦ᠂ ᠬᠤᠶᠠᠳᠤᠭᠠᠷ ᠪᠦᠯᠦᠭ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ  ᠲᠠᠢ ᠲᠣᠰᠬᠤᠨ ᠤ ᠨᠡᠷᠡᠰ ᠢ ᠲᠣᠭᠲᠠᠭᠠᠵᠤ ᠵᠠᠷᠯᠠᠪᠠ᠃ ᠡᠬᠦᠨ ᠳᠤ ᠥᠪᠥᠷ ᠮᠣᠩᠭᠤᠯ ᠤᠨ 15 ᠲᠣᠰᠬᠤᠨ  ᠰᠤᠩᠭᠤᠭᠳᠠᠵᠤ  ᠂ ᠮᠠᠨ ᠤ ᠬᠤᠲᠠ ᠠᠴᠠ 3 ᠲᠣᠰᠬᠤᠨ ᠨᠡᠷᠡᠰ ᠲᠤ ᠵᠢᠭᠰᠠᠭᠠᠭᠳᠠᠪᠠ᠃      ᠮᠠᠨ ᠤ ᠬᠤᠲᠠ ᠠᠴᠠ ᠰᠣᠩᠭᠤᠭᠳᠠᠭᠰᠠᠨ 3 ᠲᠣᠰᠬᠤᠨ ᠨᠢ ᠲᠤᠰᠪᠦᠷᠢ᠄ ᠬᠥᠬᠡᠬᠤᠲᠠ ᠶᠢᠨ ᠬᠤᠳᠤᠩ ᠠᠷᠠᠳ ᠤᠨ ᠲᠣᠭᠤᠷᠢᠭ ᠤᠨ ᠶᠦᠮ ᠤᠨ ᠪᠠᠶᠢᠰᠢᠩ ᠪᠠᠯᠭᠠᠰᠤ ᠶᠢᠨ ᠵᠡᠭᠦᠨ ᠤᠰᠤᠲᠤ ᠲᠣᠰᠬᠤᠨ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠸᠠᠬᠤᠰᠢᠭᠤ ᠪᠠᠯᠭᠠᠰᠤ ᠶᠢᠨ ᠴᠢᠯᠠᠭᠤᠨ ᠬᠥᠮᠥᠨ ᠤ ᠲᠣᠬᠤᠢ ᠲᠣᠰᠬᠤᠨ᠂ ᠬᠥᠬᠡᠬᠤᠲᠠ ᠶᠢᠨ ᠲᠣᠭᠲᠠᠬᠤ ᠰᠢᠶᠠᠨ ᠤ ᠭᠤᠣᠯ ᠤᠨ ᠠᠮᠠ ᠶᠢᠨ ᠬᠠᠮᠢᠶᠠᠷᠤᠯᠲᠠ ᠶᠢᠨ ᠵᠥᠪᠯᠡᠯ ᠤᠨ ᠬᠤᠤ ᠵᠢᠶᠠ ᠶᠢᠩ ᠶᠤᠤ ᠲᠣᠰᠬᠤᠨ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号