ᠵᠢᠮᠢᠰ ᠨᠤᠭᠤᠭ᠎ᠠ ᠳᠠᠬᠢ ᠲᠠᠷᠢᠶᠠᠨ ᠡᠮ ᠤᠨ ᠦᠯᠡᠳᠡᠭᠳᠡᠯ ᠢ ᠶᠠᠭᠠᠬᠢᠪᠡᠯ ᠰᠠᠶ᠋ᠢ ᠪᠦᠲᠦᠮᠵᠢᠲᠡᠢ ᠠᠷᠢᠯᠭᠠᠵᠣ ᠴᠢᠳᠠᠬᠤ ᠪᠣᠢ︖
ᠨᠡᠶᠢᠲᠡᠯᠡᠭᠰᠡᠨ ᠴᠠᠭ᠄
2020-07-14
        ᠲᠠᠷᠢᠶᠠᠨ ᠡᠮ᠂ ᠬᠤᠷᠮᠣᠨ᠂ ᠠᠭᠠᠷ ᠤᠨ ᠪᠤᠵᠠᠷᠳᠤᠯ᠂ ᠣᠷᠴᠢᠨ ᠲᠣᠭᠤᠷᠢᠨ ᠵᠡᠷᠭᠡ ᠨᠥᠯᠥᠭᠡ ᠠᠴᠠ ᠢᠳᠡᠭᠡᠨ ᠤᠮᠳᠠᠭᠠᠨ ᠤ ᠡᠷᠡᠭᠦᠯ ᠢ ᠰᠦᠷᠳᠡᠭᠦᠯᠬᠦ ᠡᠯᠧᠮᠧᠨ᠋ᠲ  ᠤᠯᠠᠮ ᠠᠴᠠ ᠤᠯᠠᠮ ᠣᠯᠠᠰᠢᠷᠠᠵᠤ ᠪᠠᠶᠢᠨ᠎ᠠ᠂ ᠲᠠᠷᠢᠶᠠᠨ ᠡᠮ ᠤᠨ ᠦᠯᠡᠳᠡᠭᠳᠡᠯ ᠤᠨ ᠪᠡᠶ᠎ᠡ ᠮᠠᠬᠠᠪᠣᠳ ᠲᠤ ᠦᠵᠡᠭᠦᠯᠬᠦ ᠨᠥᠯᠥᠭᠡ ᠶᠢ ᠬᠡᠷᠬᠢᠨ ᠬᠠᠮᠤᠭ ᠤᠨ ᠳᠣᠣᠷ᠎ᠠ  ᠬᠡᠮᠵᠢᠶᠡᠨ ᠳᠤ  ᠬᠦᠷᠲᠡᠯ᠎ᠡ ᠪᠠᠭᠤᠷᠠᠭᠤᠯᠬᠤ ᠨᠢ ᠬᠥᠮᠦᠰ ᠤᠨ ᠠᠩᠬᠠᠷᠤᠯ ᠤᠨ ᠲᠥᠪ ᠪᠣᠯᠤᠭᠰᠠᠨ ᠪᠠᠶᠢᠨ᠎ᠠ᠃ ᠲᠡᠭᠡᠪᠡᠯ ᠵᠢᠮᠢᠰ ᠨᠤᠭᠤᠭ᠎ᠠ ᠳᠠᠬᠢ ᠲᠠᠷᠢᠶᠠᠨ ᠡᠮ ᠤᠨ ᠦᠯᠡᠳᠡᠭᠳᠡᠯ ᠢ ᠶᠠᠭᠠᠬᠢᠪᠡᠯ ᠰᠠᠶ᠋ᠢ ᠪᠦᠲᠦᠮᠵᠢᠲᠡᠶ ᠠᠷᠢᠯᠭᠠᠵᠤ ᠴᠢᠳᠠᠬᠤ ᠪᠤᠢ︖              ᠨᠢᠭᠡ᠂ ︽ᠬᠠᠯᠢᠰᠤᠯᠠᠬᠤ︾ ᠠᠷᠭ᠎ᠠ      ᠠᠯᠮᠤᠷᠠᠳ᠂ ᠠᠯᠢᠮ᠎ᠠ᠂ ᠲᠥᠮᠥᠰᠥ  ᠵᠡᠷᠭᠡ  ᠬᠠᠯᠢᠰᠤᠯᠠᠵᠦ  ᠪᠣᠯᠳᠠᠭ ᠵᠢᠮᠢᠰ ᠨᠣᠭᠤᠭ᠎ᠠ ᠳᠤ ᠠᠪᠴᠤ ᠬᠡᠯᠡᠪᠡᠯ᠂ ᠬᠠᠯᠢᠰᠤᠯᠠᠬᠤ ᠪᠣᠯ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠨᠡᠯᠢᠶᠡᠳ ᠰᠠᠶᠢᠨ ᠠᠷᠭ᠎ᠠ ᠪᠣᠯᠤᠨ᠎ᠠ᠃ ᠬᠠᠯᠢᠰᠤᠯᠠᠭᠰᠠᠨ ᠵᠢᠮᠢᠰ ᠨᠣᠭᠤᠭ᠎ᠠ ᠶᠢ ᠬᠠᠯᠢᠰᠤᠯᠠᠭᠠᠳᠤᠢ ᠵᠢᠮᠢᠰ ᠨᠣᠭᠤᠭ᠎ᠠ ᠲᠠᠢ ᠰᠠᠯᠭᠠᠨ ᠲᠠᠯᠪᠢᠵᠤ᠂ ᠳᠠᠬᠢᠨ ᠪᠤᠵᠠᠷᠲᠤᠬᠤ ᠠᠴᠠ ᠵᠠᠶᠢᠯᠠᠰᠬᠢᠬᠦ ᠬᠡᠷᠡᠭᠲᠡᠢ᠃      ᠬᠤᠶᠠᠷ᠂ ︽ᠳᠡᠪᠲᠦᠭᠡᠬᠦ︾ ᠠᠷᠭ᠎ᠠ              ᠬᠠᠯᠢᠰᠤᠯᠠᠵᠦ ᠪᠤᠯᠬᠤ ᠦᠭᠡᠢ ᠵᠢᠮᠢᠰ ᠨᠣᠭᠤᠭ᠎ᠠ ᠶᠢ ᠴᠡᠪᠡᠷ ᠤᠰᠤ ᠪᠠᠷ ᠤᠬᠢᠶᠠᠭᠰᠠᠨ ᠤ ᠳᠠᠷᠠᠭ᠎ᠠ ᠂ ᠲᠠᠪᠤᠰᠣ  ᠲᠠᠢ ᠤᠰᠤ᠂ ᠱᠦᠯᠲᠦᠲᠦ ᠤᠰᠤ ᠪᠤᠶᠤ ᠪᠣᠳᠠᠭ᠎ᠠ ᠣᠬᠢᠶᠠᠭᠰᠠᠨ ᠤᠰᠤ ᠵᠡᠷᠭᠡ ᠪᠠᠷ ᠳᠡᠪᠲᠦᠭᠡᠨ᠎ᠡ᠃ ᠣᠷᠭᠠᠨᠢᠭ ᠹᠣᠰᠹᠣᠷᠲᠤ ᠬᠤᠷᠣᠬᠠᠶ ᠠᠯᠠᠬᠤ ᠡᠳ᠋ ᠨᠢ ᠱᠦᠯᠲᠦᠯᠢᠭ ᠣᠷᠴᠢᠨ ᠲᠣᠭᠤᠷᠢᠨ ᠳᠤ ᠮᠠᠰᠢ ᠲᠦᠷᠭᠡᠨ ᠵᠠᠳᠠᠷᠠᠳᠠᠭ ᠪᠣᠯᠬᠤᠷ ᠱᠦᠯᠲᠦᠯᠢᠭ ᠤᠰᠤ ᠪᠠᠷ ᠵᠢᠮᠢᠰ ᠨᠣᠭᠤᠭ᠎ᠠ ᠶᠢ ᠳᠡᠪᠲᠦᠭᠡᠬᠦ ᠪᠣᠯ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠪᠦᠲᠦᠮᠵᠢᠲᠡᠶ ᠠᠷᠭ᠎ᠠ ᠶᠢᠨ ᠨᠢᠭᠡ ᠪᠣᠯᠤᠨ᠎ᠠ᠃ ᠡᠭᠦᠨ ᠠᠴᠠ ᠭᠠᠳᠠᠨ᠎ᠠ᠂ ᠳᠠᠪᠤᠰᠤ ᠲᠠᠢ ᠤᠰᠤ᠂ ᠪᠣᠳᠠᠭᠠᠨ ᠤ ᠤᠰᠤ ᠵᠡᠷᠭᠡ ᠪᠠᠷ ᠳᠡᠪᠲᠦᠭᠡᠭᠰᠡᠨ ᠵᠢᠮᠢᠰ ᠨᠣᠭᠤᠭ᠎ᠠ ᠨᠢ ᠪᠠᠰᠠ‌‍ᠲ᠋ᠠᠷᠢᠶᠠᠨ ᠡᠮ ᠤᠨ ᠦᠯᠡᠳᠡᠭᠳᠡᠯ ᠢ ᠠᠷᠢᠯᠭᠠᠵᠤ ᠳᠡᠶᠢᠯᠦᠨ᠎ᠡ᠃        ᠭᠤᠷᠪᠠ᠂ ︽ᠠᠭᠤᠷᠰᠢᠭᠤᠯᠬᠤ︾ ᠠᠷᠭ᠎ᠠ        ᠰᠢᠪᠳᠣᠷᠳᠣ ᠮᠧᠲ᠋ᠢᠯ ᠬᠦᠴᠢᠯ ᠤᠨ ᠲᠥᠷᠥᠯ ᠤᠨ ᠬᠤᠷᠤᠬᠠᠢ ᠠᠯᠠᠬᠤ ᠡᠳ᠋ ᠢ ᠬᠠᠯᠠᠭᠠᠬᠤ ᠠᠷᠭ᠎ᠠ ᠪᠠᠷ ᠲᠠᠷᠢᠶᠠᠨ ᠡᠮ ᠤᠨ ᠦᠯᠡᠳᠡᠭᠳᠡᠯ ᠢ ᠠᠷᠢᠯᠭᠠᠵᠤ ᠪᠣᠯᠤᠨ᠎ᠠ᠃ ᠬᠠᠯᠠᠭᠤᠨ ᠤ ᠬᠡᠮᠵᠢᠶ᠎ᠡ ᠶᠢᠨ ᠳᠡᠭᠡᠭᠰᠢᠯᠡᠬᠦ ᠶᠢ ᠳᠠᠭᠠᠯᠳᠤᠨ ᠲᠠᠷᠢᠶᠠᠨ ᠡᠮ ᠤᠨ ᠦᠯᠡᠳᠡᠭᠳᠡᠯ ᠲᠦᠷᠭᠡᠨ ᠵᠠᠳᠠᠷᠠᠨ᠎ᠠ᠃ ᠥᠷᠭᠡᠰᠦᠲᠦ ᠨᠣᠭᠤᠭ᠎ᠠ᠂ ᠴᠤᠭᠤᠷ ᠨᠣᠭᠤᠭ᠎ᠠ ᠵᠡᠷᠭᠡ ᠰᠢᠢᠳᠪᠦᠷᠢᠯᠡᠬᠦ ᠳᠤ  ᠬᠦᠴᠢᠷ ᠵᠢᠮᠢᠰ ᠨᠣᠭᠤᠭ᠎ᠠ ᠶᠢ ᠴᠡᠪᠡᠷ ᠤᠰᠤ ᠪᠠᠷ ᠤᠬᠢᠶᠠᠭᠰᠠᠨ ᠤ ᠳᠠᠷᠠᠭ᠎ᠠ ᠪᠤᠴᠠᠯᠤᠭᠰᠠᠨ ᠤᠰᠤᠨ ᠳᠤ 2 ~5 ᠮᠢᠨᠦ᠋ᠲ ᠰᠢᠯᠵᠠᠯᠵᠦ᠂ ᠱᠦᠭᠦᠵᠦ ᠭᠠᠷᠭᠠᠭᠰᠠᠨ ᠤ ᠳᠠᠷᠠᠭ᠎ᠠ ᠴᠡᠪᠡᠷ ᠤᠰᠤ ᠪᠠᠷ 1 ~ 2 ᠤᠳᠠᠭ᠎ᠠ ᠤᠬᠢᠶᠠᠪᠠᠯ ᠪᠣᠯᠴᠢᠬᠠᠨ᠎ᠠ᠃        ᠡᠭᠦᠨ ᠠᠴᠠ ᠭᠠᠳᠠᠨ᠎ᠠ᠂ ᠣᠳᠣᠬᠠᠨ ᠳᠤ ᠵᠠᠬ᠎ᠠ ᠳᠡᠯᠭᠡᠭᠦᠷ ᠳᠡᠭᠡᠷ᠎ᠡ ᠮᠠᠰᠢ ᠣᠯᠠᠨ ᠬᠡᠲᠦ ᠳᠠᠭᠤᠨ ᠳᠣᠯᠭᠢᠶᠠᠨ ᠢᠶᠠᠷ ᠵᠢᠮᠢᠰ ᠨᠣᠭᠤᠭ᠎ᠠ ᠠᠷᠢᠯᠭᠠᠬᠤ ᠮᠠᠰᠢᠨ ᠭᠠᠷᠴᠣ ᠪᠠᠶᠢᠨ᠎ᠠ᠂ ᠲᠡᠭᠦᠨ ᠤ ᠭᠤᠤᠯ ᠦᠨᠳᠦᠰᠦᠯᠡᠯ ᠨᠢ ᠣᠽᠣᠨ ᠪᠠ ᠬᠡᠲᠦ ᠳᠠᠭᠤᠨ‌‍ᠲ᠋ᠣᠯᠭᠢᠶᠠᠨ ᠢ ᠤᠶᠠᠯᠳᠤᠭᠤᠯᠬᠤ ᠶᠠᠪᠤᠳᠠᠯ ᠪᠣᠯᠤᠨ᠎ᠠ᠃ ᠭᠡᠳᠦ ᠲᠡᠭᠤᠠ ᠳᠣᠯᠭᠢᠶᠠᠨ ᠤ  ᠣᠬᠢᠶᠠᠯᠭ᠎ᠠ ᠶᠢᠨ ᠰᠢᠩᠭᠡᠨ ᠪᠡᠶᠡᠲᠦ ᠳᠣᠲᠣᠷ᠎ᠠ ᠳᠠᠮᠵᠢᠭᠤᠯᠬᠤ ᠦᠶ᠎ᠡ ᠶᠢᠨ ᠹᠢᠽᠢᠺ ᠤᠨ ᠣᠶᠢᠯᠡᠳᠣᠯ ᠳᠤ ᠰᠠᠭᠤᠷᠢᠯᠠᠵᠣ ᠂ ᠰᠢᠨ᠎ᠡ ᠰᠣᠷᠭᠤᠭ ᠢ ᠬᠠᠳᠠᠭᠠᠯᠠᠬᠤ ᠪᠠ ᠲᠠᠷᠢᠶᠠᠨ ᠡᠮ ᠤᠨ ᠦᠯᠡᠳᠡᠭᠳᠡᠯ ᠢ ᠴᠡᠪᠡᠷᠰᠢᠭᠦᠯᠬᠦ ᠦᠷ᠎ᠡ ᠪᠦᠲᠦᠮᠵᠢ ᠳᠤ ᠬᠦᠷᠳᠡᠭ᠃        ᠲᠠᠷᠢᠶᠠᠨ ᠡᠮ ᠲᠠᠢ ᠢᠳᠡᠭᠡᠨ ᠢ ᠦᠷᠭᠦᠯᠵᠢ ᠢᠳᠡᠪᠡᠯ ᠳᠤᠷ᠎ᠠ ᠪᠤᠯᠭᠢᠵᠤ ᠪᠥᠭᠡᠯᠵᠢᠬᠦ᠂ ᠰᠠᠭᠤᠯᠭᠠᠬᠤ᠂ ᠬᠠᠪᠣᠳᠬᠤ᠂ ᠲᠠᠲᠠᠪᠠᠯᠵᠠᠬᠤ᠂ ᠮᠠᠨᠠᠷᠠᠬᠤ ᠵᠡᠷᠭᠡ ᠡᠪᠡᠳᠴᠢᠨ ᠤ ᠢᠯᠡᠷᠡᠯ ᠢ ᠡᠭᠦᠰᠭᠡᠵᠦ ᠮᠡᠳᠡᠨ᠎ᠡ᠃ ᠡᠪᠡᠳᠴᠢᠨ ᠨᠢ ᠬᠦᠳᠣᠷᠡᠪᠡᠯ ᠬᠤᠳᠣᠭᠤᠳᠤ ᠠᠴᠠ ᠴᠢᠰᠤ ᠭᠠᠷᠬᠤ ᠵᠡᠷᠭᠡ ᠪᠠᠶᠢᠳᠠᠯ ᠭᠠᠷᠴᠤ ᠮᠡᠳᠡᠨ᠎ᠡ᠃ ᠡᠶᠢᠮᠦ ᠠᠴᠠ ᠶᠠᠮᠠᠷ ᠠᠷᠭ᠎ᠠ ᠶᠢ  ᠬᠡᠷᠡᠭᠯᠡᠭᠰᠡᠨ ᠴᠦ  ᠪᠤᠯᠤᠭ ᠵᠢᠮᠢᠰ ᠨᠣᠭᠤᠭ᠎ᠠ ᠶᠢ ᠡᠷᠬᠡᠪᠰᠢ ᠤᠬᠢᠶᠠᠵᠤ ᠴᠡᠪᠡᠷᠯᠡᠭᠰᠡᠨ ᠤ ᠳᠠᠷᠠᠭ᠎ᠠ ᠰᠠᠶ᠋ᠢ ᠢᠳᠡᠬᠦ ᠬᠡᠷᠡᠭᠲᠡᠢ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号