2020 ᠣᠨ ᠤ 7 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠴᠢ ᠳ᠋ᠦᠩ ᠴᠢᠩᠭᠢᠰ ᠬᠠᠭᠠᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠲᠤ ᠭᠦᠨᠵᠡᠭᠡᠶᠢᠷᠡᠨ᠂ ᠬᠡᠰᠡᠭ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ | ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠪᠠ᠃ | | | | | ᠭᠤᠤ ᠴᠢ ᠳ᠋ᠦᠩ ᠡᠷᠬᠢᠯᠡᠭᠴᠢ ᠤᠷᠢᠳ ᠬᠤᠵᠢᠳ ᠤᠯᠠᠭᠠᠨᠴᠠᠪ᠂ ᠳ᠋ᠠᠶ ᠵᠧᠤ ᠠᠶᠢᠯ ᠲᠣᠰᠬᠤᠨ ᠤ ᠴᠡᠪᠡᠷ | ᠡᠨᠧᠷᠭᠢ ᠶᠢᠨ ᠰᠣᠯᠢᠭᠳᠠᠯ᠂ ᠵᠣᠷᠯᠣᠩ ᠥᠭᠡᠷᠡᠴᠢᠯᠡᠬᠦ ᠵᠡᠷᠭᠡ ᠭᠤᠤᠯᠳᠠᠯᠭ᠎ᠠ ᠲᠠᠢ ᠠᠵᠢᠯ ᠢ ᠲᠤᠬᠠᠶ ᠶᠢᠨ | ᠲᠠᠯᠠᠪᠠᠶ ᠳᠤ ᠪᠠᠶᠢᠴᠠᠭᠠᠨ ᠦᠵᠡᠵᠦ᠂ ᠵᠡᠭᠡᠯᠢ ᠭᠤᠳᠤᠮᠵᠢ ᠶᠢᠨ ᠭᠤᠤᠯ ᠤᠳᠤᠷᠢᠳᠤᠯᠭ᠎ᠠ ᠪᠣᠯᠤᠨ ᠤᠯᠠᠭᠠᠨᠴᠠᠪ᠂ ᠳ᠋ᠠᠶ | ᠵᠧᠤ ᠠᠶᠢᠯ ᠲᠣᠰᠬᠤᠨ ᠤ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃ ᠬᠤᠶᠠᠷ | ᠵᠣᠶᠢᠯ ᠤᠨ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠳᠤ ᠴᠢᠭᠯᠡᠭᠦᠯᠦᠨ᠂ ᠭᠤᠤ ᠴᠢ ᠳ᠋ᠦᠩ | ᠡᠷᠬᠢᠯᠡᠭᠴᠢ ᠴᠢᠬᠤᠯᠠᠴᠢᠯᠠᠭᠰᠠᠨ ᠨᠢ᠄ ᠨᠢᠭᠡ ᠳᠤ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠵᠦ᠂ ᠭᠠᠵᠠᠷ | ᠣᠷᠣᠨ ᠤ ᠪᠠᠶᠢᠳᠠᠯ ᠳᠤᠨᠢ ᠳᠣᠭᠢᠷᠠᠭᠤᠯᠬᠤ ᠬᠡᠷᠡᠭᠲᠡᠶ᠃ ᠤᠨᠴᠠᠭᠠᠶᠢᠯᠠᠨ ᠵᠣᠷᠯᠣᠩ ᠢ ᠥᠭᠡᠷᠡᠴᠢᠯᠡᠬᠦ ᠳᠡᠭᠡᠨ ᠵᠠᠪᠠᠯ | ᠵᠡᠭᠡᠯᠢ ᠭᠤᠳᠤᠮᠵᠢ᠂ ᠣᠷᠣᠨ ᠪᠦᠰᠡ ᠨᠢᠭᠡᠪᠦᠷᠢ ᠶᠢᠨ ᠠᠳᠠᠯᠢ ᠪᠤᠰᠤ ᠪᠠᠶᠢᠳᠠᠯ ᠳᠤ ᠴᠢᠭᠯᠡᠭᠦᠯᠦᠨ᠂ ᠵᠡᠭᠡᠯᠢ ᠭᠤᠳᠤᠮᠵᠢ | ᠪᠠ ᠬᠤᠯᠪᠣᠭᠳᠠᠯ ᠪᠦᠬᠦᠢ ᠭᠠᠴᠠᠭᠠᠨ ᠤ ᠠᠷᠠᠳ ᠤᠨ ᠵᠥᠪᠯᠡᠯ ᠦᠨᠡᠨᠬᠦ ᠬᠡᠷᠡᠭᠵᠢᠭᠦᠯᠵᠦ ᠪᠣᠯᠬᠤ ᠦᠭᠡᠷᠡᠴᠢᠯᠡᠯᠲᠡ ᠶᠢᠨ | ᠵᠠᠭᠪᠤᠷ ᠪᠠ ᠪᠠᠷᠢᠯᠭ᠎ᠠ ᠶᠢᠨ ᠲᠥᠰᠦᠯ ᠲᠣᠭᠲᠠᠭᠠᠵᠤ᠂ ᠡᠭᠦᠷᠭᠡ ᠪᠠᠨ ᠪᠡᠶᠡᠯᠡᠭᠦᠯᠬᠦ ᠮᠥᠷᠲᠡᠭᠡᠨ ᠬᠡᠷᠡᠭᠯᠡᠬᠦ ᠳᠤ ᠲᠥᠬᠦᠮ | ᠪᠠᠶᠢᠬᠤ ᠬᠡᠷᠡᠭᠲᠡᠶ︔ ᠬᠤᠶᠠᠷ ᠲᠤ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠯᠤᠰ ᠬᠤᠯᠠ ᠶᠢ ᠪᠣᠳᠣᠯᠬᠢᠯᠠᠬᠤ | ᠬᠡᠷᠡᠭᠲᠡᠶ᠃ ᠢᠨᠵᠧᠨᠧᠷᠢᠩ ᠢ ᠶᠠᠪᠤᠭᠳᠠᠭᠤᠯᠬᠤ ᠶᠠᠪᠤᠴᠠ ᠳᠤ ᠬᠤᠶᠢᠰᠢᠲᠠ ᠶᠢᠨ ᠬᠠᠮᠢᠶᠠᠷᠤᠯᠲᠠ ᠪᠠ ᠬᠠᠮᠠᠭᠠᠯᠠᠯᠲᠠ ᠳᠤ | ᠳᠥᠭᠦᠮ ᠦᠵᠡᠭᠦᠯᠬᠦ ᠶᠢ ᠪᠤᠳᠤᠯᠬᠢᠯᠠᠬᠤ ᠬᠡᠷᠡᠭᠲᠡᠶ᠂ ᠠᠪᠤᠨ ᠳᠣᠤᠷ᠎ᠠ ᠪᠠᠨ ᠠᠰᠢᠭ ᠤᠯᠬᠤ ᠪᠠᠷ ᠶᠠᠭᠠᠷᠠᠵᠤ ᠪᠣᠯᠬᠤ | ᠤᠢᠭᠡᠢ᠂ ᠲᠦᠷᠢ ᠲᠥᠷᠬᠦ ᠶᠢᠨ ᠢᠨᠵᠧᠨᠧᠷᠢᠩ ᠢ ᠬᠢᠵᠦ ᠪᠣᠯᠬᠤ ᠤᠢᠭᠡᠢ︔ ᠭᠤᠷᠪᠠ ᠳᠤ ᠠᠷᠠᠳ ᠤᠨ ᠰᠠᠨᠠᠭ᠎ᠠ ᠶᠢ | ᠰᠣᠨᠣᠰᠴᠤ᠂ ᠦᠢᠯᠡᠴᠢᠯᠡᠭᠡ ᠪᠠᠨ ᠪᠣᠳᠠᠲᠠᠶᠢᠵᠢᠭᠤᠯᠬᠤ ᠬᠡᠷᠡᠭᠲᠡᠶ᠃ ᠬᠤᠶᠠᠷ ᠲᠥᠷᠥᠯ ᠤᠨ ᠢᠨᠵᠧᠨᠧᠷᠢᠩ ᠪᠣᠯ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠤᠯᠤᠨ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠬᠢᠭᠤᠯᠤᠭᠰᠠᠨ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠪᠣᠯᠤᠨ᠎ᠠ᠃ ᠡᠨᠡᠬᠦ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠬᠢᠨ ᠤᠷᠤᠭᠰᠢᠲᠠᠶ | ᠶᠠᠪᠤᠭᠳᠠᠭᠤᠯᠬᠤ᠂ ᠲᠡᠭᠦᠰ ᠠᠮᠵᠢᠯᠲᠠ ᠲᠠᠢ ᠪᠡᠶᠡᠯᠡᠭᠦᠯᠵᠦ᠂ ᠣᠯᠠᠨ ᠲᠦᠮᠡᠨ ᠢ ᠰᠡᠳᠬᠢᠯ ᠬᠠᠨᠤᠮᠵᠢᠲᠠᠶ ᠪᠣᠯᠭᠠᠬᠤ ᠳᠤ | ᠵᠡᠭᠡᠯᠢ ᠭᠤᠳᠤᠮᠵᠢ ᠪᠣᠯᠤᠨ ᠬᠤᠯᠪᠤᠭᠳᠠᠯ ᠪᠦᠬᠦᠢ ᠲᠣᠰᠬᠤᠨ ᠤ ᠠᠷᠠᠳ ᠤᠨ ᠵᠥᠪᠯᠡᠯ ᠠᠷᠠᠳ ᠲᠦᠮᠡᠨ ᠢ ᠳᠡᠭᠡᠳᠦᠯᠡᠬᠦ | ᠠᠵᠢᠯ ᠤᠨ ᠣᠶᠢᠯᠠᠭᠠᠭᠳᠠᠬᠤᠨ ᠢ ᠦᠨᠡᠨᠬᠦ ᠨᠠᠶᠢᠲᠠᠪᠤᠷᠢᠵᠢᠭᠤᠯᠬᠤ ᠴᠢᠬᠤᠯᠠᠲᠠᠶ᠂ ᠡᠮᠦᠨᠡᠬᠢ ᠬᠤᠭᠤᠴᠠᠭᠠᠨ ᠤ ᠵᠢᠷᠤᠭ | ᠲᠥᠯᠥᠪᠯᠡᠭᠡ᠂ ᠥᠭᠡᠷᠡᠴᠢᠯᠡᠯᠲᠡ ᠶᠢᠨ ᠬᠡᠪ ᠵᠠᠭᠪᠤᠷ᠂ ᠪᠠᠷᠢᠯᠭ᠎ᠠ ᠪᠠᠷᠢᠬᠤ ᠠᠷᠭ᠎ᠠ ᠮᠠᠶ᠋ᠢᠭ᠂ ᠪᠠᠷᠢᠯᠭ᠎ᠠ ᠪᠠᠷᠢᠬᠤ | ᠲᠣᠬᠢᠷᠠᠭᠤᠯᠤᠯᠲᠠ ᠵᠡᠷᠭᠡ ᠭᠤᠭᠴᠤᠭ᠎ᠠ ᠨᠢᠭᠡᠪᠦᠷᠢ ᠳᠤ ᠶᠡᠭᠡ ᠬᠡᠮᠵᠢᠶᠡᠨ ᠤ ᠤᠬᠠᠭᠤᠯᠤᠨ ᠳᠠᠶᠢᠴᠢᠯᠠᠬᠤ ᠠᠵᠢᠯ ᠬᠢᠵᠦ᠂ | ᠤᠨᠴᠠᠭᠠᠶᠢᠯᠠᠨ ᠠᠷᠠᠳ ᠤᠨ ᠰᠠᠨᠠᠭ᠎ᠠ ᠶᠢ ᠭᠦᠢᠴᠡᠳ ᠰᠣᠨᠣᠰᠬᠤ ᠪᠠ ᠬᠦᠯᠢᠶᠡᠨ ᠠᠪᠬᠤ ᠶᠢ ᠠᠩᠬᠠᠷᠴᠤ᠂ ᠤᠯᠠᠨ | ᠲᠦᠮᠡᠨ ᠳᠤ ᠦᠨᠡᠨ ᠬᠦ ᠮᠡᠳᠡᠷᠡᠭᠦᠯᠵᠦ᠂ ᠤᠯᠠᠨ ᠲᠦᠮᠡᠨ ᠢ ᠰᠡᠳᠬᠢᠯ ᠬᠠᠨᠤᠮᠵᠢᠲᠠᠶ ᠪᠣᠯᠭᠠᠬᠤ ᠬᠡᠷᠡᠭᠲᠡᠶ ᠭᠡᠪᠡ᠃ | ᠵᠡᠭᠡᠯᠢ ᠭᠤᠳᠤᠮᠵᠢ ᠶᠢᠨ ᠭᠤᠣᠯ ᠤᠳᠤᠷᠢᠳᠤᠯᠭ᠎ᠠ ᠪᠠ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ | ᠬᠤᠯᠪᠣᠭᠳᠠᠯ ᠪᠦᠬᠦᠢ ᠭᠠᠴᠠᠭᠠᠨ ᠤ ᠠᠷᠠᠳ ᠤᠨ ᠵᠥᠪᠯᠡᠯ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ | | |