ᠬᠥᠬᠡᠬᠤᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠣᠯᠠᠨ ᠠᠷᠭ᠎ᠠ ᠶᠢ ᠵᠡᠷᠭᠡ ᠪᠠᠷ ᠬᠡᠷᠡᠭᠯᠡᠨ ᠬᠤᠤᠷᠲᠤ ᠡᠳ᠋ ᠢ ᠴᠠᠭᠠᠵᠠᠯᠠᠬᠤ ᠵᠠᠰᠠᠯᠲᠠ ᠶᠢᠨ ᠠᠵᠢᠯ ᠳᠤ ᠣᠷᠣᠯᠴᠠᠪᠠ
ᠨᠡᠶᠢᠲᠡᠯᠡᠭᠰᠡᠨ ᠴᠠᠭ᠄
2020-07-15
      ᠦᠢᠷ᠎ᠡ ᠶᠢᠨ ᠵᠢᠯ ᠤᠳ ᠲᠤ᠂ ᠠᠶᠠᠨᠴᠢᠳ ᠤᠨ ᠭᠠᠯᠲᠤ ᠲᠡᠷᠭᠡ ᠪᠠᠷ ᠳᠠᠮᠵᠢᠨ ᠬᠤᠤᠷᠲᠤ ᠡᠳ᠋  ᠵᠦᠭᠡᠭᠡᠪᠦᠷᠢᠯᠡᠭᠦ ᠪᠠᠶᠢᠳᠠᠯ ᠣᠯᠠᠨ ᠡᠭᠦᠰᠴᠤ ᠪᠠᠶᠢᠭ᠎ᠠ ᠪᠠᠶᠢᠳᠠᠯ ᠵᠢᠴᠢ ᠰᠢᠨ᠎ᠡ ᠬᠡᠯᠪᠡᠷᠢ ᠶᠢᠨ ᠬᠤᠤᠷᠲᠤ ᠡᠳ᠋ ᠵᠠᠯᠠᠭᠤᠴᠤᠳ ᠪᠠᠭᠠᠴᠤᠳ ᠵᠦᠭ ᠳᠡᠯᠭᠡᠷᠡᠵᠦ ᠪᠠᠶᠢᠭ᠎ᠠ ᠬᠠᠨᠳᠤᠰᠢ ᠳᠤ ᠴᠢᠭᠯᠡᠭᠦᠯᠦᠨ᠂ ᠬᠥᠬᠡᠬᠤᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠷᠡᠭᠦᠦ ᠶᠢᠨ ᠬᠡᠷᠡᠭ ᠢ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠤᠤᠷᠲᠤ ᠡᠳ᠋ ᠫᠠᠨᠽᠠᠯᠠᠬᠤ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠬᠡᠬᠦ ᠶᠢᠨ ᠬᠠᠮᠲᠤ ᠣᠯᠠᠨ ᠠᠷᠭ᠎ᠠ ᠶᠢ ᠵᠡᠷᠭᠡ ᠪᠠᠷ ᠬᠡᠷᠡᠭᠯᠡᠨ ᠬᠤᠤᠷᠲᠤ ᠡᠳ᠋ ᠢ ᠴᠠᠭᠠᠵᠠᠯᠠᠬᠤ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠳᠤ ᠣᠷᠣᠯᠴᠠᠪᠠ᠃      ᠡᠩ ᠲᠡᠷᠢᠭᠦᠨ ᠳᠤ᠂ ᠬᠥᠬᠡᠬᠤᠲᠠ ᠶᠢᠨ ᠲᠡᠮᠦᠷ ᠵᠠᠮ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠬᠠᠤᠯᠢ ᠪᠠᠷᠢᠬᠤ ᠴᠢᠳᠠᠪᠤᠷᠢ ᠪᠠ ᠬᠠᠷᠢᠭᠤᠴᠠᠯᠭᠠᠲᠤ ᠦᠵᠡᠯ ᠤᠬᠠᠮᠰᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠠ᠃ ᠬᠤᠣᠷᠲᠤ ᠡᠳ᠋  ᠫᠠᠨᠽᠠᠯᠠᠬᠰᠠᠨ ᠬᠡᠷᠡᠭ ᠤᠨ ᠰᠢᠭᠦᠯᠲᠡ ᠨᠡᠯᠢᠶᠡᠳ ᠣᠯᠠᠨ ᠪᠠᠶᠢᠭ᠎ᠠ ᠣᠨᠴᠠᠯᠢᠭ ᠲᠤ ᠴᠢᠭᠯᠡᠭᠦᠯᠦᠨ᠂ ᠺᠠᠳ᠋ᠷ ᠴᠠᠭᠳᠠᠭ᠎ᠠ ᠨᠠᠷ ᠲᠤ ᠬᠤᠤᠷᠲᠤ ᠡᠳ᠋ ᠤᠨ ᠶᠠᠯᠠᠲᠤ ᠠᠵᠢᠯᠯᠠᠭ᠎ᠠ ᠳᠤ ᠬᠤᠯᠪᠣᠭᠳᠠᠬᠤ ᠬᠠᠤᠯᠢ ᠴᠠᠭᠠᠵᠠ ᠶᠢᠨ ᠮᠡᠳᠡᠯᠭᠡ ᠶᠢᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠺᠠᠳ᠋ᠷ ᠴᠠᠭᠳᠠᠭ᠎ᠠ ᠨᠠᠷ ᠢ ᠵᠣᠬᠢᠶᠠᠨ ᠪᠠᠶᠢᠭᠤᠯᠤᠨ ᠬᠤᠤᠷᠲᠤ ᠡᠳ᠋ ᠢ ᠴᠠᠭᠠᠵᠠᠯᠠᠬᠤ ᠬᠥᠮᠦᠵᠢᠯ ᠤᠨ ᠰᠠᠭᠤᠷᠢᠨ ᠭᠠᠵᠠᠷ ᠲᠤ ᠤᠴᠢᠭᠤᠯᠤᠨ ᠰᠤᠷᠤᠯᠴᠠᠭᠤᠯᠵᠤ᠂ ᠬᠤᠣᠷᠲᠤ ᠡᠳ᠋ ᠤᠨ ᠬᠡᠷᠡᠭ ᠤᠨ ᠲᠤᠬᠠᠢ ᠬᠠᠤᠯᠢ ᠴᠠᠭᠠᠵᠠ ᠶᠢᠨ ᠮᠡᠳᠡᠯᠭᠡ ᠶᠢ ᠰᠠᠶᠢᠳᠤᠷ ᠡᠵᠡᠮᠰᠢᠭᠦᠯᠵᠦ᠂ ᠬᠠᠷᠢᠶ᠎ᠠ ᠣᠷᠣᠨ ᠤ ᠬᠤᠤᠷᠲᠤ ᠡᠳ᠋ ᠴᠠᠭᠠᠵᠠᠯᠠᠬᠤ ᠬᠦᠡᠳᠦ ᠨᠤᠴᠢᠳᠠᠢ ᠪᠠᠶᠢᠳᠠᠯ ᠤᠨ ᠲᠤᠬᠠᠶ ᠲᠠᠨᠢᠯᠲᠠ ᠪᠠ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠬᠤᠤᠷᠲᠤ ᠡᠳ᠋ ᠤᠨ ᠬᠡᠷᠡᠭ ᠢ ᠰᠢᠭᠦᠬᠦ ᠬᠠᠤᠯᠢ ᠪᠠᠷᠢᠬᠤ ᠴᠢᠳᠠᠪᠤᠷᠢ ᠪᠠ ᠬᠤᠤᠷᠲᠤ ᠡᠳ᠋ ᠫᠠᠨᠽᠠᠯᠠᠬᠤ ᠶᠠᠯᠠᠲᠤ ᠠᠵᠢᠯᠯᠠᠭ᠎ᠠ ᠶᠢ ᠡᠰᠡᠷᠭᠦᠴᠡᠨ ᠬᠤᠷᠢᠭᠯᠠᠬᠤ᠂ ᠴᠣᠬᠢᠯᠲᠠ ᠥᠭᠬᠦ ᠬᠠᠷᠢᠭᠤᠴᠠᠯᠭᠠᠲᠤ ᠦᠵᠡᠯ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠷᠠᠭᠤᠯᠪᠠ᠃      ᠳᠠᠷᠠᠭᠠᠯᠠᠪᠠᠯ᠂ ᠨᠡᠪᠲᠡᠷᠡᠯᠴᠡᠨ ᠬᠠᠮᠵᠢᠯᠴᠠᠬᠤ ᠪᠠ ᠴᠣᠬᠢᠯᠲᠠ ᠥᠭᠬᠦ ᠡᠷᠴᠢᠮ ᠢᠶᠠᠨ ᠴᠢᠷᠮᠠᠶᠢᠨ  ᠴᠢᠩᠭᠠᠷᠠᠭᠤᠯᠪᠠ᠃ ᠠᠶᠠᠨᠴᠢᠳ ᠤᠨ ᠭᠠᠯᠲᠤ ᠲᠡᠷᠭᠡ ᠪᠠᠷ ᠳᠠᠮᠵᠢᠨ ᠬᠤᠣᠷᠲᠤ ᠡᠳ᠋ ᠫᠠᠨᠽᠠᠯᠠᠬᠤ ᠶᠠᠯᠠᠲᠤ ᠠᠵᠢᠯᠯᠠᠭ᠎ᠠ ᠬᠢᠵᠦ ᠪᠠᠶᠢᠬᠤ ᠲᠤᠬᠠᠶ ᠰᠤᠳᠤᠯᠤᠯᠳᠠ ᠮᠠᠭᠠᠳᠯᠠᠯᠳᠠ ᠬᠢᠭᠦ ᠪᠠᠷ ᠲᠠᠮᠵᠢᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ ᠂ ᠬᠠᠮᠲᠤᠷᠠᠭᠰᠠᠨ ᠬᠤᠷᠠᠯ ᠬᠤᠷᠠᠯᠳᠤᠭᠤᠯᠬᠤ᠂ ᠲᠢᠩᠬᠢᠮ ᠤᠨ ᠰᠢᠭᠦᠯᠲᠡ ᠶᠢ ᠵᠣᠬᠢᠶᠠᠨ ᠪᠠᠶᠢᠭᠤᠯᠵᠤ ᠲᠣᠭᠤᠷᠢᠨ ᠦᠵᠡᠬᠦ ᠵᠡᠷᠭᠡ ᠪᠠᠷ ᠳᠠᠮᠵᠢᠨ ᠠᠶᠠᠨᠴᠢᠳ ᠤᠨ ᠭᠠᠯᠲᠤ ᠲᠡᠷᠭᠡ ᠪᠠᠷ ᠬᠤᠣᠷᠲᠤ ᠡᠳ᠋ ᠵᠥᠭᠡᠭᠡᠪᠦᠷᠢᠯᠡᠬᠦ ᠳᠤ ᠴᠣᠬᠢᠯᠲᠠ ᠥᠭᠬᠦ ᠠᠵᠢᠯ ᠢ ᠬᠠᠮᠲᠤ ᠪᠠᠷ ᠪᠠᠶᠢᠷᠢᠯᠠᠭᠤᠯᠵᠤ᠂ ᠭᠡᠷᠡᠴᠢ ᠪᠠᠷᠢᠮᠲᠠ ᠪᠠᠷ ᠲᠠᠰᠤᠯᠤᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠵᠦ᠂ ᠬᠤᠤᠷᠲᠤ ᠡᠳ᠋ ᠫᠠᠨᠽᠠᠯᠠᠬᠤ ᠬᠡᠷᠡᠭ ᠢ ᠰᠢᠭᠦᠭᠦ ᠶᠠᠰᠤ ᠴᠢᠨᠠᠷ ᠪᠠ ᠦᠷ᠎ᠠ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠ ᠬᠤᠤᠷᠲᠤ ᠡᠳ᠋ ᠫᠠᠨᠽᠠᠯᠠᠬᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠳᠤ ᠰᠠᠭᠤᠷᠢ ᠲᠠᠯᠪᠢᠪᠠ᠃      ᠪᠠᠰᠠ ᠲᠠᠷᠠᠭᠠᠯᠠᠪᠠᠯ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠪᠠ ᠶᠡᠷᠦᠩᠬᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠠ᠃ ᠲᠡᠮᠦᠷ ᠵᠠᠮ ᠤᠨ ᠬᠤᠤᠷᠲᠤ ᠡᠳ᠋ ᠫᠠᠨᠽᠠᠯᠠᠬᠤ ᠶᠠᠯᠠᠲᠤ ᠠᠵᠢᠯᠯᠠᠭ᠎ᠠ ᠶᠢᠨ ᠣᠨᠴᠠᠯᠢᠭ᠂ ᠢᠯᠠᠩᠭᠤᠶ᠎ᠠ ᠬᠤᠤᠷᠲᠤ ᠡᠳ᠋ ᠵᠠᠯᠠᠭᠤᠴᠤᠳ ᠪᠠᠭᠠᠴᠤᠳ ᠲᠡᠰᠢ ᠳᠡᠯᠭᠡᠷᠡᠵᠦ ᠪᠠᠶᠢᠭ᠎ᠠ ᠬᠠᠨᠳᠤᠰᠢ ᠳᠤ ᠴᠢᠭᠯᠡᠭᠦᠯᠦᠨ᠂ ᠵᠠᠭᠤᠴᠢᠯᠠᠭᠤᠷ᠂ ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠤᠤᠷᠲᠤ ᠡᠳ᠋ ᠫᠠᠨᠽᠠᠯᠠᠬᠤ ᠶᠠᠯᠠᠲᠤ ᠠᠵᠢᠯᠯᠠᠭ᠎ᠠ ᠳᠤ ᠴᠤᠬᠢᠯᠳᠠ ᠦᠭᠭᠦ ᠲᠤᠬᠠᠢ ᠲᠤᠰᠬᠠᠶ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ ᠬᠤᠣᠷᠲᠤ ᠡᠳ᠋ ᠫᠠᠨᠽᠠᠯᠠᠬᠤ ᠶᠠᠯᠠᠲᠤ ᠠᠵᠢᠯᠯᠠᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠥᠪᠯᠡᠷᠡᠭᠦᠯᠦᠨ ᠨᠡᠶᠢᠲᠡᠯᠡᠵᠦ᠂ ᠲᠡᠮᠦᠷ ᠵᠠᠮ ᠤᠨ ᠥᠷᠲᠡᠭᠡ᠂ ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠭᠠᠵᠠᠷ ᠲᠤ ᠬᠦᠷᠴᠦ ᠬᠤᠤᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠣᠯᠠᠨ ᠠᠷᠭ᠎ᠠ ᠶᠢ ᠵᠡᠷᠭᠡ ᠪᠠᠷ ᠬᠡᠷᠡᠭᠯᠡᠨ ᠬᠤᠤᠷ ᠴᠠᠭᠠᠵᠠᠯᠠᠬᠤ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠳᠤ ᠣᠷᠣᠯᠴᠠᠵᠤ᠂ ᠬᠤᠤᠷᠲᠤ ᠡᠳ᠋ ᠤᠨ ᠲᠤᠬᠠᠶ ᠣᠯᠠᠨ ᠨᠡᠶᠢᠲᠡ ᠶᠢᠨ ᠲᠠᠨᠢᠯᠲᠠ ᠪᠠ ᠣᠶᠢᠯᠠᠭᠠᠯᠲᠠ ᠶᠢ ᠴᠢᠷᠮᠠᠶᠢᠨ ᠨᠡᠮᠡᠭᠳᠡᠭᠦᠯᠵᠦ᠂ ᠥᠷᠭᠡᠨ ᠤᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠬᠤᠤᠷᠲᠤ ᠡᠳ᠋ ᠢ ᠴᠠᠭᠠᠵᠠᠯᠠᠬᠤ ᠠᠵᠢᠯ ᠳᠤ ᠣᠷᠣᠯᠴᠠᠭᠤᠯᠵᠤ᠂ ᠤᠯᠠᠨ ᠨᠡᠶᠢᠲᠡ ᠶᠢᠨ ᠬᠤᠤᠷᠲᠤ ᠡᠳ᠋ ᠢ ᠡᠰᠡᠷᠭᠦᠴᠡᠨ ᠬᠤᠷᠢᠭᠯᠠᠬᠤ ᠪᠠ ᠶᠠᠯ᠎ᠠ ᠬᠢᠬᠦ ᠶᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠪᠠ᠃      ᠬᠠᠮᠤᠬ ᠤᠨ ᠡᠴᠦᠰ ᠲᠤ᠂ ᠤᠬᠠᠭᠤᠯᠭ᠎ᠠ ᠶᠢᠨ ᠠᠷᠭ᠎ᠠ ᠬᠡᠯᠪᠡᠷᠢ ᠪᠠ ᠤᠬᠠᠭᠤᠯᠭ᠎ᠠ ᠶᠢᠨ ᠦᠷ᠎ᠡ ᠪᠦᠲᠦᠮᠵᠢ ᠶᠢ ᠢᠳᠡᠪᠬᠢᠲᠡᠶ ᠰᠢᠨᠡᠴᠢᠯᠡᠪᠡ᠃ ᠰᠢᠨ᠎ᠡ ᠵᠠᠭᠤᠴᠢᠯᠠᠭᠤᠷ ᠤᠨ ᠬᠥᠭᠵᠢᠯᠲᠡ ᠦᠳᠲᠡᠷ ᠲᠦᠷᠭᠡᠨ ᠪᠥᠭᠡᠳ ᠬᠦᠯᠢᠶᠡᠨ ᠠᠪᠤᠭᠴᠢᠳ ᠤᠨ ᠬᠦᠷᠢᠶ᠎ᠡ ᠬᠡᠪᠴᠢᠶ᠎ᠡ ᠥᠷᠭᠡᠨ ᠳᠡᠯᠭᠡᠷ ᠪᠠᠶᠢᠭ᠎ᠠ ᠣᠨᠴᠠᠯᠢᠭ ᠲᠤ ᠴᠢᠭᠯᠡᠭᠦᠯᠦᠨ᠂ ᠰᠦᠯᠵᠢᠶᠡᠨ ᠤ ᠭᠠᠳᠠᠨᠠᠬᠢ ᠤᠯᠠᠮᠵᠢᠯᠠᠯᠲᠤ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠪᠠᠷᠢᠮᠲᠠᠯᠠᠬᠤ ᠶᠢᠨ ᠬᠠᠮᠲᠤ ᠰᠢᠨ᠎ᠡ ᠵᠠᠭᠤᠴᠢᠯᠠᠭᠤᠷ ᠤᠨ ᠠᠷᠭ᠎ᠠ ᠪᠠᠷᠢᠯ ᠢ ᠢᠳᠡᠪᠬᠢᠲᠡᠶ ᠬᠡᠷᠡᠭᠯᠡᠵᠦ᠂ ᠸᠢᠴᠠᠲ᠂ ᠪᠢᠴᠢᠯ ᠪᠯᠤᠭ᠂ ᠴᠤᠤᠷᠢᠶ᠎ᠠ ᠵᠡᠷᠭᠡ ᠰᠦᠯᠵᠢᠶᠡᠨ ᠳᠡᠭᠡᠷᠡᠬᠢ ᠠᠷᠭ᠎ᠠ ᠬᠡᠯᠪᠡᠷᠢ ᠪᠠᠷ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠪᠠ ᠤᠬᠠᠭᠤᠯᠭ᠎ᠠ ᠶᠢᠨ ᠦᠷ᠎ᠡ ᠪᠦᠲᠦᠮᠵᠢ ᠶᠢ ᠥᠷᠭᠡᠳᠬᠡᠵᠦ᠂ ᠬᠤᠤᠷ ᠴᠠᠭᠠᠵᠠᠯᠠᠬᠤ ᠤᠬᠠᠭᠤᠯᠭ᠎ᠠ ᠪᠠ ᠬᠤᠤᠷ ᠴᠠᠭᠠᠵᠠᠯᠠᠬᠤ ᠠᠵᠢᠯ ᠢ ᠪᠦᠬᠦ ᠨᠡᠶᠢᠭᠡᠮ ᠳᠤ ᠲᠠᠰᠤᠷᠠᠯᠲᠠ ᠦᠭᠡᠢ ᠪᠦᠷᠭᠦᠭᠦᠯᠭᠦ ᠪᠠᠷ ᠴᠢᠷᠮᠠᠶᠢᠵᠤ᠂ ᠬᠠᠤᠯᠢ ᠶᠢ ᠮᠡᠳᠡᠭᠦ ᠬᠠᠤᠯᠢ ᠶᠢ ᠣᠶᠢᠯᠠᠭᠠᠬᠤ ᠬᠠᠤᠯᠢ ᠶᠢ ᠰᠠᠬᠢᠬᠤ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠪᠣᠬᠢᠷᠲᠤᠯ ᠦᠭᠡᠢ ᠪᠦᠭᠡᠳ ᠬᠤᠤᠷᠳᠠᠭᠤᠯᠤᠯ ᠦᠭᠡᠢ ᠡᠷᠡᠭᠦᠯ ᠰᠠᠷᠠᠭᠤᠯ ᠭᠡᠷ ᠣᠷᠣᠨ ᠢ ᠬᠠᠮᠲᠤ ᠪᠠᠷ ᠪᠠᠶᠢᠭᠤᠯᠪᠠ᠃ ︵ᠢᠦᠢ ᠸᠧᠶ ᠵᠢᠶᠦ᠋ᠨ︶
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号