ᠵᠠᠩ ᠪᠠᠢ ᠴᠧᠩ ᠡᠷᠬᠢᠯᠡᠵᠦ ᠾᠧ ᠬᠠᠢ ᠳ᠋ᠦᠩ ᠳᠠᠶᠢᠴᠢᠯᠠᠯᠲᠠ ᠪᠠᠶᠢᠷᠢᠯᠠᠭᠤᠯᠤᠯᠲᠠ ᠬᠢᠪᠡ | ︵ᠰᠤᠷᠪᠤᠯᠵᠢᠯᠠᠭᠴᠢ ᠹᠧᠩ ᠶᠠᠨ ᠫᠢᠩ︶ 7 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ | ᠯᠢ ᠰᠢᠶᠠ ᠪᠦᠬᠦ ᠬᠤᠲᠠ ᠶᠢᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠴᠡᠭ ᠤᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ | ᠨᠢ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ | ᠠᠵᠢᠯ ᠪᠣᠯ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨᠨᠠᠮ ᠤᠨ ᠲᠥᠪ ᠬᠤᠷᠢᠶ᠎ᠠ ᠠᠴᠠ ᠤᠯᠤᠰ ᠤᠨ | ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠭᠠᠷᠭᠠᠭᠰᠠᠨ | ᠨᠢᠭᠡᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠲᠥᠪ ᠤᠨ ᠱᠠᠭᠠᠷᠳᠠᠯᠭ᠎ᠠ | ᠲᠠᠢ ᠬᠠᠷᠢᠴᠠᠭᠤᠯᠵᠤ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠤᠯᠭᠠᠭᠤᠷᠢᠯᠠᠬᠤ ᠶᠢ ᠨᠡᠩ ᠴᠢᠬᠤᠯᠠᠴᠢᠯᠠᠨ᠂ ᠦᠨᠳᠦᠰᠦᠨ ᠱᠠᠲᠤᠨ ᠳᠤ ᠡᠷᠬᠡ ᠣᠯᠭᠤᠬᠤ ᠶᠢ ᠨᠡᠩ ᠴᠢᠬᠤᠯᠠᠴᠢᠯᠠᠨ᠂ | ᠦᠢᠯᠡᠴᠢᠯᠡᠭᠡᠨ ᠤ ᠶᠠᠰᠤ ᠴᠢᠨᠠᠷ ᠢ ᠨᠡᠩ ᠴᠢᠬᠤᠯᠠᠴᠢᠯᠠᠨ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠨᠡᠩ | ᠴᠢᠬᠤᠯᠠᠴᠢᠯᠠᠨ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠭᠤᠯᠬᠤ ᠶᠢ ᠨᠡᠩ ᠴᠢᠬᠤᠯᠠᠴᠢᠯᠠᠨ᠂ ᠨᠢᠭᠡᠨ ᠲᠥᠪ | ᠬᠤᠲᠠ ᠶᠢᠨ ᠣᠨᠴᠠᠯᠢᠭ ᠲᠠᠢ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠵᠠᠮ ᠢ ᠨᠡᠭᠡᠭᠡᠬᠦ ᠬᠡᠷᠡᠭᠲᠡᠢ ᠭᠡᠪᠡ᠃ | ᠸᠠᠩ ᠯᠢ ᠰᠢᠶᠠ ᠵᠢᠭᠠᠵᠤ ᠭᠠᠷᠭᠠᠭᠰᠠᠨ ᠨᠢ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠪᠣᠯ ᠦᠨᠳᠦᠰᠦᠨ ᠳᠡᠭᠡᠨ ︽ᠬᠥᠮᠦᠨ︾ ᠤ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠮᠥᠨ᠂ | ᠬᠥᠮᠥᠨ ᠢ ᠨᠡᠩ ᠰᠠᠶᠢᠨ ᠬᠥᠭᠵᠢᠭᠦᠯᠵᠦ᠂ ᠨᠡᠩ ᠵᠣᠯ ᠵᠢᠷᠭᠠᠯᠲᠠᠢ ᠠᠮᠢᠳᠤᠷᠠᠭᠤᠯᠬᠤ ᠶᠠᠪᠤᠳᠠᠯ ᠪᠣᠯᠤᠨ᠎ᠠ᠃ | ᠦᠨᠡᠨ ᠳᠡᠭᠡᠨ ᠮᠦᠨ ᠯᠡ ︽ᠬᠡᠨ ᠤ ᠲᠥᠯᠥᠭᠡ ᠪᠤᠢ︾᠂ ︽ᠬᠡᠨ ᠢ ᠲᠦᠰᠢᠭᠯᠡᠬᠦ ᠪᠣᠢ︾ ︽ᠪᠢ ᠬᠡᠨ ᠪᠤᠢ︾ | ᠭᠡᠰᠡᠨ ᠠᠰᠠᠭᠤᠳᠠᠯ ᠶᠤᠮ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ | ᠠᠬᠢᠭᠤᠯᠬᠤ ᠪᠣᠯ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ | ᠦᠢᠯᠡᠳᠦᠯᠭᠡᠵᠢᠭᠦᠯᠬᠦ ᠪᠣᠳᠠᠲᠠᠶ ᠠᠵᠢᠯᠯᠠᠭ᠎ᠠ ᠮᠥᠨ᠂ ᠴᠢᠨᠠᠷᠯᠢᠭ ᠲᠥᠪ ᠬᠤᠲᠠ ᠶᠢ ᠪᠠᠶᠢᠭᠤᠯᠬᠤ᠂ ᠲᠥᠪ | ᠬᠤᠲᠠ ᠶᠢᠨ ᠲᠦᠷᠦᠭᠦᠯᠡᠬᠦ ᠪᠠᠶᠢᠷᠢ ᠰᠠᠭᠤᠷᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠦᠨᠳᠦᠰᠦᠨ | ᠱᠠᠲᠤᠨ ᠤ ᠵᠠᠰᠠᠯᠲᠠ ᠶᠢᠨ ᠰᠠᠭᠤᠷᠢ ᠶᠢ ᠪᠠᠬᠢᠵᠢᠭᠦᠯᠬᠦ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠬᠠᠮᠲᠤᠪᠠᠷ | ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠴᠢᠬᠤᠯᠠ ᠭᠠᠷᠳᠠᠴᠠ ᠮᠥᠨ ᠭᠡᠳᠡᠭ ᠢ | ᠭᠦᠨᠵᠡᠭᠡᠶ ᠲᠠᠨᠢᠵᠤ᠂ ᠪᠠᠷᠢᠮᠵᠢᠶ᠎ᠠ ᠶᠢᠨ ᠤᠬᠠᠮᠰᠠᠷ᠂ ᠪᠣᠭᠤᠮᠲᠠ ᠰᠢᠪᠲᠤᠯᠬᠤ ᠤᠬᠠᠮᠰᠠᠷ ᠢᠶᠠᠨ ᠵᠠᠪᠠᠯ ᠴᠢᠩᠭᠠᠳᠬᠠᠵᠤ᠂ | ᠠᠵᠢᠯ ᠢᠶᠠᠨ ᠤᠷᠢᠳᠴᠢᠯᠠᠨ ᠬᠢᠵᠦ᠂ ᠨᠠᠷᠢᠯᠢᠭ ᠬᠢᠵᠦ᠂ ᠲᠤᠷᠰᠢᠯᠲᠠ ᠶᠢᠨ ᠴᠡᠭ ᠤᠨ ᠠᠵᠢᠯ ᠢ ᠪᠦᠬᠦ ᠲᠠᠯ᠎ᠠ ᠪᠠᠷ | ᠪᠡᠶᠡᠯᠡᠭᠦᠯᠵᠦ᠂ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠬᠦ ᠶᠢ ᠴᠢᠨᠠᠷ ᠰᠠᠶᠢᠲᠠᠶ ᠲᠦᠯᠬᠢᠨ ᠠᠬᠢᠭᠤᠯᠬᠤ ᠬᠡᠷᠡᠭᠲᠡᠢ | ᠭᠡᠪᠡ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠨᠡᠶᠢᠭᠡᠮ ᠤᠨ ᠵᠠᠰᠠᠯᠲᠠ ᠶᠢᠨ ᠵᠠᠮ ᠢᠶᠠᠷ | ᠡᠷᠡᠰ ᠭᠤᠶᠢᠪᠢᠰᠢ ᠦᠭᠡᠢ ᠵᠠᠮᠨᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠬᠤᠲᠠ ᠶᠢᠨ | ᠬᠡᠪᠴᠢᠶᠡᠨ ᠳᠠᠬᠢ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ | ᠲᠠᠶᠢᠪᠤᠩ ᠢ ᠨᠥᠯᠥᠭᠡᠯᠡᠬᠦ ᠳᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠬᠦᠴᠦᠯᠡᠬᠦ ᠴᠡᠭ ᠪᠣᠯᠭᠠᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠨ᠂ ᠬᠤᠲᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠤᠯᠤᠰ ᠲᠥᠷᠥ ᠶᠢᠨ ᠰᠢᠰᠲ᠋ᠧᠮᠵᠢ᠂ ᠥᠪᠡᠷᠲᠡᠭᠡᠨ ᠵᠠᠰᠠᠬᠤ ᠰᠢᠰᠲ᠋ᠧᠮᠵᠢ᠂ ᠬᠠᠤᠯᠢ ᠪᠠᠷ | ᠵᠠᠰᠠᠬᠤ ᠰᠢᠰᠲ᠋ᠧᠮᠵᠢ᠂ ᠶᠣᠰᠣ ᠮᠣᠷᠠᠯ ᠢᠶᠠᠷ ᠵᠠᠰᠠᠬᠤ ᠰᠢᠰᠲ᠋ᠧᠮᠵᠢ ᠶᠢ ᠬᠦᠴᠦᠯᠡᠨ ᠰᠢᠯᠢᠳᠡᠭᠵᠢᠭᠦᠯᠵᠦ᠂ ᠳᠤᠮᠳᠠᠳᠤ | ᠤᠯᠤᠰ ᠤᠨ ᠣᠨᠴᠠᠯᠢᠭ ᠲᠠᠢ ᠴᠠᠭ ᠦᠶ᠎ᠡ ᠶᠢᠨ ᠰᠢᠨᠵᠢ ᠲᠡᠮᠳᠡᠭ ᠲᠠᠢ᠂ ᠬᠤᠲᠠ ᠶᠢᠨ ᠣᠨᠴᠠᠯᠢᠭ ᠲᠠᠢ ᠨᠡᠶᠢᠭᠡᠮ ᠤᠨ | ᠵᠠᠰᠠᠯᠲᠠ ᠶᠢᠨ ᠰᠢᠨ᠎ᠡ ᠵᠠᠭᠪᠤᠷ ᠢ ᠪᠠᠶᠢᠭᠤᠯᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠠᠷᠠᠳ ᠣᠯᠠᠨ ᠲᠦᠮᠡᠨ ᠢ ᠨᠠᠩ ᠶᠡᠭᠡ ᠠᠮᠤᠷ ᠲᠦᠪᠰᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠲᠠᠢ ᠪᠣᠯᠭᠠᠵᠤ᠂ ᠲᠥᠪ ᠬᠤᠲᠠ ᠶᠢ | ᠦᠨᠡᠨ ᠬᠦ ᠣᠷᠣᠰᠢᠨ ᠠᠮᠢᠳᠤᠷᠠᠬᠤ ᠪᠠ ᠦᠢᠯᠡᠰ ᠪᠣᠰᠬᠠᠬᠤ ᠳᠤ ᠲᠣᠬᠢᠷᠠᠮᠵᠢᠲᠠᠢ ︽ᠵᠣᠯ ᠵᠢᠷᠭᠠᠯ ᠤᠨ ᠬᠤᠲᠠ︾ | ᠪᠣᠯᠭᠠᠬᠤ ᠬᠡᠷᠡᠭᠲᠡᠶ ᠭᠡᠪᠡ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢᠶᠠᠷ ᠭᠠᠷᠳᠠᠴᠠ ᠪᠣᠯᠭᠠᠵᠤ | ᠂ ᠪᠢᠲᠡᠭᠦᠤ ᠴᠠᠭᠠᠷᠢᠭᠲᠤ ᠬᠠᠮᠢᠶᠠᠷᠤᠯᠲᠠ ᠶᠢ ᠪᠠᠷᠢᠮᠲᠠᠯᠠᠵᠤ᠂ ᠨᠢᠭᠡᠳᠦᠭᠡᠷ ᠹᠷᠣᠨᠲ ᠤᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠵᠤ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠴᠢᠳᠠᠪᠤᠷᠢ᠂ ᠣᠯᠠᠨ ᠲᠦᠮᠡᠨ ᠤ ᠠᠵᠢᠯ ᠤᠨ | ᠴᠢᠳᠠᠪᠤᠷᠢ᠂ ᠤᠯᠤᠰ ᠲᠥᠷᠥ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠴᠢᠳᠠᠪᠤᠷᠢ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠴᠢᠳᠠᠪᠤᠷᠢ᠂ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ᠂ ᠬᠠᠤᠯᠢ ᠶᠣᠰᠣᠭᠠᠷ | ᠴᠣᠬᠢᠯᠲᠠ ᠥᠭᠬᠦ ᠴᠢᠳᠠᠪᠤᠷᠢ ᠪᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠴᠤ ᠡᠵᠡᠮᠳᠡᠬᠦ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠲᠥᠷᠥᠯ ᠵᠦᠢᠯ ᠤᠨ ᠬᠡᠯᠪᠡᠷᠢ ᠪᠠᠷ ᠠᠬᠢᠭᠤᠯᠵᠤ᠂ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠬᠢᠵᠦ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠣᠳᠠᠲᠠᠢ ᠠᠵᠢᠯᠯᠠᠭ᠎ᠠ ᠳᠤᠮᠳᠠ ᠪᠠᠨ ᠦᠨᠡᠨᠬᠦ | ᠨᠠᠶᠢᠳᠠᠪᠤᠷᠢᠵᠢᠭᠤᠯᠤᠨ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠴᠡᠭ ᠤᠨ ᠡᠯ᠎ᠡ ᠵᠦᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ | ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠭᠰᠡᠨ ᠤ ᠬᠠᠮᠲᠤ | ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ | ᠳᠤᠷᠠᠳᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠾᠧ ᠬᠠᠢ ᠳ᠋ᠦᠩ ᠳᠠᠶᠢᠴᠢᠯᠠᠯᠲᠠ ᠪᠠᠶᠢᠷᠢᠯᠠᠭᠤᠯᠤᠯᠲᠠ ᠬᠢᠵᠡᠶ᠃ | ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠰᠢᠨ᠎ᠡ ᠬᠤᠲᠠ ᠲᠣᠭᠤᠷᠢᠭ᠂ ᠲᠣᠭᠲᠠᠬᠤ ᠰᠢᠶᠠᠨ ᠤ ᠭᠤᠤᠯ ᠬᠠᠷᠢᠭᠤᠴᠠᠯᠭᠠᠲᠠᠨ | ᠨᠥᠬᠦᠳ ᠣᠪᠣᠷ ᠢᠶᠠᠨ ᠢᠯᠡᠳᠬᠡᠬᠦ ᠦᠭᠡ ᠬᠡᠯᠡᠪᠡ᠃ ᠬᠤᠲᠠ ᠶᠢᠨ ᠬᠤᠲᠠ ᠶᠢᠨ ᠬᠡᠪᠴᠢᠶᠡᠨ ᠤ ᠨᠡᠶᠢᠭᠡᠮ ᠤᠨ | ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠡᠯ᠎ᠡ ᠬᠤᠰᠢᠭᠤ ᠰᠢᠶᠠᠨ ᠲᠣᠭᠤᠷᠢᠭ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ |