| | | | | | | | | | | | | | | | | ᠥᠨᠳᠦᠷᠯᠢᠭ ᠤᠨ ᠲᠠᠯ᠎ᠠ ᠨᠤᠲᠤᠭ ᠪᠠ ᠣᠢ ᠰᠢᠭᠤᠢ ᠵᠠᠯᠭᠠᠯᠳᠤᠨ ᠡᠪᠡᠰᠦ ᠤᠷᠭᠤᠮᠠᠯ ᠳᠤ ᠬᠤᠴᠢᠭᠳᠠᠵᠤ᠂ | ᠬᠥᠮᠥᠰ ᠢ ᠡᠮᠦᠨᠡᠲᠦ ᠣᠷᠣᠨ ᠤ ᠪᠣᠷᠣᠭᠠᠨᠲᠤ ᠣᠢ ᠳᠤ ᠢᠷᠡᠭᠰᠡᠨ ᠰᠢᠭ ᠰᠠᠨᠠᠭᠳᠠᠭᠤᠯᠵᠤ᠂ ᠦᠷᠭᠦᠯᠵᠢᠯᠡᠨ | ᠳᠠᠪᠠᠯᠭᠠᠯᠠᠭᠰᠠᠨ ᠠᠭᠤᠯᠠ ᠨᠢᠷᠤᠭᠤᠳ ᠨᠢ ᠬᠤᠰᠤᠨ ᠣᠢ ᠪᠠ ᠨᠠᠷᠠᠰᠤᠨ ᠣᠢ ᠳᠤ ᠪᠦᠷᠬᠦᠭᠳᠡᠵᠦ᠂ ︽ | ᠬᠥᠬᠡᠬᠤᠲᠠ ᠶᠢᠨ ᠠᠷᠤ ᠴᠡᠴᠡᠷᠯᠢᠭ︾ ᠤᠨ ᠰᠠᠶᠢᠬᠠᠨ ᠠᠯᠳᠠᠷ ᠢ ᠬᠦᠷᠲᠡᠪᠡ᠃ | ᠲᠥᠪ ᠲᠧᠯᠸᠢᠰ ᠳᠡᠭᠡᠷ᠎ᠡ ᠨᠡᠪᠲᠡᠷᠡᠭᠦᠯᠵᠦ ᠥᠩᠭᠡᠷᠡᠭᠰᠡᠨ ︽ᠴᠢᠩᠭᠢᠰ ᠬᠠᠭᠠᠨ︾ ᠭᠡᠬᠦ ᠦᠷᠭᠦᠯᠵᠢᠯᠡᠭᠰᠡᠨ | ᠲᠧᠯᠸᠢᠰ ᠵᠦᠴᠦᠭᠡ ᠶᠢ ᠠᠳᠡ ᠲᠣᠭᠯᠠᠵᠤ᠂ ᠲᠤᠬᠠᠢ ᠶᠢᠨ ᠵᠢᠯ ᠳᠤ ᠵᠦᠴᠦᠭᠡ ᠶᠢ ᠰᠡᠭᠦᠳᠡᠷᠯᠡᠬᠦ ᠦᠶ᠎ᠡ ᠳᠤ | ᠪᠠᠶᠢᠭᠤᠯᠤᠭᠰᠠᠨ ᠬᠤᠲᠠ ᠶᠢᠨ ᠬᠡᠷᠡᠮ ᠨᠢ ᠣᠳᠣ ᠪᠣᠯᠲᠠᠯ᠎ᠠ ᠪᠦᠷᠢᠨ ᠪᠦᠲᠦᠨ ᠢᠶᠠᠷ ᠢᠶᠠᠨ ᠦᠯᠡᠳᠡᠭᠰᠡᠭᠡᠷ᠃ | ᠬᠤᠲᠠ ᠶᠢᠨ ᠬᠡᠷᠡᠮ ᠳᠡᠭᠡᠷ᠎ᠡ ᠵᠣᠭᠰᠣᠵᠤ ᠠᠯᠤᠰ ᠢ ᠪᠠᠷᠠᠯᠠᠬᠤ ᠳᠤ ᠴᠢᠩᠭᠢᠰ ᠬᠠᠭᠠᠨ ᠤ ᠣᠷᠳᠣ ᠨᠢ ᠬᠥᠬᠡ | ᠣᠭᠲᠠᠷᠭᠤᠢ᠂ ᠴᠠᠭᠠᠨ ᠡᠭᠦᠯᠡ᠂ ᠨᠣᠭᠤᠭᠠᠨ ᠲᠠᠯ᠎ᠠ᠂ ᠴᠠᠭᠠᠨ ᠬᠤᠰᠤᠨ ᠣᠢ᠂ ᠮᠣᠩᠭᠤᠯ ᠭᠡᠷ ᠤᠳ ᠲᠠᠢ | ᠵᠠᠯᠭᠠᠯᠳᠤᠵᠤ ᠬᠥᠮᠥᠨ ᠤ ᠰᠡᠳᠬᠢᠯ ᠢ ᠰᠡᠷᠭᠦᠭᠡᠨ᠎ᠡ᠃ | ᠵᠢᠯ ᠪᠦᠷᠢ ᠶᠢᠨ ᠬᠤᠷ᠎ᠠ ᠪᠣᠷᠣᠭᠠᠨ ᠰᠠᠶᠢᠨ ᠴᠠᠭ ᠲᠤ᠂ ᠠᠭᠤᠯᠠᠨ ᠳᠡᠭᠡᠷ᠎ᠡ ᠣᠯᠠᠨ ᠪᠤᠯᠠᠭ ᠣᠷᠭᠢᠯᠵᠤ᠂ | ᠤᠰᠤᠨ ᠨᠢᠳᠦ ᠶᠢ ᠪᠦᠷᠢᠯᠳᠦᠭᠦᠯᠦᠨ᠂ ᠥᠨᠳᠥᠷ ᠠᠭᠤᠯᠠ ᠶᠢᠨ ᠬᠠᠷᠠᠭ᠎ᠠ ᠠᠯᠳᠠᠮ᠎ᠠ ᠬᠡᠭᠡᠷ᠎ᠡ ᠲᠠᠯ᠎ᠠ ᠶᠢ | ᠴᠢᠮᠡᠳᠡᠭ ᠢᠶᠠᠷ ᠢᠶᠠᠨ ᠲᠤᠰ ᠭᠠᠵᠠᠷ ᠤᠨ ᠬᠥᠮᠥᠰ ᠪᠠᠰᠠ ︽ᠷᠠᠰᠢᠶᠠᠨ ᠪᠤᠯᠠᠭ ᠤᠨ ᠨᠢᠷᠤᠭᠤ︾ ᠭᠡᠳᠡᠭ᠃ | ᠱᠧᠩ ᠱᠦᠢ ᠯᠢᠶᠠᠩ ᠦᠵᠡᠮᠵᠢ ᠶᠢᠨ ᠣᠷᠣᠨ ᠨᠢ ᠪᠣᠷᠣᠬᠤᠰᠢᠭᠤ ᠪᠠᠯᠭᠠᠰᠤ ᠶᠢᠨ ᠳᠠᠯᠠᠨ ᠬᠠᠷ᠎ᠠ ᠶᠢᠨ | ᠤᠯᠤᠰ ᠤᠨ ᠲᠡᠰ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠳᠤ ᠪᠠᠶᠢᠷᠢᠯᠠᠵᠤ᠂ ᠬᠥᠬᠡᠬᠤᠲᠠ ᠠᠴᠠ ᠬᠤᠶᠢᠰᠢ | ᠪᠠᠷᠤᠭ 30 ᠺᠢᠯᠣᠮᠧᠲᠷ ᠵᠠᠶᠢᠲᠠᠢ᠂ ᠬᠤᠲᠠ ᠶᠢᠨ ᠲᠣᠭᠤᠷᠢᠭ ᠠᠴᠠ ᠮᠠᠰᠢᠨ ᠪᠠᠷ ᠶᠠᠪᠤᠪᠠᠯ ᠨᠢᠭᠡ ᠴᠠᠭ ᠤᠨ ᠵᠠᠢ ᠲᠠᠢ᠃ | ᠠᠭᠤᠯᠠ ᠶᠢᠨ ᠳᠣᠣᠷ᠎ᠠ ᠲᠥᠯᠥᠪᠦᠷᠢ ᠠᠪᠬᠤ ᠦᠭᠡᠢ ᠲᠡᠷᠭᠡ ᠵᠣᠭᠰᠣᠭᠠᠬᠤ ᠭᠠᠵᠠᠷ ᠲᠠᠢ᠂ ᠲᠡᠨᠳᠡ ᠠᠴᠠ | ᠲᠥᠯᠥᠪᠦᠷᠢ ᠦᠭᠡᠢ ᠭᠠᠲᠤᠯᠬᠤ ᠲᠡᠷᠭᠡ ᠪᠠᠷ ᠳᠡᠭᠡᠭᠰᠢ ᠭᠠᠷᠴᠤ ᠪᠣᠯᠣᠨ᠎ᠠ᠃ |