ᠮᠠᠨ ᠤ ᠬᠤᠲᠠ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠲᠥᠷᠥᠯ ᠵᠦᠢᠯ ᠢᠶᠠᠷ ᠲᠦᠰᠢᠭ ᠪᠣᠯᠭᠠᠨ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠢ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠳᠤ ᠲᠤᠰᠠᠯᠠᠵᠤ ᠪᠣᠢ
ᠨᠡᠶᠢᠲᠡᠯᠡᠭᠰᠡᠨ ᠴᠠᠭ᠄
2020-07-15
       ᠬᠤᠲᠠ ᠶᠢᠨ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢᠨ ᠠᠬᠢᠭᠤᠯᠬᠤ ᠬᠤᠷᠠᠯ ᠠᠴᠠ ᠣᠶᠢᠯᠠᠭᠠᠭᠰᠠᠨ ᠢᠶᠠᠷ᠂ ᠣᠷᠴᠢᠮ ᠤᠨ ᠵᠢᠯ ᠠᠴᠠ ᠨᠠᠭᠠᠰᠢ᠂ ᠮᠠᠨ ᠤ ᠬᠤᠲᠠ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠬᠥᠳᠡᠭᠡ ᠲᠣᠰᠬᠤᠨ ᠤ ᠬᠥᠭᠵᠢᠨ ᠮᠠᠨᠳᠤᠯᠲᠠ ᠶᠢ ᠠᠬᠢᠭᠤᠯᠬᠤ ᠶᠢᠨ ᠬᠠᠮᠲᠤ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠶᠠᠳᠠᠭᠤ ᠬᠦᠴᠢᠷᠳᠡᠯᠲᠡᠢ ᠬᠥᠮᠥᠨ ᠢ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠠᠷ ᠴᠢᠷᠮᠠᠶᠢᠵᠤ᠂ ᠢᠯᠡᠳᠲᠡ ᠦᠷ᠎ᠡ ᠪᠦᠲᠦᠮᠵᠢ ᠣᠯᠵᠠᠢ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ᠂ ᠨᠢᠭᠡᠳᠦᠭᠡᠷ ᠡᠭᠦᠷᠭᠡ ᠪᠣᠯ ᠳᠠᠷᠤᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠠᠪᠤᠳᠠᠯ ᠪᠣᠯᠣᠨ᠎ᠠ᠃ ᠣᠯᠠᠨ ᠵᠢᠯ ᠤᠨ ᠲᠤᠷᠰᠢ᠂ ᠬᠤᠲᠠ ᠶᠢᠨ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢᠨ ᠠᠬᠢᠭᠤᠯᠬᠤ ᠬᠤᠷᠠᠯ ᠤᠨ  ᠬᠢᠨ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠰᠢᠪᠲᠤᠯᠤᠯᠲᠠ ᠶᠢᠨ ᠴᠡᠭ ᠪᠣᠯᠭᠠᠨ᠂ ︽ᠦᠬᠡᠷ ᠬᠤᠨᠢᠨ ᠤ ᠮᠢᠬ᠎ᠠ᠂ ᠪᠠᠭ᠎ᠠ ᠡᠯᠳᠡᠪ ᠠᠮᠤ᠂ ᠬᠢᠲᠠᠳ ᠡᠮ ᠤᠨ ᠮᠠᠲ᠋ᠧᠷᠢᠶᠠᠯ᠂ ᠬᠥᠳᠡᠭᠡ ᠲᠣᠰᠬᠤᠨ ᠤ ᠵᠢᠭᠤᠯᠴᠢᠯᠠᠯ᠂ ᠠᠵᠤ ᠠᠬᠤᠢ ᠶᠢᠨ ᠣᠢ︾ ᠲᠠᠪᠤᠨ ᠶᠡᠭᠡ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠶᠠᠰᠤ ᠴᠢᠨᠠᠷ ᠢᠶᠠᠷ ᠭᠤᠣᠯᠯᠠᠬᠤ ᠥᠷᠢᠰᠦᠯᠳᠦᠬᠦ ᠬᠦᠴᠦᠨ ᠢ ᠴᠢᠩᠭᠠᠳᠬᠠᠵᠤ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠲᠠᠷᠢᠶᠠᠴᠢᠳ ᠤᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢᠨ ᠠᠬᠢᠭᠤᠯᠬᠤ ᠬᠤᠷᠠᠯ ᠤᠨ ᠬᠢᠨ ︽ᠲᠥᠷᠥᠯ ᠵᠦᠢᠯ ᠢᠶᠠᠷ ᠳᠠᠶᠢᠴᠢᠯᠠᠵᠤ᠂ ᠶᠠᠳᠠᠭᠤ ᠬᠦᠴᠢᠷᠳᠡᠯ ᠢ ᠣᠨᠣᠪᠴᠢᠲᠠᠢ ᠲᠡᠳᠬᠦᠨ ᠳᠡᠮᠵᠢᠬᠦ ︾ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠳᠠᠶᠢᠴᠢᠯᠠᠬᠤ ᠲᠣᠭᠲᠠᠴᠠ ᠶᠢ ᠠᠯᠬᠤᠮ ᠠᠯᠬᠤᠮ ᠢᠶᠠᠷ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠤ ᠬᠥᠭᠵᠢᠯᠲᠡ ᠪᠣᠯᠣᠨ ᠶᠠᠳᠠᠭᠤ ᠶᠢ ᠲᠡᠳᠬᠦᠬᠦ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠲᠦᠭᠡᠮᠡᠯᠵᠢᠭᠦᠯᠬᠦ ᠲᠠᠪᠴᠠᠩ ᠳᠤ ᠲᠦᠰᠢᠭᠯᠡᠨ᠂ ᠪᠦᠬᠦ ᠬᠤᠲᠠ ᠶᠢᠨ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠰᠠᠶᠢᠨ ᠴᠢᠨᠠᠷ ᠤᠨ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠥᠰ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠬᠤ ᠳᠤ ᠬᠦᠴᠦᠨ ᠨᠡᠮᠡᠷᠢᠯᠡᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号