| | | | | | | | | | | | | | | | | ᠥᠨᠳᠦᠷᠯᠢᠭ ᠤᠨ ᠲᠠᠯ᠎ᠠ ᠨᠤᠲᠤᠭ ᠪᠠ ᠣᠢ ᠰᠢᠭᠤᠢ ᠵᠠᠯᠭᠠᠯᠳᠤᠨ ᠡᠪᠡᠰᠦ ᠤᠷᠭᠤᠮᠠᠯ ᠳᠤ ᠬᠤᠴᠢᠭᠳᠠᠵᠤ᠂ ᠬᠥᠮᠥᠰ ᠢ ᠡᠮᠦᠨᠡᠲᠦ ᠣᠷᠣᠨ ᠤ ᠪᠣᠷᠣᠭᠠᠨᠲᠤ | ᠣᠢ ᠳᠤ ᠢᠷᠡᠭᠰᠡᠨ ᠰᠢᠭ ᠰᠠᠨᠠᠭᠳᠠᠭᠤᠯᠵᠤ᠂ ᠦᠷᠭᠦᠯᠵᠢᠯᠡᠨ ᠳᠠᠪᠠᠯᠭᠠᠯᠠᠭᠰᠠᠨ ᠠᠭᠤᠯᠠ ᠨᠢᠷᠤᠭᠤᠳ ᠨᠢ ᠬᠤᠰᠤᠨ ᠣᠢ ᠪᠠ ᠨᠠᠷᠠᠰᠤᠨ ᠣᠢ ᠳᠤ ᠪᠦᠷᠬᠦᠭᠳᠡᠵᠦ᠂ | ︽ᠬᠥᠬᠡᠬᠤᠲᠠ ᠶᠢᠨ ᠠᠷᠤ ᠴᠡᠴᠡᠷᠯᠢᠭ︾ ᠤᠨ ᠰᠠᠶᠢᠬᠠᠨ ᠠᠯᠳᠠᠷ ᠢ ᠬᠦᠷᠲᠡᠪᠡ᠃ | ᠲᠥᠪ ᠲᠧᠯᠸᠢᠰ ᠳᠡᠭᠡᠷ᠎ᠡ ᠨᠡᠪᠲᠡᠷᠡᠭᠦᠯᠵᠦ ᠥᠩᠭᠡᠷᠡᠭᠰᠡᠨ ︽ᠴᠢᠩᠭᠢᠰ ᠬᠠᠭᠠᠨ︾ ᠭᠡᠬᠦ ᠦᠷᠭᠦᠯᠵᠢᠯᠡᠭᠰᠡᠨ ᠲᠧᠯᠸᠢᠰ ᠵᠦᠴᠦᠭᠡ ᠶᠢ ᠠᠳᠡ ᠲᠣᠭᠯᠠᠵᠤ᠂ | ᠲᠤᠬᠠᠢ ᠶᠢᠨ ᠵᠢᠯ ᠳᠤ ᠵᠦᠴᠦᠭᠡ ᠶᠢ ᠰᠡᠭᠦᠳᠡᠷᠯᠡᠬᠦ ᠦᠶ᠎ᠡ ᠳᠤ ᠪᠠᠶᠢᠭᠤᠯᠤᠭᠰᠠᠨ ᠬᠤᠲᠠ ᠶᠢᠨ ᠬᠡᠷᠡᠮ ᠨᠢ ᠣᠳᠣ ᠪᠣᠯᠲᠠᠯ᠎ᠠ ᠪᠦᠷᠢᠨ ᠪᠦᠲᠦᠨ ᠢᠶᠠᠷ ᠢᠶᠠᠨ | ᠦᠯᠡᠳᠡᠭᠰᠡᠭᠡᠷ᠃ ᠬᠤᠲᠠ ᠶᠢᠨ ᠬᠡᠷᠡᠮ ᠳᠡᠭᠡᠷ᠎ᠡ ᠵᠣᠭᠰᠣᠵᠤ ᠠᠯᠤᠰ ᠢ ᠪᠠᠷᠠᠯᠠᠬᠤ ᠳᠤ ᠴᠢᠩᠭᠢᠰ ᠬᠠᠭᠠᠨ ᠤ ᠣᠷᠳᠣ ᠨᠢ ᠬᠥᠬᠡ ᠣᠭᠲᠠᠷᠭᠤᠢ᠂ ᠴᠠᠭᠠᠨ ᠡᠭᠦᠯᠡ᠂ | ᠨᠣᠭᠤᠭᠠᠨ ᠲᠠᠯ᠎ᠠ᠂ ᠴᠠᠭᠠᠨ ᠬᠤᠰᠤᠨ ᠣᠢ᠂ ᠮᠣᠩᠭᠤᠯ ᠭᠡᠷ ᠤᠳ ᠲᠠᠢ ᠵᠠᠯᠭᠠᠯᠳᠤᠵᠤ ᠬᠥᠮᠥᠨ ᠤ ᠰᠡᠳᠬᠢᠯ ᠢ ᠰᠡᠷᠭᠦᠭᠡᠨ᠎ᠡ᠃ | ᠵᠢᠯ ᠪᠦᠷᠢ ᠶᠢᠨ ᠬᠤᠷ᠎ᠠ ᠪᠣᠷᠣᠭᠠᠨ ᠰᠠᠶᠢᠨ ᠴᠠᠭ ᠲᠤ᠂ ᠠᠭᠤᠯᠠᠨ ᠳᠡᠭᠡᠷ᠎ᠡ ᠣᠯᠠᠨ ᠪᠤᠯᠠᠭ ᠣᠷᠭᠢᠯᠵᠤ᠂ ᠤᠰᠤᠨ ᠨᠢᠳᠦ ᠶᠢ ᠪᠦᠷᠢᠯᠳᠦᠭᠦᠯᠦᠨ᠂ ᠥᠨᠳᠥᠷ | ᠠᠭᠤᠯᠠ ᠶᠢᠨ ᠬᠠᠷᠠᠭ᠎ᠠ ᠠᠯᠳᠠᠮ᠎ᠠ ᠬᠡᠭᠡᠷ᠎ᠡ ᠲᠠᠯ᠎ᠠ ᠶᠢ ᠴᠢᠮᠡᠳᠡᠭ ᠢᠶᠠᠷ ᠢᠶᠠᠨ ᠲᠤᠰ ᠭᠠᠵᠠᠷ ᠤᠨ ᠬᠥᠮᠥᠰ ᠪᠠᠰᠠ ︽ᠷᠠᠰᠢᠶᠠᠨ ᠪᠤᠯᠠᠭ ᠤᠨ ᠨᠢᠷᠤᠭᠤ︾ ᠭᠡᠳᠡᠭ᠃ | ᠱᠧᠩ ᠱᠦᠢ ᠯᠢᠶᠠᠩ ᠦᠵᠡᠮᠵᠢ ᠶᠢᠨ ᠣᠷᠣᠨ ᠨᠢ ᠪᠣᠷᠣᠬᠤᠰᠢᠭᠤ ᠪᠠᠯᠭᠠᠰᠤ ᠶᠢᠨ ᠳᠠᠯᠠᠨ ᠬᠠᠷ᠎ᠠ ᠶᠢᠨ ᠤᠯᠤᠰ ᠤᠨ ᠲᠡᠰ ᠤᠨ ᠠᠮᠢ ᠠᠬᠤᠢ ᠶᠢᠨ | ᠬᠠᠮᠠᠭᠠᠯᠠᠯᠲᠠ ᠶᠢᠨ ᠣᠷᠣᠨ ᠳᠤ ᠪᠠᠶᠢᠷᠢᠯᠠᠵᠤ᠂ ᠬᠥᠬᠡᠬᠤᠲᠠ ᠠᠴᠠ ᠬᠤᠶᠢᠰᠢ ᠪᠠᠷᠤᠭ 30 ᠺᠢᠯᠣᠮᠧᠲᠷ ᠵᠠᠶᠢᠲᠠᠢ᠂ ᠬᠤᠲᠠ ᠶᠢᠨ ᠲᠣᠭᠤᠷᠢᠭ ᠠᠴᠠ ᠮᠠᠰᠢᠨ ᠪᠠᠷ | ᠶᠠᠪᠤᠪᠠᠯ ᠨᠢᠭᠡ ᠴᠠᠭ ᠤᠨ ᠵᠠᠢ ᠲᠠᠢ᠃ ᠠᠭᠤᠯᠠ ᠶᠢᠨ ᠳᠣᠣᠷ᠎ᠠ ᠲᠥᠯᠥᠪᠦᠷᠢ ᠠᠪᠬᠤ ᠦᠭᠡᠢ ᠲᠡᠷᠭᠡ ᠵᠣᠭᠰᠣᠭᠠᠬᠤ ᠭᠠᠵᠠᠷ ᠲᠠᠢ᠂ ᠲᠡᠨᠳᠡ ᠠᠴᠠ ᠲᠥᠯᠥᠪᠦᠷᠢ | ᠦᠭᠡᠢ ᠭᠠᠲᠤᠯᠬᠤ ᠲᠡᠷᠭᠡ ᠪᠠᠷ ᠳᠡᠭᠡᠭᠰᠢ ᠭᠠᠷᠴᠤ ᠪᠣᠯᠣᠨ᠎ᠠ᠃ |