ᠥᠪᠥᠷ ᠮᠣᠩᠭᠤᠯ ᠤᠨ ᠠᠷᠪᠠᠨ ᠬᠤᠶᠠᠷ ᠠᠶᠢᠮᠠᠭ ᠬᠤᠲᠠ ᠶᠢᠨ ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠵᠢᠴᠢ ᠣᠨᠴᠠᠯᠢᠭᠲᠤ ᠠᠮᠲᠠᠲᠤ ᠢᠳᠡᠭᠡᠨ ᠤ ᠦᠵᠡᠭᠦᠯᠭᠡ
ᠨᠡᠶᠢᠲᠡᠯᠡᠭᠰᠡᠨ ᠴᠠᠭ᠄
2020-07-16
      ᠣᠶᠢᠷ᠎ᠠ ᠶᠢᠨ ᠡᠳᠦᠷ ᠤᠳ ᠢᠶᠠᠷ ᠢᠦᠢ ᠴᠢᠦᠸᠠᠨ ᠲᠣᠭᠤᠷᠢᠭ ᠤᠨ ᠵᠢᠦ ᠵᠢᠦ ᠵᠡᠭᠡᠯᠢ ᠶᠢᠨ ᠲᠤᠭᠤᠷᠢᠭ ᠲᠤ ᠶᠠᠪᠤᠭᠳᠠᠵᠤ ᠪᠠᠶᠢᠭ᠎ᠠ ᠥᠪᠥᠷ ᠮᠣᠩᠭᠤᠯ ᠤᠨ ᠠᠷᠪᠠᠨ ᠬᠤᠶᠠᠷ ᠠᠶᠢᠮᠠᠭ ᠬᠤᠲᠠ ᠶᠢᠨ ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠵᠢᠴᠢ ᠣᠨᠴᠠᠯᠢᠭᠲᠤ ᠠᠮᠲᠠᠲᠤ ᠢᠳᠡᠭᠡᠨ ᠤ ᠦᠵᠡᠭᠦᠯᠭᠡ ᠣᠯᠠᠨ ᠬᠤᠲᠠ ᠶᠢᠨ ᠠᠷᠠᠳ ᠪᠠ ᠵᠢᠭᠤᠯᠴᠢᠳ ᠤᠨ ᠰᠣᠨᠢᠷᠬᠠᠯ ᠢ ᠲᠠᠲᠠᠪᠠ᠃      ᠥᠪᠥᠷ ᠮᠣᠩᠭᠤᠯ ᠤᠨ ᠣᠬᠢ ᠠᠮᠲᠠ ᠶᠢᠨ ᠵᠣᠬᠢᠶᠠᠨ ᠪᠠᠶᠢᠭᠤᠯᠬᠤ ᠺᠣᠮᠢᠰ ᠤᠨ ᠬᠠᠷᠢᠭᠤᠴᠠᠯᠭᠠᠲᠠᠨ ᠠᠩᠭᠢᠷ ᠤᠨ ᠲᠠᠨᠢᠯᠴᠠᠭᠤᠯᠬᠤ ᠪᠠᠷ᠂ ᠥᠪᠥᠷ ᠮᠣᠩᠭᠤᠯ ᠤᠨ ᠣᠬᠢ ᠠᠮᠲᠠ ᠶᠢᠨ ᠵᠣᠬᠢᠶᠠᠨ ᠪᠠᠶᠢᠭᠤᠯᠬᠤ ᠺᠣᠮᠢᠰ ᠨᠢ ᠶᠡᠭᠡ ᠵᠣᠣ ᠶᠢᠨ ᠦᠵᠡᠮᠵᠢ ᠶᠢᠨ ᠣᠷᠣᠨ ᠤ ᠵᠢᠦ ᠵᠢᠦ ᠵᠡᠭᠡᠯᠢ ᠶᠢᠨ ᠲᠤᠭᠤᠷᠢᠭ ᠲᠤ ᠲᠤᠰᠬᠠᠶᠢᠯᠠᠨ 20 ᠮᠠᠶᠢᠬᠠᠨ ᠰᠠᠷᠠᠪᠴᠢ ᠪᠣᠰᠬᠠᠵᠤ᠂ ᠥᠪᠥᠷ ᠮᠣᠩᠭᠤᠯ ᠤᠨ ᠠᠷᠪᠠᠨ ᠬᠤᠶᠠᠷ ᠠᠶᠢᠮᠠᠭ ᠬᠤᠲᠠ ᠶᠢᠨ ᠣᠨᠴᠠᠯᠢᠭᠲᠤ ᠠᠮᠲᠠᠲᠤ ᠢᠳᠡᠭᠡᠨ ᠢ ᠨᠢᠭᠡ ᠳᠣᠣᠷ᠎ᠠ ᠴᠤᠭᠯᠠᠭᠤᠯᠤᠨ᠂ ᠲᠥᠪ ᠬᠤᠲᠠ ᠶᠢᠨ ᠠᠷᠠᠳ ᠪᠠ ᠵᠢᠭᠤᠯᠴᠢᠳ ᠲᠤ ᠨᠢᠭᠡ ᠥᠷᠲᠡᠭᠡ ᠮᠠᠶ᠋ᠢᠭ ᠢᠶᠠᠷ ᠡᠯ᠎ᠡ ᠠᠶᠢᠮᠠᠭ ᠬᠤᠲᠠ ᠶᠢᠨ ᠠᠮᠲᠠᠲᠤ ᠢᠳᠡᠭᠡᠨ ᠢ ᠠᠮᠳᠠᠯᠠᠭᠤᠯᠬᠤ ᠶᠢᠨ ᠬᠠᠮᠳᠤ ᠢᠳᠡᠭᠡᠨ ᠤ ᠶᠠᠰᠤ ᠴᠢᠨᠠᠷ ᠤᠨ ᠡᠵᠡᠮᠳᠡᠯ ᠢ ᠡᠵᠡᠮᠰᠢᠬᠦ ᠲᠠᠯ᠎ᠠ ᠪᠠᠷ ᠥᠪᠥᠷ ᠮᠣᠩᠭᠤᠯ ᠤᠨ ᠣᠬᠢ ᠠᠮᠲᠠ ᠶᠢᠨ ᠵᠣᠬᠢᠶᠠᠨ ᠪᠠᠶᠢᠭᠤᠯᠬᠤ  ᠺᠣᠮᠢᠰ ᠤᠨ ᠬᠢᠨ ᠪᠦᠬᠦ ᠶᠠᠪᠤᠴᠠ ᠶᠢ ᠮᠥᠷᠳᠡᠨ ᠬᠠᠮᠢᠶᠠᠷᠴᠤ᠂ ᠢᠳᠡᠭᠡᠨ ᠤ ᠶᠠᠰᠤ ᠴᠢᠨᠠᠷ ᠢ ᠪᠠᠳᠤᠯᠠᠵᠤ ᠪᠤᠢ᠃ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号