ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ | ᠴᠢᠭᠢᠷᠠᠭ ᠢ ᠪᠠᠲᠤᠯᠠᠵᠤ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠵᠤ᠂ ᠡᠰᠢ ᠰᠦᠷᠡᠯ ᠢ ᠵᠠᠳᠠᠭᠠᠶ ᠪᠠᠷ | ᠰᠢᠲᠠᠭᠠᠬᠤ ᠦᠢᠯᠡ ᠠᠵᠢᠯᠯᠠᠭ᠎ᠠ ᠶᠢ ᠬᠤᠷᠢᠭᠯᠠᠨ᠂ ᠪᠦᠬᠦ ᠬᠤᠲᠠ ᠶᠢᠨ ᠡᠰᠢ ᠰᠦᠷᠡᠯ ᠢ ᠶᠡᠷᠦᠩᠬᠡᠶᠢᠯᠡᠨ | ᠠᠰᠢᠭᠯᠠᠬᠤ ᠶᠢ ᠠᠬᠢᠭᠤᠯᠵᠤ᠂ ︽ᠬᠥᠬᠡ ᠣᠭᠲᠠᠷᠭᠤᠢ ᠶᠢ ᠬᠠᠮᠠᠭᠠᠯᠠᠬᠤ ᠳᠠᠶᠢᠨ︾ ᠤ ᠢᠯᠠᠯᠲᠠ ᠶᠢ ᠡᠷᠡᠰ ᠲᠡᠮᠡᠴᠡᠨ | ᠣᠯᠵᠤ᠂ ᠣᠷᠣᠨ ᠤ ᠲᠥᠪ ᠤᠨ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠦᠨᠳᠦᠰᠦᠨ ᠠᠴᠠ ᠨᠢ ᠰᠠᠶᠢᠵᠢᠷᠠᠭᠤᠯᠬᠤ | ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠡᠰᠢ ᠰᠦᠷᠡᠯ ᠢ | ᠵᠠᠳᠠᠭᠠᠶ ᠪᠠᠷ ᠰᠢᠲᠠᠭᠠᠬᠤ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠱᠠᠩᠨᠠᠬᠤ ᠪᠠᠷ ᠲᠣᠭᠲᠠᠭᠠᠪᠠ᠂ ᠡᠳᠦᠭᠡ | ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠶᠠᠮᠠᠷᠪᠠ ᠣᠯᠠᠨ ᠲᠦᠮᠡᠨ ᠬᠥᠬᠡᠬᠤᠲᠠ ᠶᠢᠨ ᠵᠠᠰᠠᠭ ᠵᠠᠬᠢᠷᠭᠠᠨ ᠤ ᠬᠡᠪᠴᠢᠶᠡᠨ ᠳᠣᠲᠣᠷ᠎ᠠ ᠡᠰᠢ | ᠰᠦᠷᠡᠯ ᠢ ᠵᠠᠳᠠᠭᠠᠶ ᠪᠠᠷ ᠰᠢᠲᠠᠭᠠᠬᠤ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠥᠮ ᠬᠥᠬᠡᠬᠤᠲᠠ ᠶᠢᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠢᠯᠡᠴᠢᠯᠡᠨ ᠮᠡᠳᠡᠭᠦᠯᠵᠦ ᠪᠣᠯᠤᠨ᠎ᠠ᠂ ᠢᠯᠡᠴᠢᠯᠡᠨ ᠮᠡᠳᠡᠭᠦᠯᠬᠦ | ᠤᠲᠠᠰᠤ᠄ 0471 - 3686335 13314880777 ᠃ | ᠬᠤᠶᠠᠷ᠂ ᠬᠥᠬᠡᠬᠤᠲᠠ ᠶᠢᠨ ᠵᠠᠰᠠᠭ ᠵᠠᠬᠢᠷᠭᠠᠨ ᠤ ᠬᠡᠪᠴᠢᠶᠡᠨ ᠳᠣᠲᠣᠷ᠎ᠠ ᠡᠰᠢ ᠰᠦᠷᠡᠯ ᠢ ᠵᠠᠳᠠᠭᠠᠶ ᠪᠠᠷ | ᠰᠢᠲᠠᠭᠠᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠪᠥᠭᠡᠳ ᠬᠤᠲᠠ ᠶᠢᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠠᠴᠠ ᠬᠢᠨᠠᠨ ᠬᠠᠷᠭᠤᠭᠤᠯᠵᠤ ᠪᠠᠶᠢᠴᠠᠭᠠᠭᠠᠳ ᠦᠨᠡᠨ ᠪᠣᠳᠠᠲᠠᠶ ᠪᠣᠯ ᠵᠢᠱᠢᠶ᠎ᠡ ᠨᠢᠭᠡᠪᠦᠷᠢ ᠶᠢᠨ | ᠢᠯᠡᠴᠢᠯᠡᠨ ᠮᠡᠳᠡᠭᠦᠯᠦᠭᠴᠢ ᠳᠤ ᠠᠷᠠᠳ ᠤᠨ ᠵᠣᠭᠤᠰ 200 ᠲᠥᠭᠦᠷᠢᠭ ᠤᠨ ᠱᠠᠩᠨᠠᠯ ᠣᠯᠭᠤᠨ᠎ᠠ᠃ ᠬᠢᠨᠠᠨ | ᠬᠠᠷᠭᠤᠭᠤᠯᠤᠭᠰᠠᠨ ᠡᠳᠦᠷ ᠠᠴᠠ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ ᠳᠠᠩᠰᠠ ᠰᠢᠯᠵᠢᠭᠦᠯᠬᠦ ᠪᠤᠶᠤ | ᠪᠡᠯᠡᠨ ᠵᠣᠭᠤᠰ ᠤᠨ ᠠᠷᠭ᠎ᠠ ᠮᠠᠶ᠋ᠢᠭ ᠢᠶᠠᠷ ᠢᠯᠡᠴᠢᠯᠡᠨ ᠮᠡᠳᠡᠭᠦᠯᠦᠭᠴᠢ ᠳᠤ ᠣᠯᠭᠤᠨ᠎ᠠ᠃ | ᠭᠤᠷᠪᠠ᠂ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠨᠢ ᠪᠤᠰᠤᠳᠴᠢ ᠪᠥᠭᠡᠳ ᠦᠨᠡᠨ ᠪᠣᠳᠠᠲᠠᠶ ᠪᠠᠶᠢᠬᠤ | ᠬᠡᠷᠡᠭᠲᠡᠢ᠂ ᠢᠯᠡᠴᠢᠯᠡᠨ ᠮᠡᠳᠡᠭᠦᠯᠦᠭᠴᠢ ᠨᠢ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠦᠨᠡᠨ ᠪᠣᠳᠠᠲᠤ ᠴᠢᠨᠠᠷ ᠲᠤ | ᠬᠠᠷᠢᠭᠤᠴᠠᠬᠤ ᠬᠡᠷᠡᠭᠲᠡᠶ᠂ ᠲᠤᠬᠠᠶ ᠶᠢᠨ ᠲᠠᠯᠠᠪᠤᠷ ᠢ ᠬᠠᠭᠤᠷᠮᠠᠭᠯᠠᠨ ᠵᠣᠬᠢᠶᠠᠵᠤ᠂ ᠬᠤᠳᠠᠯ ᠬᠠᠭᠤᠷᠮᠠᠭ ᠮᠡᠳᠡᠭᠡ ᠵᠠᠩᠭᠢ | ᠵᠣᠬᠢᠶᠠᠵᠤ ᠲᠠᠷᠬᠠᠭᠠᠵᠤ ᠪᠣᠯᠬᠤ ᠦᠭᠡᠢ᠃ ᠬᠡᠷᠪᠡ ᠬᠤᠳᠠᠯ ᠬᠡᠷᠡᠭ ᠵᠣᠬᠢᠶᠠᠵᠤ᠂ ᠪᠤᠰᠤᠳ ᠬᠥᠮᠦᠨ ᠢ ᠭᠦᠳᠬᠡᠨ | ᠵᠠᠭᠠᠯᠳᠤᠵᠤ᠂ ᠬᠤᠤᠷᠯᠠᠭᠰᠠᠨ ᠪᠠᠶᠢᠪᠠᠯ᠂ ᠢᠯᠡᠴᠢᠯᠡᠨ ᠮᠡᠳᠡᠭᠦᠯᠦᠭᠴᠢ ᠠᠴᠠ ᠬᠠᠤᠯᠢ ᠶᠢᠨ ᠬᠠᠷᠢᠭᠤᠴᠠᠯᠭ᠎ᠠ ᠶᠢ ᠬᠠᠤᠯᠢ | ᠶᠣᠰᠣᠭᠠᠷ ᠨᠡᠬᠡᠮᠵᠢᠯᠡᠨ᠎ᠡ᠃ | ᠳᠥᠷᠪᠡ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠢᠯᠡᠴᠢᠯᠡᠨ ᠮᠡᠳᠡᠭᠦᠯᠦᠭᠰᠡᠨ | ᠰᠦᠪᠡᠭᠴᠢ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ | ᠠᠰᠢᠭ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠃ | ᠲᠤᠰ ︽ᠵᠠᠷᠯᠠᠯ︾ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |