ᠣᠶ ᠰᠢᠭᠤᠶ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠣᠷᠣᠨ ᠪᠦᠰᠡ ᠳᠤ ᠭᠠᠯ ᠰᠡᠷᠭᠡᠶᠢᠯᠡᠬᠦ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠷᠢᠭ᠎ᠠ ᠴᠠᠭᠠᠵᠠ ᠶᠢᠨ ᠵᠠᠷᠯᠢᠭ
ᠨᠡᠶᠢᠲᠡᠯᠡᠭᠰᠡᠨ ᠴᠠᠭ᠄
2020-07-16
ᠬᠥᠬᠡᠬᠤᠲᠠ ᠵᠠᠰᠠᠭ ᠲᠠᠷᠬᠠᠭᠠᠭᠰᠠᠨ ﹇2020﹈ 10 ᠳ᠋ᠤᠭᠠᠷ ᠲᠣᠭᠠᠲᠤ2020 ᠣᠨ ᠤ 3 ᠳ᠋ᠤᠭᠠᠷ ᠰᠠᠷ᠎ᠠ ᠶᠢᠨ 26 ᠤ ᠡᠳᠦᠷ      ᠮᠠᠨ ᠤ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠢᠯᠡᠬᠦ ᠠᠵᠢᠯ ᠢ ᠦᠨᠡᠨ ᠬᠦ ᠰᠠᠢᠲᠤᠷ ᠠᠳᠬᠤᠵᠤ᠂ ᠶᠡᠭᠡ ᠬᠡᠯᠪᠡᠷᠢ ᠶᠢᠨ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠦᠭᠡᠢ ᠪᠠᠶᠢᠬᠤ ᠶᠢ ᠪᠠᠲᠤᠯᠠᠬᠤ ᠶᠢᠨ ᠲᠤᠰᠠᠳᠠ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠪᠦᠬᠦ ᠬᠤᠲᠠ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠢᠭᠤᠯᠤᠯᠲᠠ ᠶᠢᠨ ᠣᠷᠣᠨ᠂ ᠭᠤᠣᠯᠳᠠᠯᠭ᠎ᠠ ᠲᠠᠢ ᠣᠶᠢᠲᠤ ᠣᠷᠣᠨ᠂ ᠭᠠᠯ ᠤᠨ ᠠᠶᠤᠯ ᠶᠡᠬᠡᠲᠡᠢ ᠣᠷᠣᠨ ᠪᠠ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠣᠯᠠᠨ ᠭᠠᠷᠳᠠᠭ ᠣᠷᠣᠨ ᠳᠤ ᠠᠭᠤᠯᠠ ᠪᠢᠲᠡᠭᠦᠮᠵᠢᠯᠡᠨ ᠭᠠᠯ ᠰᠡᠷᠭᠡᠶᠢᠯᠡᠬᠦ ᠶᠢ ᠬᠡᠷᠡᠭᠵᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠢᠭᠳᠠᠪᠠ᠄      ᠨᠢᠭᠡ᠂ ᠭᠠᠯ ᠰᠡᠷᠭᠡᠶᠢᠯᠡᠬᠦ ᠬᠤᠷᠢᠭ᠎ᠠ ᠴᠠᠭᠠᠵᠠ ᠶᠢᠨ ᠬᠤᠭᠤᠴᠠᠭ᠎ᠠ᠄ 2020 ᠣᠨ ᠤ 3 ᠳ᠋ᠤᠭᠠᠷ ᠰᠠᠷ᠎ᠠ ᠶᠢᠨ 20 ᠤ ᠡᠳᠦᠷ ᠠᠴᠠ 2020 ᠣᠨ ᠤ 5 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠃      ᠬᠤᠶᠠᠷ᠂ ᠭᠠᠯ ᠰᠡᠷᠭᠡᠶᠢᠯᠡᠬᠦ ᠬᠤᠷᠢᠭ᠎ᠠ ᠴᠠᠭᠠᠵᠠ ᠶᠢᠨ ᠣᠷᠣᠨ ᠪᠦᠰᠡ᠄ ᠳᠠᠯᠠᠨ ᠬᠠᠷ᠎ᠠ ᠠᠭᠤᠯᠠ ᠶᠢᠨ ᠬᠥᠬᠡᠬᠤᠲᠠ ᠶᠢᠨ ᠪᠦᠭᠦᠳᠡ ᠬᠡᠰᠡᠭ᠂ ᠬᠤᠷᠢᠨᠭᠡᠷ ᠰᠢᠶᠠᠨ᠂ ᠴᠢᠩ ᠱᠦᠶ ᠾᠧ ᠰᠢᠶᠠᠨ ᠤ ᠭᠤᠤᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ᠂ ᠭᠤᠤᠯᠳᠠᠯᠭ᠎ᠠ ᠲᠠᠢ ᠰᠢᠭᠤᠶᠢᠲᠤ ᠣᠷᠣᠨ ᠃ ᠪᠣᠳᠠᠲᠠᠶ ᠭᠠᠵᠠᠷ ᠣᠷᠣᠨ ᠨᠢ᠄ ᠲᠦᠮᠡᠳ ᠵᠡᠭᠦᠨ ᠬᠤᠰᠢᠭᠤᠨ ᠤ ᠪᠠᠶ ᠱᠢ ᠭᠧᠦ᠂ ᠢ ᠴᠢᠶᠠᠨ ᠱᠠᠩ ᠭᠧᠦ᠂ ᠸᠠᠨ ᠵᠢᠶᠠ ᠭᠧᠦ᠂ ᠯᠠᠮᠠ ᠶᠢᠨ ᠠᠭᠤᠢ ᠭᠧᠦ᠂ ᠵᠢᠷᠦᠬᠡᠨ ᠭᠤᠣᠯ᠂ ᠶᠢᠨ ᠯᠤᠸᠠᠨ ᠳ᠋ᠢᠶᠠᠨ︔ ᠬᠤᠲᠣᠩ ᠠᠷᠠᠳ ᠤᠨ ᠲᠣᠭᠤᠷᠢᠭ ᠤᠨ ᠡᠪᠯᠡᠯ ᠤᠨ ᠬᠤᠷᠢᠶᠠᠨ ᠤ ᠠᠮᠢ ᠠᠬᠤᠢ ᠶᠢᠨ ᠬᠦᠷᠢᠶᠡᠯᠡᠩ᠂ ᠳ᠋ᠦᠩ ᠫᠧᠩ ᠽᠢ ᠶᠢᠨ ᠬᠤᠶᠢᠰᠢ ᠪᠠᠨ ᠰᠤᠩᠭᠠᠬᠤ ᠬᠡᠰᠡᠭ᠂ ᠪᠠᠷᠠᠭᠤᠨ ᠤᠰᠤᠲᠤ᠂ ᠰᠾᠢ ᠷᠧᠨ ᠭᠸᠦ︔ ᠰᠢᠨ᠎ᠡ ᠬᠤᠲᠠ ᠲᠣᠭᠤᠷᠢᠭ ᠤᠨ ᠮᠢᠶᠠᠨ ᠶᠣᠣ ᠭᠸᠦ᠂ ᠰᠢᠶᠤᠤ ᠵᠢᠩ ᠭᠸᠦ᠂ ᠬᠦᠢᠰᠦ᠂ ᠫᠢ ᠴᠠᠢ ᠭᠸᠦ᠂ ᠭᠤᠷᠪᠠᠨ ᠪᠠᠶᠢᠰᠢᠩ ᠰᠢᠭᠤᠶᠢᠲᠤ ᠣᠷᠣᠨ᠂ ᠼᠦᠩ ᠷᠦᠩ ᠠᠭᠤᠯᠠᠨ ᠲᠣᠰᠬᠤᠨ︔ ᠰᠠᠶᠢᠬᠠᠨ ᠲᠣᠭᠤᠷᠢᠭ ᠤᠨ ᠬᠤᠶᠢᠲᠤ ᠠᠭᠤᠯᠠ᠂ ᠣᠪᠣᠭᠠᠨ ᠠᠭᠤᠯᠠ︔ ᠬᠤᠷᠢᠨᠭᠡᠷ ᠰᠢᠶᠠᠨ ᠤ ᠨᠠᠨ ᠲᠢᠶᠠᠨ ᠮᠧᠨ ᠤᠢ ᠰᠢᠭᠤᠶ ᠶᠢᠨ ᠲᠠᠯᠠᠪᠠᠢ᠂ ᠱᠠ ᠪᠠ ᠳᠥᠷᠪᠡᠳᠦᠭᠡᠷ ᠨᠣᠮᠧᠷᠲᠤ᠂ ᠸᠧ ᠨᠢᠤ ᠱᠠᠨ︔ ᠴᠢᠩ ᠱᠦᠶ ᠾᠧ ᠰᠢᠶᠠᠨ ᠤ ᠶᠢᠩ ᠽᠦᠶ ᠱᠠᠨ᠂ ᠶᠣᠣ ᠯᠢᠨ ᠭᠸᠦ᠂ ᠪᠠᠩ ᠡᠯ ᠠᠭᠤᠯᠠ᠂ ᠯᠦ ᠼᠤᠤ ᠠᠭᠤᠯᠠ᠂ ᠯᠦ ᠼᠤᠤ ᠭᠸᠦ᠂ ᠳ᠋ᠠ ᠱᠣ᠋ ᠭᠸᠦ᠂ ᠰᠦᠩ  ᠱᠦ ᠭᠸᠦ︔ ᠦᠴᠤᠸᠠᠨ ᠰᠢᠶᠠᠨ ᠤ ᠡᠦ ᠳ᠋ᠤᠤ ᠭᠸᠦ᠂ ᠯᠢ ᠴᠢ ᠭᠸᠦ᠂ ᠳᠡᠷᠡᠰᠦᠲᠦ ᠭᠸᠦ᠂ ᠳ᠋ᠠ ᠯᠢᠶᠠᠩ ᠰᠢᠭᠤᠶᠢᠲᠤ ᠣᠷᠣᠨ᠂ ᠵᠢᠩ ᠡᠯ ᠭᠸᠦ ᠵᠡᠷᠭᠡ ᠭᠤᠤᠯᠳᠠᠯᠭ᠎ᠠ ᠲᠠᠢ ᠭᠠᠯ ᠰᠡᠷᠭᠡᠶᠢᠯᠡᠬᠦ ᠭᠠᠵᠠᠷ ᠪᠠᠭᠲᠠᠨ᠎ᠠ᠃      ᠭᠤᠷᠪᠠ᠂ ᠭᠠᠯ ᠰᠡᠷᠭᠡᠶᠢᠯᠡᠬᠦ ᠬᠤᠷᠢᠭ᠎ᠠ ᠴᠠᠭᠠᠵᠠ ᠶᠢᠨ ᠬᠤᠭᠤᠴᠠᠭᠠᠨ ᠳᠤ᠂ ᠭᠠᠯ ᠰᠡᠷᠭᠡᠶᠢᠯᠡᠬᠦ ᠬᠤᠷᠢᠭ᠎ᠠ ᠴᠠᠭᠠᠵᠠ ᠶᠢᠨ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠭᠠᠯ ᠤᠨ ᠠᠶᠤᠯ ᠡᠭᠦᠰᠭᠡᠵᠦ ᠮᠡᠳᠡᠬᠦ ᠲᠡᠷᠭᠡ ᠬᠥᠰᠬᠡ᠂ ᠮᠠᠰᠢᠨ ᠵᠢᠴᠢ ᠬᠥᠮᠦᠰ ᠲᠤ ᠴᠢᠬᠤᠯᠠ ᠪᠦᠬᠦᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃      ︵ᠨᠢᠭᠡ︶ ᠢᠯᠡ ᠭᠠᠯ ᠢᠶᠠᠷ ᠳᠠᠬᠢᠯᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃      ︵ᠬᠤᠶᠠᠷ︶ ᠬᠤᠷᠢᠭ᠎ᠠ ᠴᠠᠭᠠᠵᠠ ᠶᠢᠨ ᠣᠷᠣᠨ ᠤ ᠳᠣᠲᠣᠷᠠᠬᠢ ᠡᠷᠬᠡᠪᠰᠢ ᠦᠢᠯᠡᠳᠪᠦᠷᠢᠯᠡᠯ᠂ ᠠᠮᠢᠳᠤᠷᠠᠯ ᠤᠨ ᠭᠠᠯ ᠬᠡᠷᠡᠭᠯᠡᠬᠦ ᠨᠢᠭᠡᠴᠡ ᠪᠣᠯᠤᠨ ᠰᠠᠭᠤᠭᠠᠯᠢ ᠠᠷᠠᠳ ᠲᠤ ᠲᠤᠰ ᠬᠤᠷᠢᠭ᠎ᠠ ᠴᠠᠭᠠᠵᠠ ᠶᠢᠨ ᠵᠠᠷᠯᠢᠭ ᠤᠨ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ ᠭᠤᠷᠪᠠᠳᠤᠭᠠᠷ ᠳᠡᠰ ᠠᠴᠠ ᠳᠡᠭᠡᠭᠰᠢᠬᠢ ᠰᠠᠯᠬᠢᠨ ᠤ ᠬᠦᠴᠦᠨ ᠤ ᠴᠠᠭ ᠠᠭᠤᠷ᠂ ᠤᠢ ᠶᠢᠨ ᠬᠥᠪᠡᠭᠡ ᠠᠴᠠ 500 ᠮᠧᠲᠷ ᠤᠨ ᠬᠡᠪᠴᠢᠶᠡᠨ ᠳᠣᠲᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠡᠳᠦᠷ ᠲᠤᠳᠦᠮ ᠤᠨ ᠭᠠᠯ ᠬᠡᠷᠡᠭᠯᠡᠬᠦ ᠳᠤ ᠡᠷᠬᠡᠪᠰᠢ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ᠂ ᠦᠨᠡᠰᠦ ᠴᠢᠳᠬᠤᠬᠤ ᠨᠦᠭᠡ ᠵᠡᠷᠭᠡ ᠶᠢ ᠭᠠᠷᠭᠠᠬᠤ ᠬᠡᠷᠡᠭᠲᠡᠶ᠂ ᠭᠠᠯ ᠤᠨ ᠣᠴᠢ ᠦᠯᠡᠳᠡᠭᠰᠡᠨ ᠰᠢᠲᠠᠭᠠᠭᠴᠢ ᠪᠣᠳᠠᠰ ᠢ ᠭᠠᠯ ᠰᠡᠷᠭᠡᠶᠢᠯᠡᠬᠦ ᠲᠤᠰᠠᠭᠠᠷᠯᠠᠬᠤ ᠣᠷᠣᠨ ᠤ ᠭᠠᠳᠠᠨ᠎ᠠ ᠠᠰᠬᠠᠵᠤ ᠬᠠᠶᠠᠬᠤ ᠶᠢ ᠴᠢᠩᠭ᠎ᠠ ᠴᠠᠭᠠᠵᠠᠯᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠠᠴᠠ ᠡᠯ᠎ᠡ ᠦᠢᠯᠡᠳᠪᠦᠷᠢᠯᠡᠯ᠂ ᠠᠵᠢᠯᠯᠠᠬᠤ ᠨᠢᠭᠡᠴᠡ ᠶᠢᠨ ᠠᠵᠢᠯᠯᠠᠭᠠᠨ ᠤ ᠣᠷᠣᠨ ᠪᠦᠰᠡ ᠶᠢ ᠲᠣᠭᠲᠠᠭᠠᠵᠤ᠂ ᠪᠣᠢ ᠪᠦᠬᠦᠢ ᠨᠢᠭᠡᠴᠡ ᠡᠷᠬᠡᠪᠰᠢ ᠬᠤᠰᠢᠭᠤ ᠰᠢᠶᠠᠨ ᠲᠣᠭᠤᠷᠢᠭ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠵᠠᠭᠠᠭᠯᠠᠨ ᠲᠣᠭᠲᠠᠭᠠᠭᠰᠠᠨ ᠣᠷᠣᠨ ᠪᠦᠰᠡ ᠶᠢᠨ ᠳᠣᠲᠣᠷ᠎ᠠ ᠦᠢᠯᠡᠳᠪᠦᠷᠢᠯᠡᠯ ᠤᠨ ᠠᠵᠢᠯᠯᠠᠭ᠎ᠠ ᠬᠢᠬᠦ ᠬᠡᠷᠡᠭᠲᠡᠶ᠃      ︵ᠭᠤᠷᠪᠠ︶ ᠬᠤᠷᠢᠭ᠎ᠠ ᠴᠠᠭᠠᠵᠠ ᠶᠢᠨ ᠣᠷᠣᠨ ᠤ ᠳᠣᠲᠣᠷᠠᠬᠢ ᠡᠯ᠎ᠡ ᠦᠢᠯᠡᠳᠪᠦᠷᠢᠯᠡᠯ ᠤᠨ ᠠᠵᠢᠯᠯᠠᠬᠤ ᠴᠡᠭ ᠂ ᠵᠢᠭᠤᠯᠴᠢᠯᠠᠯ ᠤᠨ ᠢᠳᠡᠭᠡᠨ ᠤᠮᠳᠠᠭᠠᠨ ᠤ ᠴᠡᠭ ᠲᠤ ᠡᠷᠬᠡᠪᠰᠢ ᠲᠤᠰᠬᠠᠶ ᠲᠤᠰᠢᠶᠠᠯᠲᠤ ᠣᠶ ᠰᠢᠭᠤᠶ ᠬᠠᠮᠠᠭᠠᠯᠠᠭᠴᠢ ᠪᠠ ᠭᠠᠯ ᠤᠨᠲᠠᠷᠠᠭᠠᠬᠤ ᠮᠠᠰᠢᠨ ᠪᠠᠭᠠᠵᠢ ᠳᠣᠭᠢᠷᠠᠭᠤᠯᠬᠤ ᠬᠡᠷᠡᠭᠲᠡᠶ᠂ ᠪᠣᠳᠠᠲᠠᠶ ᠲᠤᠭ᠎ᠠ ᠬᠡᠮᠵᠢᠶ᠎ᠡ ᠨᠢ᠄ ᠣᠶᠢᠲᠤ ᠭᠠᠵᠠᠷ ᠢ ᠡᠵᠡᠯᠡᠨ ᠬᠡᠷᠡᠭᠯᠡᠭᠰᠡᠨ ᠡᠵᠡᠩᠨᠡᠯᠲᠡ ᠶᠢᠨ ᠲᠠᠯᠠᠪᠠᠶ ᠨᠢ 3000 ᠾᠧᠺᠲ᠋ᠠᠷ ᠠᠴᠠ ᠳᠡᠭᠡᠭᠰᠢᠬᠢ ᠵᠢᠭᠤᠯᠴᠢᠯᠠᠯ ᠤᠨ ᠬᠤᠭᠤᠯᠠᠨ ᠬᠡᠷ ᠤᠨ ᠠᠵᠤ ᠠᠬᠤᠶᠢᠯᠠᠯ ᠳᠤ 30 ᠬᠥᠮᠥᠨ ᠠᠴᠠ ᠳᠡᠭᠡᠭᠰᠢ ᠲᠤᠰᠬᠠᠶ ᠲᠤᠰᠢᠶᠠᠯᠲᠤ ᠣᠶ ᠰᠢᠭᠤᠶ ᠬᠠᠮᠠᠭᠠᠯᠠᠭᠴᠢ ᠳᠣᠭᠢᠷᠠᠭᠤᠯᠵᠤ᠂ 50 ᠬᠥᠮᠥᠨ ᠠᠴᠠ ᠳᠡᠭᠡᠭᠰᠢᠬᠢ ᠬᠠᠭᠠᠰ ᠲᠤᠰᠬᠠᠶᠢᠵᠢᠭᠰᠠᠨ ᠭᠠᠯ ᠤᠨᠲᠠᠷᠠᠭᠠᠬᠤ ᠡᠩᠨᠡᠭᠡ ᠳᠣᠭᠢᠷᠠᠭᠤᠯᠵᠤ᠂ 20 ᠰᠠᠭᠤᠷᠢ ᠠᠴᠠ ᠳᠡᠭᠡᠭᠰᠢ ᠰᠠᠯᠬᠢᠨ ᠬᠦᠴᠦᠨ ᠢᠶᠠᠷ ᠭᠠᠯ ᠤᠨᠲᠠᠷᠠᠭᠠᠬᠤ ᠮᠠᠰᠢᠨ᠂ 30 ᠬᠤᠶᠠᠳᠤᠭᠠᠷ ᠨᠣᠮᠧᠷᠲᠤ ᠪᠠᠭᠠᠵᠢ ᠶᠢ ᠳᠣᠭᠢᠷᠠᠭᠤᠯᠬᠤ ᠬᠡᠷᠡᠭᠲᠡᠶ︔ ᠣᠶᠢᠲᠤ ᠭᠠᠵᠠᠷ ᠢ ᠡᠵᠡᠯᠡᠨ ᠬᠡᠷᠡᠭᠯᠡᠵᠦ ᠡᠵᠡᠩᠨᠡᠭᠰᠡᠨ ᠲᠠᠯᠠᠪᠠᠢ ᠨᠢ 3000 ᠾᠧᠺᠲ᠋ᠠᠷ ᠠᠴᠠ ᠳᠣᠷᠣᠭᠰᠢ ᠪᠠᠶᠢᠪᠠᠯ᠂ 20 ᠬᠥᠮᠦᠨ ᠠᠴᠠ ᠳᠡᠭᠡᠭᠰᠢ ᠲᠤᠰᠬᠠᠶ ᠲᠤᠰᠢᠶᠠᠯᠲᠤ ᠣᠢ ᠬᠠᠮᠠᠭᠠᠯᠠᠭᠴᠢ ᠲᠣᠬᠢᠷᠠᠭᠤᠯᠵᠤ᠂ 30 ᠬᠥᠮᠥᠨ ᠠᠴᠠ ᠳᠡᠭᠡᠭᠰᠢᠬᠢ ᠬᠠᠭᠠᠰ ᠲᠤᠰᠬᠠᠶᠢᠵᠢᠭᠰᠠᠨ ᠭᠠᠯ ᠤᠨᠲᠠᠷᠠᠭᠠᠬᠤ ᠡᠩᠨᠡᠭᠡ ᠲᠣᠬᠢᠷᠠᠭᠤᠯᠵᠤ᠂ 10 ᠰᠠᠭᠤᠷᠢ ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ ᠲᠣᠬᠢᠷᠠᠭᠤᠯᠵᠤ᠂ 20 ᠬᠤᠶᠠᠳᠤᠭᠠᠷ ᠨᠣᠮᠧᠷᠲᠤ ᠪᠠᠭᠠᠵᠢ ᠶᠢ ᠲᠣᠬᠢᠷᠠᠭᠤᠯᠬᠤ ᠬᠡᠷᠡᠭᠲᠡᠶ᠃ ᠭᠠᠯ ᠰᠡᠷᠭᠡᠶᠢᠯᠡᠬᠦ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠬᠦ ᠦᠭᠡᠶ ᠪᠦᠬᠦᠨ ᠢ ᠴᠥᠮ ᠴᠡᠭᠴᠡᠯᠡᠨ ᠰᠠᠶᠢᠵᠢᠷᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠠᠴᠠ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠤᠨ ᠶᠣᠰᠣᠭᠠᠷ ᠵᠣᠬᠢᠴᠠᠩᠭᠤᠶ ᠠᠷᠭ᠎ᠠ ᠬᠡᠮᠵᠢᠶ᠎ᠡ ᠲᠣᠭᠲᠠᠭᠠᠨ ᠬᠡᠷᠡᠭᠵᠢᠭᠦᠯᠬᠦ ᠶᠢ ᠪᠠᠲᠤᠯᠠᠬᠤ ᠶᠢ ᠵᠥᠪᠰᠢᠶᠡᠷᠡᠨ᠎ᠡ᠃      ︵ᠳᠥᠷᠪᠡ︶ ᠭᠠᠯ ᠰᠡᠷᠭᠡᠶᠢᠯᠡᠨ ᠤᠨᠲᠠᠷᠠᠭᠠᠬᠤ ᠬᠤᠷᠢᠭ᠎ᠠ ᠴᠠᠭᠠᠵᠠ ᠶᠢᠨ ᠬᠤᠭᠤᠴᠠᠭᠠᠨ ᠳᠤ ᠦᠨᠡᠨ ᠰᠤᠮᠤᠨ ᠤ ᠰᠣᠷᠢᠯᠲᠠ ᠬᠢᠬᠦ᠂ ᠳᠡᠯᠪᠡᠴᠢᠬᠦ ᠵᠡᠷᠭᠡ ᠠᠵᠢᠯᠯᠠᠭ᠎ᠠ ᠬᠢᠬᠦ ᠴᠢᠬᠤᠯᠠ ᠲᠠᠢ ᠪᠣᠯ ᠡᠷᠬᠡᠪᠰᠢ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠲᠤᠬᠠᠶ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠯᠤᠭ᠎ᠠ ᠬᠠᠮᠵᠢᠯᠴᠠᠨ ᠴᠢᠬᠤᠯᠠ ᠪᠦᠬᠦᠢ ᠭᠠᠯ ᠤᠨᠲᠠᠷᠠᠭᠠᠬᠤ ᠠᠷᠭ᠎ᠠ ᠬᠡᠮᠵᠢᠶ᠎ᠡ ᠠᠪᠴᠤ᠂ ᠭᠠᠯ ᠰᠡᠷᠭᠡᠶᠢᠯᠡᠨ ᠤᠨᠲᠠᠷᠠᠭᠠᠬᠤ ᠪᠡᠯᠡᠳᠬᠡᠯ ᠠᠵᠢᠯ ᠢ ᠰᠠᠶᠢᠳᠤᠷ ᠬᠢᠭᠰᠡᠨ ᠤ ᠳᠠᠷᠠᠭ᠎ᠠ ᠰᠠᠶ᠋ᠢ ᠬᠡᠷᠡᠭᠵᠢᠭᠦᠯᠵᠦ ᠪᠣᠯᠤᠨ᠎ᠠ᠃      ︵ᠲᠠᠪᠤ︶ ᠬᠤᠷᠢᠭ᠎ᠠ ᠴᠠᠭᠠᠵᠠ ᠶᠢᠨ ᠣᠷᠣᠨ ᠠᠴᠠ ᠥᠩᠭᠡᠷᠡᠬᠦ ᠲᠡᠷᠭᠡ ᠬᠥᠰᠬᠡ᠂ ᠮᠠᠰᠢᠨ ᠳᠤ ᠭᠠᠯ ᠰᠡᠷᠭᠡᠶᠢᠯᠡᠬᠦ ᠠᠶᠤᠯᠭᠦᠢ ᠶᠢᠨ ᠪᠠᠶᠢᠴᠠᠭᠠᠯᠲᠠ ᠬᠢᠬᠦ ᠵᠡᠷᠭᠡ ᠴᠢᠬᠤᠯᠠ ᠪᠦᠬᠦᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ᠨᠠᠰᠢ ᠴᠠᠰᠢ ᠵᠣᠷᠴᠢᠬᠤ ᠠᠶᠠᠨᠴᠢᠳ ᠲᠡᠷᠭᠡ᠂ ᠵᠢᠯᠣᠭᠤᠴᠢ ᠳᠤ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠥᠵᠢᠯ ᠤᠨ ᠠᠵᠢᠯ ᠢ ᠰᠠᠶᠢᠲᠤᠷ ᠬᠢᠵᠦ᠂ ᠭᠠᠳᠠᠭᠰᠢ ᠲᠠᠮᠠᠬᠢ ᠬᠠᠶᠠᠬᠤ ᠵᠡᠷᠭᠡ ᠣᠢ ᠰᠢᠭᠤᠶ ᠶᠢᠨ ᠭᠠᠯ ᠡᠭᠦᠰᠭᠡᠵᠦ ᠮᠡᠳᠡᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠂ ᠵᠢᠯᠣᠭᠤᠴᠢ᠂ ᠲᠡᠷᠭᠡ ᠳᠠᠭᠠᠬᠤ ᠬᠠᠮᠢᠶᠠᠷᠤᠭᠴᠢ ᠨᠢ ᠭᠠᠯ ᠰᠡᠷᠭᠡᠶᠢᠯᠡᠬᠦ ᠬᠠᠷᠢᠭᠤᠴᠠᠯᠭᠠᠲᠠᠨ ᠪᠣᠯᠣᠨ᠎ᠠ᠃      ︵ᠵᠢᠷᠭᠤᠭ᠎ᠠ︶ ᠶᠠᠮᠠᠷᠪᠠ ᠨᠢᠭᠡᠴᠡ ᠪᠣᠯᠤᠨ ᠬᠤᠪᠢ ᠬᠥᠮᠦᠨ ᠣᠢ ᠰᠢᠭᠤᠶ ᠶᠢᠨ ᠭᠠᠯ ᠤᠨ ᠪᠠᠶᠢᠳᠠᠯ ᠢ ᠣᠯᠵᠤ ᠮᠡᠳᠡᠪᠡᠯ᠂ ᠲᠤᠬᠠᠶ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠪᠤᠶᠤ ᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠢ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠴᠥᠮ ᠲᠦᠭᠰᠢᠭᠦᠷᠢ ᠮᠡᠳᠡᠭᠦᠯᠬᠦ ᠳᠤ ᠨᠥᠬᠦᠴᠡᠯ ᠦᠭᠡᠢ ᠳᠥᠭᠦᠮ ᠦᠵᠡᠭᠦᠯᠵᠦ᠂ ᠣᠢ ᠰᠢᠭᠤᠶ ᠶᠢᠨ ᠭᠠᠯ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠨ᠎ᠠ᠃ ᠭᠠᠯ ᠲᠦᠢᠮᠡᠷ ᠤᠨ ᠰᠡᠷᠡᠮᠵᠢ ᠶᠢᠨ ᠤᠲᠠᠰᠤ᠄ 12119᠃       ︵ᠳᠣᠯᠤᠭ᠎ᠠ︶ ᠬᠤᠷᠢᠭ᠎ᠠ ᠴᠠᠭᠠᠵᠠ ᠶᠢᠨ ᠬᠤᠭᠤᠴᠠᠭᠠᠨ ᠳᠤ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ︽ᠠᠭᠤᠯᠠ ᠶᠢ ᠴᠡᠪᠡᠷᠯᠡᠬᠦ᠂ ᠭᠤᠤ ᠶᠢ ᠴᠡᠪᠡᠷᠯᠡᠬᠦ᠂ ᠲᠣᠬᠤᠢ ᠶᠢ ᠴᠡᠪᠡᠷᠯᠡᠬᠦ︾ ᠠᠵᠢᠯᠯᠠᠭ᠎ᠠ ᠶᠢ ᠥᠷᠨᠢᠭᠦᠯᠵᠦ᠂ ᠭᠠᠯ ᠤᠨ ᠠᠶᠤᠯ ᠤᠨ ᠠᠯᠢᠪᠠ ᠳᠠᠯᠳᠠ ᠭᠡᠮ ᠢ ᠴᠢᠷᠮᠠᠶᠢᠨ ᠠᠷᠢᠯᠭᠠᠬᠤ ᠬᠡᠷᠡᠭᠲᠡᠶ᠃      ︵ᠨᠠᠢᠮᠠ︶ ᠭᠠᠯ ᠤᠨ ᠠᠶᠤᠯ ᠭᠠᠷᠪᠠᠯ᠂ ᠬᠡᠨ ᠤᠷᠢᠳᠠᠪᠠᠷ ᠣᠯᠵᠤ ᠮᠡᠳᠡᠪᠡᠯ᠂ ᠬᠡᠨ ᠤᠷᠢᠳᠠᠪᠠᠷ ᠮᠡᠳᠡᠭᠦᠯᠬᠦ᠂ ᠬᠡᠨ ᠤᠷᠢᠳᠠᠪᠠᠷ ᠭᠠᠯ ᠤᠨᠲᠠᠷᠠᠭᠠᠬᠤ ᠵᠠᠷᠴᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠲᠣᠭᠤᠷᠢᠭ ᠪᠤᠶᠤ ᠤᠯᠤᠰ ᠤᠨ ᠥᠮᠴᠢᠯᠡᠯ ᠤᠨ ᠤᠢ ᠰᠢᠭᠤᠢ ᠶᠢᠨ ᠠᠵᠢᠯ ᠬᠢᠬᠦ ᠲᠣᠭᠤᠷᠢᠭ ᠤᠨ ᠵᠠᠭᠠᠭ ᠬᠢᠵᠠᠭᠠᠷ ᠲᠤ ᠬᠢᠵᠠᠭᠠᠷᠯᠠᠭᠳᠠᠬᠤ ᠥᠭᠡᠢ᠃      ︵ᠶᠢᠰᠦ︶ ᠪᠤᠰᠤᠳ ᠭᠤᠤᠯᠳᠠᠯᠭ᠎ᠠ ᠲᠠᠢ ᠭᠠᠵᠠᠷ ᠬᠡᠰᠡᠭ᠂ ᠰᠢᠭᠤᠶᠢᠲᠤ ᠣᠷᠣᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠤᠷᠢᠭ᠎ᠠ ᠴᠠᠭᠠᠵᠠ ᠶᠢᠨ ᠵᠠᠬᠢᠷᠤᠨ ᠬᠠᠮᠢᠶᠠᠷᠤᠯᠲᠠ ᠶᠠᠪᠤᠭᠤᠯᠬᠤ ᠪᠤᠶᠤ ᠬᠤᠷᠢᠭ᠎ᠠ ᠴᠠᠭᠠᠵᠠ ᠶᠢᠨ ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠣᠯ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠠᠴᠠ ᠠᠰ ᠲᠤᠨᠢ ᠬᠤᠷᠢᠭ᠎ᠠ ᠴᠠᠭᠠᠵᠠ ᠶᠢᠨ ᠵᠠᠷᠯᠢᠭ ᠨᠡᠶᠢᠲᠡᠯᠡᠨ᠎ᠡ᠃
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号