ᠬᠦᠬᠡᠬᠤᠲᠠ ᠵᠠᠰᠠᠭ ᠲᠠᠷᠬᠠᠭᠠᠭᠰᠠᠨ ﹇2020﹈ 43 ᠳ᠋ᠤᠭᠠᠷ ᠲᠤᠭᠠᠳᠤ | 2020 ᠣᠨ ᠤ 4 ᠳ᠋ᠤᠭᠡᠷ ᠰᠠᠷ᠎ᠠ ᠶᠢᠨ 1 ᠤ ᠡᠳᠦᠷ | 2019 ᠣᠨ ᠳᠤ᠂ ᠮᠠᠨ ᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ | ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠡᠯ᠎ᠡ | ᠰᠠᠯᠠᠭ᠎ᠠ ᠮᠥᠴᠢᠷ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠵᠠᠬᠢᠷᠭᠠᠨ ᠤ ᠦᠢᠯᠡ | ᠠᠵᠢᠯᠯᠠᠭ᠎ᠠ ᠪᠠᠨ ᠵᠢᠷᠤᠮᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠳᠠ ᠶᠢ ᠴᠢᠩᠭᠠᠳᠬᠠᠵᠤ᠂ | ᠡᠯ᠎ᠡ ᠵᠦᠢᠯ ᠤᠨ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ | ᠨᠢᠭᠡ᠂ ᠨᠢᠭᠡᠳᠦᠯᠲᠡᠶ ᠲᠥᠯᠥᠪᠯᠡᠨ ᠪᠠᠶᠢᠷᠢᠯᠠᠭᠤᠯᠬᠤ ᠪᠠᠨ ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠤᠷᠳᠤᠨ ᠤ | ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠪᠠ | ᠪᠥᠬᠦ ᠲᠠᠯ᠎ᠠ ᠪᠠᠷ ᠬᠠᠤᠯᠢ ᠶᠤᠰᠤᠭᠠᠷ ᠬᠤᠲᠠ ᠪᠠᠨ ᠵᠠᠰᠠᠬᠤ ᠶᠢ ᠪᠠᠷᠢᠮᠲᠠᠯᠠᠵᠤ᠂ ᠬᠤᠲᠠ ᠶᠢᠨ ᠵᠠᠰᠠᠭ ᠤᠨ ᠣᠷᠳᠣᠨ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠢᠮᠠᠭᠲᠠ ᠪᠥᠬᠦ ᠬᠤᠲᠠ ᠶᠢᠨ ᠠᠵᠢᠯ ᠤᠨ ᠴᠢᠬᠤᠯᠠ | ᠪᠠᠶᠢᠷᠢᠨ ᠳᠤ ᠲᠠᠯᠪᠢᠵᠤ᠂ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ ᠴᠢᠬᠤᠯᠠ ᠵᠣᠬᠢᠶᠠᠨ ᠪᠠᠶᠢᠭᠤᠯᠤᠭᠴᠢ | ᠂ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠬᠦᠢᠴᠡᠳᠭᠡᠵᠦ᠂ ︽ | 2019 ᠣᠨ ᠤ ᠬᠥᠬᠡᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ | ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ ᠬᠠᠤᠯᠢᠵᠢᠯ ᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢᠨ | ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠳᠡᠭᠡᠷ᠎ᠡ ᠨᠢᠭᠡ ᠵᠢᠯ ᠤᠨ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠤᠨ ᠪᠠᠶᠢᠳᠠᠯ ᠢᠶᠠᠨ ᠲᠣᠭᠲᠠᠭᠰᠠᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ ᠶᠢᠨ ᠬᠠᠮᠲᠤ ᠮᠡᠳᠡᠭᠦᠯᠦᠯᠲᠡ ᠶᠢᠨ ᠠᠭᠤᠯᠭ᠎ᠠ ᠪᠠᠨ ᠵᠠᠰᠠᠭ | ᠤᠨ ᠣᠷᠳᠣᠨ ᠤ ᠠᠯᠪᠠᠨ ᠰᠦᠯᠵᠢᠶ᠎ᠡ ᠪᠠᠷ ᠨᠡᠶᠢᠭᠡᠮ ᠳᠤ ᠢᠯᠡ ᠨᠡᠶᠢᠳᠡᠯᠡᠪᠡ᠃ | ᠬᠤᠶᠠᠷ᠂ ᠡᠭᠦᠷᠭᠡ ᠴᠢᠳᠠᠪᠤᠷᠢ ᠪᠠᠨ ᠪᠥᠬᠦ ᠲᠠᠯ᠎ᠠ ᠪᠠᠷ ᠬᠤᠪᠢᠷᠠᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ | ᠨᠢᠭᠡ ᠳᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ᠂ ᠨᠢᠭᠡ ᠴᠣᠩᠬᠤᠪᠴᠢ︾ ᠶᠢᠨ | ᠬᠠᠮᠢᠶᠠᠷᠤᠯᠲᠠ ᠶᠢᠨ ᠰᠢᠨ᠎ᠡ ᠵᠠᠭᠪᠤᠷ ᠢ ᠬᠡᠷᠡᠭᠵᠢᠭᠦᠯᠵᠦ᠂ 21 ᠬᠤᠲᠠ ᠶᠢᠨ ᠱᠠᠲᠤᠨ ᠤ ᠰᠠᠯᠠᠭ᠎ᠠ ᠮᠥᠴᠢᠷ ᠤᠨ 144 | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠲᠥᠪᠯᠡᠷᠡᠭᠦᠯᠦᠨ᠂ ᠪᠥᠬᠦ ᠵᠢᠯ ᠳᠤ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ᠲᠤᠰᠬᠠᠶ ᠲᠠᠮᠠᠭ᠎ᠠ ᠪᠠᠷ ᠲᠣᠭᠲᠠᠭᠠᠯ ᠤᠨ ᠪᠢᠴᠢᠭ᠂ ᠳᠠᠩᠰᠠᠯᠠᠨ | ᠲᠡᠮᠳᠡᠭᠯᠡᠭᠰᠡᠨ ᠭᠡᠷᠡᠴᠢ ᠪᠠᠷᠢᠮᠲᠠ ᠪᠠ ᠬᠢᠨᠠᠨ ᠵᠦᠪᠰᠢᠶᠡᠷᠡᠭᠰᠡᠨ ᠭᠡᠷᠡᠴᠢ ᠦᠨᠡᠮᠯᠡᠯ ᠵᠡᠷᠭᠡ ᠶᠢ 20700 ᠭᠠᠷᠤᠶ | ᠬᠤᠪᠢ ᠬᠦᠢᠴᠡᠳᠭᠡᠪᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ | ᠰᠦᠯᠵᠢᠶᠡᠨ ᠤ ᠲᠠᠪᠴᠠᠩ ᠢ ᠰᠤᠳᠤᠯᠤᠨ ᠨᠡᠭᠡᠭᠡᠵᠦ᠂ ᠡᠯ᠎ᠡ ᠱᠠᠲᠤᠨ ᠤ ᠡᠯ᠎ᠡ ᠲᠥᠷᠥᠯ ᠤᠨ 4400 ᠭᠠᠷᠤᠢ | ᠵᠦᠢᠯ ᠢ ᠬᠠᠮᠤᠷᠴᠠᠢ᠃ ︽ᠡᠮᠦᠨ᠎ᠡ ᠲᠠᠪᠴᠠᠩ ᠳᠤ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ | ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠢ ᠴᠤᠩᠬᠤᠪᠴᠢ ᠪᠠᠷ ᠪᠢᠴᠢᠭ | ᠮᠠᠲ᠋ᠧᠷᠢᠶᠠᠯ ᠭᠠᠷᠭᠠᠬᠤ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠵᠦᠢᠯᠡᠰ ᠢ | ᠬᠦᠢᠴᠡᠳᠭᠡᠬᠦ ᠴᠠᠭ ᠤᠨ ᠬᠢᠵᠠᠭᠠᠷ ᠢ 9 ᠡᠳᠦᠷ ᠪᠣᠯᠭᠠᠨ ᠪᠣᠭᠤᠨᠢᠰᠬᠠᠵᠤ᠂ ᠭᠥᠯᠢᠶᠡᠨ ᠠᠪᠴᠤ ᠰᠢᠢᠳᠪᠦᠷᠢᠯᠡᠬᠦ ᠴᠠᠭ | ᠤᠨ ᠬᠢᠵᠠᠭᠠᠷ ᠢ 1 ᠴᠠᠭ ᠪᠣᠯᠭᠠᠨ ᠪᠤᠭᠤᠨᠢᠰᠬᠠᠪᠠ᠃ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠰᠦᠯᠵᠢᠶᠡᠨ | ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠦᠢᠯᠡᠰ ᠢ ᠲᠠᠨᠢᠵᠤ ᠠᠪᠬᠤ ᠪᠠ ᠬᠡᠷᠡᠭᠵᠢᠭᠦᠯᠬᠦ | ᠨᠠᠷᠢᠨ ᠬᠠᠭᠤᠳᠠᠰᠤ ᠶᠢ ᠨᠠᠶᠢᠷᠠᠭᠤᠯᠤᠨ ᠵᠤᠬᠢᠶᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠦᠬᠦ | ᠬᠤᠲᠠ ᠶᠢᠨ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠳᠠ︾ ᠶᠢᠨ 5171 ᠵᠦᠢᠯ ᠢ ᠲᠠᠨᠢᠨ ᠠᠪᠴᠤ᠂ | ᠬᠡᠷᠡᠭᠵᠢᠭᠦᠯᠬᠦ ᠨᠠᠷᠢᠨ ᠳᠠᠩᠰᠠ 4438 ᠶᠢ ᠨᠠᠶᠢᠷᠠᠭᠤᠯᠤᠨ ᠲᠠᠷᠬᠠᠭᠠᠪᠠ᠃ ᠬᠤᠶᠠᠷ ᠲᠤ ᠠᠵᠤ ᠠᠬᠤᠶᠢᠯᠠᠯ ᠤᠨ | ᠳᠡᠩᠰᠡᠯᠡᠯᠲᠡ ᠶᠢᠨ ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠠᠵᠤ ᠠᠬᠤᠶᠢᠯᠠᠯ | ᠪᠠᠶᠢᠭᠤᠯᠬᠤ ᠳᠡᠩᠰᠡᠯᠡᠯᠲᠡ ᠶᠢ 3 ᠡᠳᠦᠷ ᠤᠨ ᠳᠣᠲᠣᠷ᠎ᠠ ᠬᠦᠢᠴᠡᠳᠭᠡᠵᠦ ᠳᠠᠭᠤᠰᠬᠠᠬᠤ ᠶᠢ ᠪᠡᠶᠡᠯᠡᠭᠦᠯᠪᠡ᠃ | ᠭᠤᠷᠪᠠ ᠳᠤ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠦᠷᠢᠶᠡᠨ ᠤ ᠰᠠᠯᠠᠭ᠎ᠠ ᠮᠥᠴᠢᠷ ᠬᠠᠮᠲᠤᠷᠠᠨ ︿ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ | ᠪᠣᠯᠭᠠᠬᠤ﹀ ᠬᠢᠨᠠᠯᠲᠠ ᠬᠠᠮᠢᠶᠠᠷᠤᠯᠳᠠ ᠶᠢᠨ ᠬᠡᠷᠡᠭᠵᠢᠭᠦᠯᠬᠦ ᠠᠷᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 456 ᠵᠦᠢᠯ ᠢ ᠬᠠᠮᠳᠤᠷᠠᠨ ᠪᠠᠶᠢᠴᠠᠭᠠᠵᠤ᠂ 8721 | ᠡᠷᠦᠬᠡ ᠳᠤ ᠪᠠᠶᠢᠴᠠᠭᠠᠯᠲᠠ ᠬᠢᠬᠦ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠢᠶᠠᠨ ᠵᠠᠷᠯᠠᠨ ᠨᠡᠶᠢᠲᠡᠯᠡᠪᠡ᠃ | ᠳᠥᠷᠪᠡ ᠳᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽ | ᠬᠥᠬᠡᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠠᠷᠭ᠎ᠠ ᠬᠡᠮᠵᠢᠶ ᠡ ᠨᠦᠭᠦᠳ︾᠂ ︽ᠬᠥᠬᠡᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾᠂ ︽ᠬᠥᠬᠡᠬᠤᠲᠠ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠬᠥᠭᠵᠢᠯᠲᠡ ᠶᠢᠨ ᠠᠷᠪᠠᠨ ᠵᠤᠷᠪᠤᠰ ᠲᠣᠭᠲᠠᠭᠠᠯ︾ ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠵᠦ᠂ | 2019 ᠣᠨ ᠢ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠲᠡᠭᠡᠭᠰᠢᠯᠡᠭᠦᠯᠬᠦ ᠣᠨ︾ ᠢᠶᠠᠷ ᠲᠣᠭᠲᠠᠭᠠᠵᠤ | ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠦᠬᠦᠴᠡᠯ︾᠂ ︽ᠪᠠᠯᠠ ᠣᠷᠣᠭᠤᠯᠤᠯᠲᠠ | ᠠᠷᠠᠯᠵᠢᠶᠠᠨ ᠤ ᠣᠷᠴᠢᠨ ᠨᠦᠬᠦᠴᠡᠯ︾᠂ ︽ᠰᠢᠨ᠎ᠡ ᠶᠢ ᠡᠭᠦᠳᠬᠦ ᠦᠢᠯᠡᠰ ᠪᠦᠲᠦᠭᠡᠬᠦ ᠣᠷᠴᠢᠨ ᠨᠦᠬᠦᠴᠡᠯ︾᠂ ︽ | ᠦᠨᠡᠨᠴᠢ ᠢᠳᠡᠭᠡᠮᠵᠢ ᠬᠠᠤᠯᠢ ᠲᠦᠷᠢᠮ ᠤᠨ ᠣᠷᠴᠢᠨ ᠨᠦᠬᠦᠴᠡᠯ︾᠂ ︽ ᠲᠦᠭᠦᠮ ᠲᠥᠳᠡ ᠣᠷᠣᠰᠢᠨ | ᠰᠠᠭᠤᠬᠤ ᠳᠤ ᠲᠣᠬᠢᠷᠠᠮᠵᠢᠲᠠᠶ ᠣᠷᠴᠢᠨ ᠨᠦᠬᠦᠴᠡᠯ︾ ᠢ ᠰᠢᠯᠢᠳᠡᠭᠵᠢᠬᠦᠯᠬᠦ ᠲᠠᠪᠤᠨ ᠶᠡᠭᠡ ᠲᠤᠰᠬᠠᠶ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ | ᠰᠢᠯᠢᠳᠡᠭᠵᠢᠬᠦᠯᠪᠡ᠃ | ᠭᠤᠷᠪᠠ᠂ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠦᠷᠢᠮ ᠤᠨ ᠬᠥᠲᠥᠯᠥᠨ ᠳᠠᠭᠠᠭᠤᠯᠬᠤ ᠦᠢᠯᠡᠳᠦᠯ | ᠡᠳᠦᠷ ᠢᠷᠡᠬᠦᠶ᠎ᠡ ᠢᠯᠡᠷᠬᠡᠶ ᠪᠣᠯᠪᠠ | ᠨᠢᠭᠡ ᠳᠤ ᠭᠤᠤᠯᠳᠠᠯᠭ᠎ᠠ ᠲᠠᠢ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠤ᠂ 2019 ᠣᠨ ᠤ | ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ | ᠲᠣᠭᠲᠠᠭᠠᠬᠤ ᠲᠥᠯᠥᠪᠯᠡᠭᠡ ᠶᠢ ᠲᠣᠭᠲᠠᠭᠠᠵᠤ᠂ ︽ᠬᠥᠬᠡᠬᠤᠲᠠ ᠶᠢᠨ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ | ᠠᠬᠢᠭᠤᠯᠬᠤ ᠠᠷᠭ᠎ᠠ︾᠂ ︽ᠬᠥᠬᠡᠬᠤᠲᠠ ᠶᠢᠨ ᠳᠠᠬᠢᠯᠲᠠ ᠤᠰᠤ ᠶᠢ ᠠᠰᠢᠭᠯᠠᠬᠤ ᠬᠠᠮᠢᠶᠠᠷᠤᠯᠲᠠ ᠶᠢᠨ ᠲᠦᠷᠢᠮ︾ ᠢ | ᠲᠣᠭᠲᠠᠭᠠᠪᠠ᠃ ᠬᠤᠶᠠᠷ ᠲᠤ ᠵᠠᠰᠠᠭ ᠵᠠᠬᠢᠷᠭᠠᠨ ᠤ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ | ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠵᠢᠯ ᠳᠤ ᠵᠠᠰᠠᠭ ᠵᠠᠬᠢᠷᠭᠠᠨ ᠤ ᠲᠦᠷᠢᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ 20 ᠬᠤᠪᠢ ᠲᠣᠭᠲᠠᠭᠠᠵᠤ ᠲᠠᠷᠬᠠᠭᠠᠪᠠ᠃ ᠭᠤᠷᠪᠠ ᠳᠤ ᠲᠦᠷᠢᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠲᠥᠪᠯᠡᠷᠡᠭᠦᠯᠦᠨ ᠴᠡᠪᠡᠷᠯᠡᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠦᠷᠢᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠳᠠᠬᠢ ᠡᠷᠬᠡ ᠲᠡᠭᠰᠢ ᠬᠠᠮᠠᠭᠠᠯᠠᠯᠳᠠ ᠶᠢᠨ ᠵᠠᠷᠴᠢᠮ ᠠᠴᠠ ᠲᠡᠷᠰᠯᠡᠭᠰᠡᠨ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠳᠤ ᠠᠰᠢᠭ ᠥᠬᠡᠶ ᠬᠤᠯᠪᠤᠭᠳᠠᠯ ᠪᠥᠬᠦᠶ ᠠᠭᠤᠯᠭ᠎ᠠ ᠶᠢ | ᠴᠡᠪᠡᠷᠯᠡᠵᠦ᠂ ᠬᠤᠲᠠ ᠶᠢᠨ ᠵᠠᠰᠠᠭ ᠤᠨ ᠣᠷᠳᠤᠨ ᠤ 2019 ᠣᠨ ᠤ 26 ᠳ᠋ᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠢᠶᠠᠷ ᠬᠢᠨᠠᠨ ᠵᠥᠪᠯᠡᠵᠦ᠂ ᠦᠷᠭᠦᠯᠵᠢᠯᠡᠨ ᠬᠦᠴᠦᠨ ᠲᠠᠢ ᠲᠦᠷᠢᠮᠵᠢᠯ ᠤᠨ ᠴᠢᠨᠠᠷᠲᠠᠶ 159 ᠬᠤᠪᠢ ᠪᠢᠴᠢᠭ | ᠮᠠᠲ᠋ᠧᠷᠢᠶᠠᠯ ᠢ ᠨᠤᠲᠠᠯᠠᠵᠤ᠂ 23 ᠬᠤᠪᠢ ᠶᠢ ᠬᠦᠴᠦᠨ ᠦᠭᠡᠢ ᠪᠤᠯᠭᠠᠵᠤ᠂ 26 ᠬᠤᠪᠢ ᠨᠢ ᠬᠦᠴᠦᠨ ᠦᠭᠡᠢ | ᠪᠣᠯᠪᠠ᠃ | ᠳᠦᠷᠪᠡ᠂ ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠶᠣᠰᠣᠭᠠᠷ ᠰᠢᠨᠵᠢᠯᠡᠬᠦ | ᠤᠬᠠᠭᠠᠨᠴᠢ ᠪᠠᠷ ᠠᠷᠠᠳᠴᠢᠯᠠᠯ ᠢᠶᠠᠷ ᠪᠤᠳᠤᠯᠭ᠎ᠠ ᠲᠣᠭᠲᠠᠭᠠᠬᠤ ᠬᠢᠷᠢ ᠲᠦᠪᠰᠢᠨ ᠢ ᠲᠡᠭᠡᠭᠰᠢᠯᠡᠭᠦᠯᠪᠡ | ᠲᠥᠷᠥ ᠶᠢᠨ ᠶᠠᠪᠤᠳᠠᠯ ᠤᠨ ᠬᠤᠷᠢᠶᠠᠨ ᠤ ︽ᠴᠢᠬᠤᠯᠠ ᠶᠡᠭᠡ ᠵᠠᠰᠠᠭ ᠵᠠᠬᠢᠷᠭᠠᠨ ᠤ ᠪᠤᠳᠣᠯᠭ᠎ᠠ ᠲᠤᠭᠲᠠᠭᠠᠬᠤ ᠳᠡᠰ | ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠢ ᠴᠢᠩᠭ᠎ᠠ ᠬᠡᠷᠡᠭᠵᠢᠭᠦᠯᠵᠦ᠂ ᠣᠯᠠᠨ ᠨᠡᠶᠢᠲᠡ ᠪᠠᠷ ᠤᠷᠤᠯᠴᠠᠵᠤ᠂ | ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ | ᠬᠢᠨᠠᠨ ᠪᠠᠶᠢᠴᠠᠭᠠᠬᠤ᠂ ᠭᠤᠤᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ | ᠲᠣᠭᠲᠠᠭᠠᠬᠤ ᠶᠢ ᠴᠢᠬᠤᠯᠠ ᠶᠡᠭᠡ ᠵᠠᠰᠠᠭ ᠵᠠᠬᠢᠷᠭᠠᠨ ᠤ ᠪᠣᠳᠣᠯᠭ᠎ᠠ ᠲᠣᠭᠲᠠᠭᠠᠬᠤ ᠳᠤ ᠵᠠᠪᠠᠯ ᠥᠩᠭᠡᠷᠡᠬᠦ ᠳᠡᠰ | ᠳᠠᠷᠠᠭᠠᠯᠠᠯ ᠪᠣᠯᠭᠠᠬᠤ ᠶᠢ ᠪᠠᠷᠢᠮᠳᠠᠯᠠᠪᠠ᠃ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ | ᠲᠦᠷᠢᠮ︾ ᠳᠤ ᠳᠠᠬᠢᠨ ᠵᠠᠰᠠᠪᠤᠷᠢ ᠣᠷᠣᠭᠤᠯᠵᠤ᠂ ᠪᠣᠳᠣᠯᠭ᠎ᠠ ᠲᠣᠭᠲᠠᠭᠠᠬᠤ ᠵᠦᠢᠯᠡᠰ ᠤᠨ ᠬᠡᠪᠴᠢᠶ᠎ᠡ᠂ ᠪᠣᠳᠣᠯᠭ᠎ᠠ | ᠲᠣᠭᠲᠠᠭᠠᠬᠤ ᠲᠡᠰ ᠲᠠᠷᠠᠭᠠᠯᠠᠯ ᠤᠨ ᠲᠣᠭᠲᠠᠭᠠᠯ ᠢ ᠲᠣᠳᠣᠷᠬᠠᠶᠢᠯᠠᠪᠠ᠃ ᠵᠠᠰᠠᠭ ᠤᠨ ᠣᠷᠳᠣᠨ ᠤ ᠬᠠᠤᠯᠢ ᠶᠢᠨ | ᠵᠥᠪᠯᠡᠭᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠪᠦᠬᠦ ᠵᠢᠯ ᠳᠤ ᠬᠤᠲᠠ ᠶᠢᠨ ᠵᠠᠰᠠᠭ ᠤᠨ ᠣᠷᠳᠣᠨ ᠤ | ᠬᠠᠤᠯᠢ ᠶᠢᠨ ᠵᠥᠪᠯᠡᠭᠴᠢ ᠬᠤᠲᠠ ᠶᠢᠨ ᠵᠠᠰᠠᠭ ᠤᠨ ᠣᠷᠳᠣᠨ ᠤ ᠡᠯ᠎ᠡ ᠲᠦᠷᠦᠯ ᠤᠨ ᠲᠤᠰᠬᠠᠶ ᠰᠡᠳᠦᠪᠲᠦ | ᠨᠤᠲᠠᠯᠠᠯᠲᠠ ᠶᠢᠨ ᠬᠤᠷᠠᠯ ᠵᠡᠷᠭᠡ ᠳᠤ 8 ᠤᠳᠠᠭ᠎ᠠ ᠣᠷᠣᠯᠴᠠᠵᠤ᠂ ᠡᠯ᠎ᠡ ᠲᠦᠷᠦᠯ ᠤᠨ ᠴᠢᠬᠤᠯᠠ ᠪᠢᠴᠢᠭ ᠮᠠᠲ᠋ᠧᠷᠢᠶᠠᠯ | ᠂ ᠬᠡᠯᠡᠯᠴᠡᠭᠡᠷ ᠭᠡᠷ᠎ᠡ ᠶᠢ 19 ᠬᠤᠪᠢ ᠬᠢᠨᠠᠨ ᠪᠠᠶᠢᠴᠠᠭᠠᠪᠠ᠃ | ᠲᠠᠪᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠥᠪ ᠭᠤᠤᠯᠴᠢ ᠪᠣᠯᠪᠠᠰᠤᠨ ᠢᠶᠠᠷ | ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠪᠠ | ᠨᠢᠭᠡ ᠳᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠬᠢᠨᠠᠨ ᠪᠠᠶᠢᠴᠠᠭᠠᠯᠲᠠ ᠶᠢ ᠥᠷᠨᠢᠭᠦᠯᠵᠦ᠂ ︽︿ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ﹀ ᠶᠢ ᠲᠤᠭᠤᠰᠢᠯᠠᠭᠤᠯᠤᠨ | ᠬᠡᠷᠡᠭᠵᠢᠬᠦᠯᠬᠦ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ᠢ | ᠲᠣᠭᠲᠠᠭᠠᠨ ᠲᠠᠷᠬᠠᠭᠠᠵᠤ᠂ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ ︽ᠤᠯᠤᠰ ᠤᠨ ᠲᠤᠭ ᠤᠨ | ᠬᠠᠤᠯᠢ︾ ᠶᠢᠨ ᠤᠬᠠᠭᠤᠯᠭ᠎ᠠ ᠬᠥᠮᠦᠵᠢᠯ ᠤᠨ ᠥᠷᠨᠢᠭᠦᠯᠦᠭᠰᠡᠨ ᠪᠠᠶᠢᠳᠠᠯ᠂ ᠤᠯᠤᠰ ᠤᠨ ᠲᠤᠭ ᠤᠨ | ᠦᠢᠯᠡᠳᠪᠦᠷᠢᠯᠡᠯ᠂ ᠪᠤᠷᠤᠯᠠᠭᠤᠯᠭ᠎ᠠ ᠪᠠ ᠬᠡᠷᠡᠭᠯᠡᠯᠲᠡ ᠶᠢᠨ ᠪᠠᠶᠢᠳᠠᠯ ᠳᠤ ᠲᠤᠰᠬᠠᠶ ᠬᠢᠨᠠᠯᠲᠠ ᠪᠠᠶᠢᠴᠠᠭᠠᠯᠲᠠ | ᠥᠷᠨᠢᠭᠦᠯᠪᠡ᠃ ᠬᠤᠶᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠲᠦᠷᠢᠮ ᠢ ᠪᠥᠬᠦ ᠲᠠᠯ᠎ᠠ ᠪᠠᠷ | ᠠᠬᠢᠭᠤᠯᠵᠤ᠂ ︽ᠬᠥᠬᠡᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ ᠲᠦᠷᠢᠮ | ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠤᠭᠲᠠᠭᠠᠯ | ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠤᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ | ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠲᠦᠷᠢᠮ ᠢ ᠭᠦᠨᠵᠡᠭᠡᠶ ᠠᠬᠢᠭᠤᠯᠵᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠭᠤᠷᠪᠠ ᠳᠤ ᠬᠦᠨᠳᠦ ᠶᠡᠭᠡ ᠵᠠᠰᠠᠭ | ᠵᠠᠬᠢᠷᠭᠠᠨ ᠤ ᠰᠢᠢᠳᠬᠡᠯ ᠲᠣᠷᠭᠠᠭᠤᠯᠢ ᠶᠢ ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ ᠶᠢ ᠴᠢᠩᠭᠠᠳᠬᠠᠵᠤ᠂ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠬᠠᠮᠢᠶᠠᠷᠤᠯᠳᠠ ᠶᠢᠨ ᠶᠡᠷᠦᠩᠬᠡᠢ | ᠬᠠᠤᠯᠢ ᠬᠡᠷᠡᠭᠵᠢᠬᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ 40 ᠭᠠᠷᠤᠢ ᠬᠦᠨᠳᠦ ᠶᠡᠭᠡ ᠵᠠᠰᠠᠭ ᠵᠠᠬᠢᠷᠭᠠᠨ ᠤ | ᠰᠢᠢᠳᠬᠡᠯ ᠲᠣᠷᠭᠠᠭᠤᠯᠢ ᠶᠢᠨ ᠬᠡᠷᠡᠭ ᠢ ᠬᠠᠤᠯᠢ ᠶᠣᠰᠣᠭᠠᠷ ᠳᠠᠩᠰᠠᠯᠠᠵᠤ ᠬᠢᠨᠠᠨ ᠪᠠᠶᠢᠴᠠᠭᠠᠪᠠ᠃ | ᠵᠢᠷᠭᠤᠭ᠎ᠠ᠂ ᠤᠬᠠᠮᠰᠠᠷ ᠠᠴᠠ ᠪᠠᠨ ᠬᠢᠨᠠᠯᠲᠠ ᠬᠦᠯᠢᠶᠡᠵᠦ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠢ | ᠴᠢᠩᠭᠠᠳᠬᠠᠪᠠ | ᠨᠢᠭᠡ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠪᠠ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠤᠲᠠ ᠶᠢᠨ ᠵᠠᠰᠠᠭ ᠤᠨ ᠣᠷᠳᠣᠨ ᠪᠦᠬᠦ ᠵᠢᠯ ᠳᠤ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ 397 ᠬᠤᠪᠢ ᠰᠠᠨᠠᠭᠤᠯᠭ᠎ᠠ᠂ ᠤᠯᠤᠰ | ᠲᠥᠷᠦ ᠶᠢᠨ ᠵᠥᠪᠯᠡᠯᠭᠡᠨ ᠤ ᠭᠡᠰᠢᠭᠦᠳ ᠤᠨ 508 ᠬᠤᠪᠢ ᠰᠠᠨᠠᠯ ᠳᠤᠷᠠᠳᠤᠯᠭ᠎ᠠ ᠶᠢ ᠭᠦᠢᠴᠡᠳᠬᠡᠪᠡ᠃ ᠬᠤᠶᠠᠷ ᠲᠤ | ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠳᠬᠠᠵᠤ᠂ ︽ᠬᠥᠬᠡᠬᠤᠲᠠ ᠶᠢᠨ 2019 ᠣᠨ ᠤ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ︾ ᠶᠢ ᠨᠠᠶᠢᠷᠠᠭᠤᠯᠤᠨ ᠵᠣᠬᠢᠶᠠᠵᠤ᠂ ︽ | ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ᠂ ᠬᠠᠷᠢᠭᠤ ᠲᠤᠰᠬᠠᠬᠤ ᠠᠵᠢᠯ ᠤᠨ ᠠᠷᠭ᠎ᠠ︾ ᠶᠢ | ᠨᠡᠶᠢᠲᠡᠯᠡᠵᠦ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠪᠠᠷ ᠪᠥᠬᠦ ᠵᠢᠯ ᠳᠤ 2741 ᠵᠤᠷᠪᠤᠰ | ᠮᠡᠳᠡᠭᠡ ᠵᠠᠩᠭᠢ ᠶᠢ ᠢᠯᠡ ᠪᠣᠯᠭᠠᠪᠠ᠃ ᠭᠤᠷᠪᠠ ᠳᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ | ᠣᠯᠠᠨ ᠨᠡᠶᠢᠲᠡ ᠶᠢᠨ ᠪᠠᠯᠠ ᠮᠥᠩᠭᠦ᠂ ᠤᠯᠤᠰ ᠤᠨ ᠥᠮᠴᠢᠯᠡᠯᠲᠦ ᠬᠥᠷᠥᠩᠭᠡ᠂ ᠤᠯᠤᠰ ᠤᠨ ᠥᠮᠴᠢᠯᠡᠯᠲᠦ ᠡᠬᠢ | ᠪᠠᠶᠠᠯᠢᠭ᠂ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠳᠤ | ᠬᠢᠨᠠᠨ ᠪᠤᠳᠤᠵᠤ ᠬᠢᠨᠠᠯᠲᠠ ᠲᠠᠯᠪᠢᠬᠤ ᠶᠢ ᠨᠡᠶᠢᠳᠡᠮ ᠳᠤ ᠨᠢ ᠪᠦᠷᠬᠦᠭᠦᠯᠪᠡ᠃ | ᠲᠤᠯᠤᠭ᠎ᠠ᠂ ᠠᠷᠠᠳ ᠲᠦᠮᠡᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠵᠥᠷᠢᠴᠡᠯ ᠵᠢᠭᠤᠷᠠᠭᠠᠨ ᠢ ᠠᠷᠢᠯᠭᠠᠬᠤ | ᠤᠯᠠᠨ ᠡᠰᠢᠴᠢᠯᠡᠭᠰᠡᠨ ᠰᠢᠰᠲ᠋ᠧᠮ ᠢ ᠪᠠᠶᠢᠭᠤᠯᠪᠠ | ᠨᠢᠭᠡ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠠᠰᠠᠭ ᠵᠠᠬᠢᠷᠭᠠᠨ ᠤ ᠳᠠᠬᠢᠨ ᠵᠥᠪᠯᠡᠬᠦ ᠵᠦᠪᠯᠡᠯ ᠤᠨ | ᠲᠤᠷᠰᠢᠯᠲᠠ ᠶᠢᠨ ᠴᠡᠭ ᠢ ᠡᠬᠢᠯᠡᠭᠦᠯᠵᠦ᠂ ᠬᠤᠲᠠ ᠰᠢᠶᠠᠨ ᠬᠤᠶᠠᠷ ᠱᠠᠲᠤᠨ ᠤ ᠠᠷᠠᠳ ᠤᠨ ᠵᠠᠰᠠᠭ ᠤᠨ | ᠣᠷᠳᠣᠨ ᠤ ︽ᠨᠢᠭᠡ ᠴᠣᠩᠬᠤᠪᠴᠢ︾ ᠪᠠᠷ ᠭᠠᠳᠠᠭᠰᠢ ᠪᠠᠨ ᠬᠠᠨᠳᠤᠵᠤ᠂ ᠨᠢᠭᠡ ᠱᠠᠲᠤᠨ ᠤ ᠵᠠᠰᠠᠭ ᠤᠨ ᠣᠷᠳᠣᠨ | ᠵᠥᠪᠬᠡᠨ ᠨᠢᠭᠡ ᠯᠡ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠭᠠᠷᠭᠠᠬᠤ ᠪᠠᠶᠢᠭᠤᠯᠤᠯ ᠤᠨ | ᠥᠭᠡᠷᠡᠴᠢᠯᠡᠯᠲᠡ ᠶᠢᠨ ᠬᠠᠷᠠᠯᠲᠠ ᠶᠢ ᠪᠡᠶᠡᠯᠡᠭᠦᠯᠵᠦ᠂ ᠪᠦᠬᠦ ᠵᠢᠯ ᠳᠤ ᠮᠠᠨ ᠤ ᠬᠤᠲᠠ ᠨᠡᠶᠢᠲᠡ 270 ᠬᠤᠪᠢ ᠵᠠᠰᠠᠭ | ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠢᠳᠪᠦᠷᠢᠯᠡᠵᠦ᠂ ᠣᠨ ᠤ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠷ | ᠠᠯᠳᠠᠭ᠎ᠠ ᠪᠤᠷᠤᠭᠤ ᠶᠢ ᠵᠠᠯᠠᠷᠠᠭᠤᠯᠤᠭᠰᠠᠨ ᠨᠣᠷᠮ᠎ᠠ 22% ᠳᠤ ᠬᠦᠷᠴᠦ᠂ ᠬᠡᠷᠡᠴᠢᠯᠡᠯᠲᠡ ᠰᠤᠨᠤᠰᠤᠭᠰᠠᠨ | ᠨᠣᠷᠮ᠎ᠠ11% ᠳᠤ ᠬᠦᠷᠪᠡ᠂ ᠬᠤᠶᠠᠷ ᠲᠤ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ | ︽ᠵᠥᠷᠢᠴᠡᠯ ᠵᠢᠭᠤᠷᠠᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠦᠨ | ᠵᠠᠬᠢᠳᠠᠯ ᠰᠤᠷᠪᠤᠯᠵᠢᠯᠠᠭ᠎ᠠ ᠶᠢᠨ ᠲᠤᠪᠤᠶᠢᠮ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠠᠷᠢᠯᠭᠠᠬᠤ ᠠᠵᠢᠯ ᠤᠨ | ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠥᠷᠢᠴᠡᠯ ᠵᠢᠭᠤᠷᠠᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ | ᠠᠵᠢᠯ ᠢ ᠬᠦᠴᠦᠳᠡᠢ ᠦᠷᠨᠢᠭᠦᠯᠪᠡ᠃ ᠭᠤᠷᠪᠠ ᠳᠤ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠴᠢᠩᠭᠠᠳᠬᠠᠵᠤ᠂ ᠪᠥᠬᠦ ᠬᠤᠲᠠ ᠳᠤ ᠵᠠᠷᠭᠤᠯᠳᠤᠬᠤ ᠠᠴᠠ ᠡᠮᠦᠨ᠎ᠡ ᠡᠶᠡᠳᠡᠭᠦᠯᠬᠦ᠂ ᠵᠠᠬᠢᠳᠠᠯ | ᠰᠤᠷᠪᠤᠯᠵᠢᠯᠠᠭ᠎ᠠ ᠪᠠᠷ ᠡᠶᠡᠳᠡᠭᠦᠯᠬᠦ ᠵᠡᠷᠭᠡ 13 ᠲᠤᠰᠬᠠᠢ ᠮᠡᠷᠭᠡᠵᠢᠯ ᠤᠨ ᠴᠢᠨᠠᠷᠲᠠᠶ ᠠᠵᠢᠯ ᠲᠥᠷᠥᠯ ᠤᠨ ᠴᠢᠨᠠᠷᠲᠠᠶ | ᠡᠶᠡᠳᠡᠭᠦᠯᠬᠦ ᠵᠦᠪᠯᠡᠯ ᠢ ᠪᠠᠶᠢᠭᠤᠯᠵᠤ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠵᠡᠭᠡᠯᠢ ᠭᠤᠳᠤᠮᠵᠢ᠂ | ᠭᠠᠴᠠᠭ᠎ᠠ ᠲᠣᠰᠬᠤᠨ ᠭᠤᠷᠪᠠᠨ ᠱᠠᠲᠤᠨ ᠳᠤ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠨᠡᠶᠢᠳᠡᠮ ᠪᠦᠷᠬᠦᠭᠦᠯᠪᠡ᠃ | ᠨᠠᠢᠮᠠ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠳᠣᠪᠤᠶᠢᠯᠭᠠᠵᠤ᠂ ᠨᠡᠶᠢᠭᠡᠮ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠴᠢᠩᠭᠠᠳᠬᠠᠪᠠ | ᠨᠢᠭᠡ ᠳᠤ ᠦᠨᠳᠦᠰᠦᠨ ᠬᠠᠤᠯᠢ ᠳᠤ ᠲᠠᠩᠭᠠᠷᠢᠭᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠷᠦ ᠶᠢᠨ | ᠠᠵᠢᠯᠳᠠᠨ ᠲᠤᠰᠢᠶᠠᠯ ᠳᠤ ᠭᠠᠷᠬᠤ ᠳᠠᠭᠠᠨ ᠦᠨᠳᠦᠰᠦᠨ ᠬᠠᠤᠯᠢ ᠳᠤ ᠲᠠᠩᠭᠠᠷᠢᠭᠯᠠᠵᠤ᠂ ᠦᠨᠳᠦᠰᠦᠨ ᠬᠠᠤᠯᠢ ᠳᠤ | ᠲᠠᠩᠭᠠᠷᠢᠭᠯᠠᠬᠤ ᠠᠵᠢᠯᠯᠠᠭ᠎ᠠ ᠶᠢᠨ ᠪᠠᠶᠢᠪᠠᠰᠤ ᠵᠣᠬᠢᠬᠤ ᠤᠯᠤᠰ ᠲᠦᠷᠦ ᠶᠢᠨ ᠠᠴᠢ ᠬᠤᠯᠪᠣᠭᠳᠠᠯ ᠪᠠ ᠬᠠᠤᠯᠢ | ᠴᠠᠭᠠᠵᠠ ᠶᠢᠨ ᠠᠴᠢ ᠬᠤᠯᠪᠤᠭᠳᠠᠯ ᠢ ᠢᠯᠡᠷᠡᠭᠦᠯᠪᠡ᠃ ᠬᠤᠶᠠᠷ ᠲᠤ ︽12.4︾ ᠤᠯᠤᠰ ᠤᠨ ᠦᠨᠳᠦᠰᠦᠨ | ᠬᠠᠤᠯᠢ ᠶᠢᠨ ᠡᠳᠦᠷ ᠪᠥᠬᠦ ᠬᠤᠲᠠ ᠶᠢᠨ ᠦᠨᠳᠦᠰᠦᠨ ᠬᠠᠤᠯᠢ ᠶᠢ ᠤᠩᠰᠢᠬᠤ ᠠᠵᠢᠯᠯᠠᠭ᠎ᠠ ᠶᠢ ᠡᠷᠭᠢᠯᠡᠵᠦ᠂ ᠪᠥᠬᠦ | ᠬᠤᠲᠠ ᠳᠤ 1 ᠭᠤᠤᠯ ᠬᠤᠷᠠᠯ ᠤᠨ ᠲᠠᠯᠠᠪᠠᠶ᠂ 9 ᠬᠤᠪᠢᠶᠠᠷᠢ ᠬᠤᠷᠠᠯ ᠤᠨ ᠲᠠᠯᠠᠪᠠᠶ ᠭᠠᠷᠭᠠᠨ᠂ ᠪᠠᠶᠢᠭᠤᠯᠭ᠎ᠠ᠂ | ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠠᠵᠤ ᠠᠬᠤᠶᠢᠯᠠᠯ ᠳᠤ 1401 ᠤᠩᠰᠢᠯᠭ᠎ᠠ ᠶᠢᠨ | ᠴᠡᠭ ᠭᠠᠷᠭᠠᠵᠤ᠂ ᠣᠷᠣᠨ ᠤ ᠲᠥᠪ ᠬᠤᠲᠠ ᠶᠢᠨ ᠺᠠᠳ᠋ᠷ ᠣᠯᠠᠨ ᠲᠦᠮᠡᠨ 117835 ᠬᠦᠮᠦᠨ ᠬᠠᠮᠲᠤ ᠪᠠᠷ | ᠦᠨᠳᠦᠰᠦᠨ ᠬᠠᠤᠯᠢ ᠶᠢ ᠤᠩᠰᠢᠵᠤ᠂ ᠦᠨᠳᠦᠰᠦᠨ ᠬᠠᠤᠯᠢ ᠳᠤ ᠳᠠᠭᠤᠨ ᠭᠠᠷᠭᠠᠪᠠ᠃ ᠭᠤᠷᠪᠠ ᠳᠤ | ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠤᠯᠠᠭᠠᠨᠮᠥ᠋ᠴᠢᠷ ᠤᠨ ᠤᠨᠴᠠᠭᠠᠢ ᠳᠠᠪᠠᠭᠤᠯᠢᠭ | ᠪᠠ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠪᠦᠲᠦᠮᠵᠢᠲᠡᠶ ᠠᠭᠤᠰᠤᠯᠴᠠᠭᠤᠯᠵᠤ᠂ ︽ᠦᠨᠳᠦᠰᠦᠨ ᠬᠠᠤᠯᠢ | ᠰᠡᠳᠬᠢᠯ ᠵᠢᠷᠦᠭᠡᠨ ᠳᠤ︾ ᠭᠡᠬᠦ ᠰᠢᠯᠦᠭ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠮᠡᠳᠡᠯᠭᠡ ᠶᠢᠨ | ᠴᠠᠷᠬᠢᠯ ᠬᠤᠯᠪᠤᠭ᠎ᠠ ᠵᠡᠷᠭᠡ ᠠᠯᠢ ᠣᠯᠠᠨ ᠬᠠᠤᠯᠢᠵᠢᠯ ᠤᠨ ᠤᠳᠬ᠎ᠠ ᠤᠷᠠᠯᠢᠭ ᠤᠨ ᠫᠷᠤᠭ᠍ᠷᠠᠮ ᠢ ᠵᠣᠬᠢᠶᠠᠨ ᠪᠦᠲᠦᠭᠡᠵᠦ᠂ | ︽ᠬᠠᠤᠯᠢᠵᠢᠯ ᠤᠨ ᠤᠯᠠᠭᠠᠨᠮᠥ᠋ᠴᠢᠷ︾ ᠬᠠᠤᠯᠢ ᠶᠢ ᠬᠥᠳᠡᠭᠡ ᠲᠣᠰᠬᠤᠨ ᠳᠤ ᠬᠦᠷᠭᠡᠬᠦ ᠤᠷᠠᠨ ᠰᠠᠶᠢᠬᠠᠨ ᠤ | ᠲᠣᠭᠯᠠᠯᠲᠠ ᠶᠢ 120 ᠭᠠᠷᠤᠶ ᠤᠳᠠᠭ᠎ᠠ ᠲᠣᠭᠯᠠᠪᠠ᠃ | 2020 ᠣᠨ ᠪᠣᠯ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠠᠩᠭᠢᠯᠠᠭ᠎ᠠ ᠶᠢᠨ ᠣᠨ ᠮᠥᠨ᠂ | ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ | ᠥᠨᠳᠦᠷ ᠱᠠᠭᠠᠷᠳᠠᠯᠭ᠎ᠠ ᠪᠠᠷ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠢᠷᠢ ᠲᠥᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠭᠦᠷᠭᠡ ᠴᠢᠳᠠᠪᠤᠷᠢ ᠰᠢᠨᠵᠢᠯᠡᠬᠦ ᠤᠬᠠᠭᠠᠨᠴᠢ᠂ ᠡᠷᠭᠡ ᠬᠠᠷᠢᠭᠤᠴᠠᠯᠭ᠎ᠠ | ᠬᠠᠤᠯᠢ ᠪᠠᠷ ᠲᠤᠭᠲᠠᠭᠠᠭᠳᠠᠭᠰᠠᠨ᠂ ᠬᠠᠤᠯᠢ ᠬᠡᠷᠡᠭᠵᠢᠭᠦᠯᠦᠯᠲᠡ ᠲᠥᠪ ᠴᠢᠩᠭ᠎ᠠ᠂ ᠢᠯᠡ ᠲᠣᠳᠣ ᠲᠥᠪ ᠭᠤᠤᠯᠴᠢ᠂ | ᠠᠷᠢᠭᠤᠨ ᠴᠢᠬᠡᠴᠢ ᠥᠨᠳᠥᠷ ᠪᠦᠲᠦᠮᠵᠢᠲᠡᠶ᠂ ᠬᠠᠤᠯᠢ ᠶᠢ ᠰᠠᠬᠢᠭᠰᠠᠨ ᠦᠨᠡᠨᠴᠢ ᠢᠲᠡᠭᠡᠮᠵᠢᠲᠡᠶ ᠬᠠᠤᠯᠢᠵᠢᠯ ᠤᠨ | ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠤᠨ᠎ᠠ᠃ |