ᠠᠷᠠᠳ ᠤᠨ ᠠᠭᠠᠷ ᠤᠨ ᠠᠶᠠᠯᠠᠯ ᠤᠨ ᠨᠢᠰᠦᠯᠲᠡ ᠶᠢᠨ ᠠᠮᠤᠷ ᠲᠦᠪᠰᠢᠨ ᠢ ᠨᠥᠯᠥᠭᠡᠯᠡᠬᠦ ᠪᠣᠳᠠᠰ ᠢ ᠣᠭᠲᠠᠷᠭᠤᠢ ᠳᠤ ᠳᠡᠭᠳᠡᠭᠡᠵᠦ ᠨᠢᠰᠬᠡᠬᠦ ᠶᠢ ᠴᠠᠭᠠᠵᠠᠯᠠᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2020-07-16
           ᠬᠥᠬᠡᠬᠤᠲᠠ ᠵᠠᠰᠠᠭ ᠲᠠᠷᠬᠠᠭᠠᠭᠰᠠᠨ ﹇2020﹈ 11 ᠳ᠋ᠦ᠋ᠭᠡᠷ ᠲᠣᠭᠠᠲᠤ           2020 ᠣᠨ ᠤ 4 ᠳ᠋ᠦ᠋ᠭᠡᠷ ᠰᠠᠷ᠎ᠠ ᠶᠢᠨ 20 ᠤ ᠡᠳᠦᠷ      ᠲᠤᠰ ᠬᠤᠲᠠ ᠶᠢᠨ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠡᠪᠡᠷ ᠣᠭᠲᠠᠷᠭᠤᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢ ᠴᠢᠩᠭᠠᠳᠬᠠᠵᠤ᠂ ᠨᠢᠰᠬᠡᠯ ᠤᠨ ᠪᠠᠭᠤᠳᠠᠯ ᠤᠨ ᠠᠶᠤᠯᠭᠦᠢ ᠡᠵᠡᠩᠨᠡᠯᠲᠡ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠬᠠᠤᠯᠢ︾ ︽ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠠᠷᠭ᠎ᠠ︾ ︽ᠤᠮᠠᠷᠠᠲᠤ ᠣᠷᠣᠨ ᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠡᠪᠡᠷ ᠣᠭᠲᠠᠷᠭᠤᠢ ᠶᠢᠨ ᠰᠠᠭᠠᠳ ᠪᠣᠳᠠᠰ ᠤᠨ ᠬᠠᠮᠢᠶᠠᠷᠤᠯᠲᠠ ᠶᠢᠨ ᠠᠷᠭ᠎ᠠ ︾ ᠵᠡᠷᠭᠡ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠬᠤᠲᠠ ᠶᠢᠨ ᠪᠣᠳᠠᠲᠠᠢ ᠲᠠᠢ ᠤᠶᠠᠯᠳᠤᠭᠤᠯᠵᠤ᠂ ᠡᠲᠦᠭᠡ ᠠᠷᠠᠳ ᠤᠨ ᠠᠭᠠᠷ ᠤᠨ ᠠᠶᠠᠯᠠᠯ ᠤᠨ ᠨᠢᠰᠦᠯᠲᠡ ᠶᠢᠨ ᠠᠮᠤᠷ ᠲᠦᠪᠰᠢᠨ ᠢ ᠨᠥᠯᠥᠭᠡᠯᠡᠬᠦ ᠪᠣᠳᠠᠰ ᠢ ᠣᠭᠲᠠᠷᠭᠤᠢ ᠳᠤ ᠳᠡᠭᠳᠡᠭᠡᠵᠦ ᠨᠢᠰᠬᠡᠬᠦ ᠶᠢ ᠴᠠᠭᠠᠵᠠᠯᠠᠬᠤ ᠲᠤᠬᠠᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ︽ᠤᠮᠠᠷᠠᠲᠤ ᠣᠷᠣᠨ ᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠡᠪᠡᠷ ᠣᠭᠲᠠᠷᠭᠤᠢ ᠶᠢᠨ ᠰᠠᠭᠠᠳ ᠪᠣᠳᠠᠰ ᠤᠨ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠂ ᠬᠥᠬᠡᠬᠤᠲᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠭᠦᠶᠦᠯᠲᠡ ᠶᠢᠨ ᠱᠤᠭᠤᠮ ᠤᠨ ᠭᠤᠣᠯ ᠤᠲᠠᠰᠤᠨ ᠠᠴᠠ ᠬᠤᠶᠠᠷ ᠲᠡᠶᠢᠰᠢ ᠨᠢᠵᠡᠭᠡᠳ 20 ᠺᠢᠯᠣᠮᠧᠲᠷ᠂ ᠭᠦᠶᠦᠯᠲᠡ ᠶᠢᠨ ᠱᠤᠭᠤᠮ ᠤᠨ ᠦᠵᠦᠭᠦᠷ ᠠᠴᠠ 20 ᠺᠢᠯᠣᠮᠧᠲᠷ ᠵᠠᠶᠢᠲᠠᠢ᠂ ᠳᠠᠷᠤᠢ ᠬᠥᠬᠡᠬᠤᠲᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠢᠶᠠᠷ ᠲᠥᠪ ᠪᠣᠯᠭᠠᠵᠤ᠂ ᠬᠤᠶᠢᠰᠢ ᠰᠢᠨ᠎ᠡ ᠲᠣᠭᠤᠷᠢᠭ ᠤᠨ ᠭᠤᠷᠪᠠᠨ ᠪᠠᠶᠢᠰᠢᠩ᠂ ᠡᠮᠦᠨᠡᠰᠢ ᠰᠠᠶᠢᠬᠠᠨ ᠲᠣᠭᠤᠷᠢᠭ ᠤᠨ ᠪᠠᠶᠢᠪᠠᠢ ᠰᠢᠶᠠᠩ᠂ ᠪᠠᠷᠠᠭᠤᠨᠰᠢ ᠵᠢᠨᠴᠦᠸᠠᠨ ᠨᠡᠭᠡᠭᠡᠯᠲᠡ ᠶᠢᠨ ᠲᠣᠭᠤᠷᠢᠭ᠂ ᠵᠡᠭᠦᠨᠰᠢ ᠰᠠᠶᠢᠬᠠᠨ ᠲᠣᠭᠤᠷᠢᠭ ᠤᠨ ᠢᠦᠢ ᠯᠢᠨ ᠪᠠᠯᠭᠠᠰᠤ ᠬᠦᠷᠲᠡᠯᠡᠬᠢ ᠬᠡᠪᠴᠢᠶ᠎ᠡ ᠶᠢ ᠴᠡᠪᠡᠷ ᠣᠭᠲᠠᠷᠭᠤᠢ ᠶᠢᠨ ᠬᠠᠮᠠᠭᠠᠯᠠᠯᠲᠠ ᠶᠢᠨ ᠣᠷᠣᠨ ᠢᠶᠠᠷ ᠲᠣᠭᠲᠠᠭᠠᠪᠠ᠃       ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠶᠣᠰᠣᠭᠠᠷ᠂ ᠨᠢᠰᠬᠡᠯ ᠤᠨ ᠪᠠᠭᠤᠳᠠᠯ ᠤᠨ ᠴᠡᠪᠡᠷ ᠣᠭᠲᠠᠷᠭᠤᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠨᠢᠰᠦᠯᠲᠡ ᠶᠢᠨ ᠠᠮᠤᠷ ᠲᠦᠪᠰᠢᠨ ᠢ ᠨᠥᠯᠥᠭᠡᠯᠡᠬᠦ ᠰᠢᠪᠠᠭᠤᠨ ᠤ ᠲᠥᠷᠥᠯ ᠢ ᠨᠢᠰᠬᠡᠬᠦ᠂ ᠠᠪᠠ ᠶᠢᠨ ᠪᠦᠷᠭᠦᠳ ᠢ ᠨᠢᠰᠬᠡᠬᠦ᠂ ᠵᠢᠯᠣᠭᠤᠴᠢ ᠬᠡᠷᠡᠭᠯᠡᠬᠦ ᠦᠭᠡᠢ ᠴᠢᠯᠦᠭᠡᠲᠦ ᠬᠡᠶᠢᠲᠦ ᠪᠥᠮᠪᠦᠭᠡ᠂ ᠤᠶᠠᠭᠠᠲᠠᠢ ᠬᠡᠶᠢᠲᠦ ᠪᠥᠮᠪᠦᠭᠡ᠂ ᠬᠡᠶᠢᠲᠦ ᠣᠩᠭᠤᠴᠠ᠂ ᠬᠠᠯᠠᠭᠤᠨ ᠬᠡᠶᠢᠲᠦ ᠪᠥᠮᠪᠦᠭᠡ᠂ ᠬᠠᠯᠢᠬᠤ ᠨᠢᠰᠬᠡᠯ᠂ ᠬᠥᠳᠡᠯᠭᠡᠬᠦ ᠬᠦᠴᠦᠨ ᠤ ᠰᠢᠬᠦᠷ᠂ ᠺᠦᠩ ᠮᠢᠩ ᠳ᠋ᠧᠩ᠂ ᠴᠠᠭᠠᠰᠤᠨ ᠰᠢᠪᠠᠭᠤ ᠪᠠ ᠠᠭᠠᠷ ᠲᠤ ᠳᠡᠭᠳᠡᠬᠦ ᠪᠤᠰᠤᠳ ᠪᠣᠳᠠᠰ ᠢ ᠳᠡᠭᠳᠡᠭᠡᠵᠦ ᠨᠢᠰᠬᠡᠬᠦ ᠵᠡᠷᠭᠡ ᠠᠵᠢᠯᠯᠠᠭ᠎ᠠ ᠶᠢ ᠴᠠᠭᠠᠵᠠᠯᠠᠨ᠎ᠠ᠃      ᠭᠤᠷᠪᠠ᠂ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠳᠣᠲᠣᠷᠠᠬᠢ ᠬᠠᠤᠯᠢ ᠳᠦᠷᠢᠮ ᠢ ᠵᠥᠷᠢᠴᠡᠨ ᠠᠭᠠᠷ ᠲᠤ ᠳᠡᠭᠳᠡᠬᠦ ᠪᠣᠳᠠᠰ ᠢ ᠨᠢᠰᠬᠡᠬᠦ ᠠᠵᠢᠯᠯᠠᠭ᠎ᠠ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭ᠎ᠠ ᠠᠳᠬᠤᠬᠤ ᠬᠡᠷᠡᠭᠲᠡᠢ︔ ᠬᠤᠲᠠ ᠶᠢᠨ ᠴᠡᠴᠡᠷᠯᠢᠭ ᠤᠨ ᠦᠢᠯᠡᠴᠢᠯᠡᠭᠡ ᠶᠢᠨ ᠲᠥᠪ ᠲᠠᠯᠠᠪᠠᠢ᠂ ᠴᠡᠴᠡᠷᠯᠢᠭ ᠵᠡᠷᠭᠡ ᠣᠷᠣᠨ ᠪᠦᠰᠡ ᠶᠢᠨ ᠳᠣᠲᠣᠷᠠᠬᠢ ᠬᠠᠤᠯᠢ ᠳᠦᠷᠢᠮ ᠢ ᠵᠥᠷᠢᠴᠡᠨ ᠠᠭᠠᠷ ᠲᠤ ᠳᠡᠭᠳᠡᠬᠦ ᠪᠣᠳᠠᠰ ᠢ ᠨᠢᠰᠬᠡᠬᠦ ᠠᠵᠢᠯᠯᠠᠭ᠎ᠠ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭ᠎ᠠ ᠠᠳᠬᠤᠵᠤ᠂ ᠠᠭᠠᠷ ᠤᠨ ᠠᠶᠠᠯᠠᠯ ᠤᠨ ᠵᠠᠮ ᠤᠨ ᠠᠰ ᠳᠣᠣᠷᠠᠬᠢ ᠬᠥᠬᠡᠬᠤᠲᠠ ᠶᠢᠨ ᠤᠷᠭᠤᠮᠠᠯ ᠤᠨ ᠬᠦᠷᠢᠶᠡᠯᠡᠩ᠂ ᠳ᠋ᠦᠩ ᠾᠧ ᠲᠠᠯᠠᠪᠠᠢ᠂ ᠣᠯᠠᠨ ᠤᠯᠤᠰ ᠤᠨ ᠦᠵᠡᠭᠦᠯᠭᠡ ᠶᠢᠨ ᠲᠥᠪ᠂ ᠲᠠᠯ᠎ᠠ ᠨᠤᠲᠤᠭ ᠤᠨ ᠲᠣᠷᠭᠠᠨ ᠵᠠᠮ ᠰᠣᠶᠣᠯ ᠤᠨ ᠴᠡᠴᠡᠷᠯᠢᠭ᠂ ᠴᠦᠨ ᠳ᠋ᠦ᠋ ᠴᠢᠬᠡᠴᠢ ᠵᠠᠰᠠᠭ ᠰᠣᠶᠣᠯ ᠤᠨ ᠴᠡᠴᠡᠷᠯᠢᠭ᠂ ᠮᠠᠨᠳᠦᠬᠠᠢ ᠴᠡᠴᠡᠷᠯᠢᠭ᠂ ᠰᠢᠨᠬᠤᠸᠠ ᠲᠠᠯᠠᠪᠠᠢ᠂ ᠬᠥᠬᠡᠬᠤᠲᠠ ᠴᠡᠴᠡᠷᠯᠢᠭ᠂ ᠤᠯᠠᠭᠠᠨᠬᠦᠦ ᠴᠡᠴᠡᠷᠯᠢᠭ᠂ ᠶᠡᠭᠡ ᠵᠣᠣ ᠲᠠᠯᠠᠪᠠᠢ ᠵᠡᠷᠭᠡ ᠵᠢᠴᠢ ᠲᠡᠭᠦᠨ ᠤ ᠡᠷᠭᠢᠨ ᠲᠣᠭᠤᠷᠢᠨ ᠤ ᠠᠭᠤᠳᠠᠮ ᠭᠠᠵᠠᠷ ᠤᠨ ᠬᠠᠮᠢᠶᠠᠷᠤᠨ ᠡᠵᠡᠮᠳᠡᠬᠦ ᠠᠵᠢᠯ ᠢ ᠴᠢᠩᠭ᠎ᠠ ᠠᠳᠬᠤᠬᠤ ᠬᠡᠷᠡᠭᠲᠡᠢ︔ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠢᠨᠠᠯᠲᠠ ᠲᠠᠯᠪᠢᠬᠤ᠂ ᠲᠣᠭᠤᠷᠢᠨ ᠪᠠᠶᠢᠴᠠᠭᠠᠬᠤ ᠠᠵᠢᠯ ᠢᠶᠠᠨ ᠴᠢᠩᠭᠠᠳᠬᠠᠬᠤ ᠬᠡᠷᠡᠭᠲᠡᠢ᠃      ᠳᠥᠷᠪᠡ᠂ ᠰᠣᠨᠢᠨ ᠮᠡᠳᠡᠭᠡ ᠵᠠᠭᠤᠴᠢᠯᠠᠭᠤᠷ ᠤᠨ ᠬᠢᠨ ᠴᠡᠪᠡᠷ ᠣᠭᠲᠠᠷᠭᠤᠢ ᠶᠢᠨ ᠠᠶᠤᠯᠭᠦᠢ ᠶᠢᠨ ᠶᠡᠷᠦ ᠶᠢᠨ ᠮᠡᠳᠡᠯᠭᠡ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠵᠡᠷᠭᠡ ᠠᠭᠤᠯᠭ᠎ᠠ ᠶᠢ ᠤᠬᠠᠭᠤᠯᠤᠨ ᠰᠤᠷᠲᠠᠯᠴᠢᠯᠠᠬᠤ ᠪᠠᠨ ᠴᠢᠩᠭᠠᠳᠬᠠᠬᠤ ᠬᠡᠷᠡᠭᠲᠡᠢ᠃      ᠲᠠᠪᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ ᠢ ᠵᠥᠷᠢᠴᠡᠨ ᠴᠡᠪᠡᠷ ᠣᠭᠲᠠᠷᠭᠤᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠠᠭᠠᠷ ᠲᠤ ᠳᠡᠭᠳᠡᠬᠦ ᠪᠣᠳᠠᠰ ᠢ ᠳᠡᠭᠳᠡᠭᠡᠵᠦ ᠨᠢᠰᠬᠡᠭᠰᠡᠨ ᠪᠠᠶᠢᠭᠤᠯᠭ᠎ᠠ ᠨᠢᠭᠡᠴᠡ ᠵᠢᠴᠢ ᠬᠤᠪᠢ ᠬᠥᠮᠥᠨ ᠢ  ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠠᠷᠭ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠬᠠᠤᠯᠢ ᠶᠣᠰᠣᠭᠠᠷ ᠵᠠᠯᠬᠠᠭᠠᠨ ᠰᠢᠢᠳᠬᠡᠨ᠎ᠡ᠃      ᠵᠢᠷᠭᠤᠭ᠎ᠠ᠂ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠥᠨ ᠴᠥᠮ ᠳᠡᠭᠡᠷ᠎ᠡ ᠳᠤᠷᠠᠳᠤᠭᠰᠠᠨ ᠬᠠᠤᠯᠢ ᠴᠠᠭᠠᠵᠠ ᠬᠠᠤᠯᠢ ᠳᠦᠷᠢᠮ ᠢ ᠵᠥᠷᠢᠴᠡᠭᠰᠡᠨ ᠦᠢᠯᠡ ᠠᠵᠢᠯᠯᠠᠭ᠎ᠠ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠂ ᠢᠯᠡᠴᠢᠯᠡᠨ ᠮᠡᠳᠡᠭᠦᠯᠬᠦ ᠤᠲᠠᠰᠤ᠄ 0471- 4941099᠃      ᠳᠣᠯᠤᠭ᠎ᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃      ᠠᠳᠡ ᠣᠨᠴᠠᠭᠠᠶᠢᠯᠠᠨ ᠵᠠᠷᠯᠠᠪᠠ᠃
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号