︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠤᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020-07-16
          ᠬᠥᠬᠡᠬᠤᠲᠠ ᠵᠠᠰᠠᠭ ᠠᠯᠪᠠᠨ ᠦᠰᠦᠭ  ﹇2020﹈ 19 ᠳ᠋ᠦ᠋ᠭᠡᠷ  ᠲᠣᠭᠠᠲᠤ           2020 ᠣᠨ ᠤ 4 ᠳ᠋ᠦ᠋ᠭᠡᠷ ᠰᠠᠷ᠎ᠠ ᠶᠢᠨ 17 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠣᠪᠴᠢᠶ᠎ᠠ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠄      ᠡᠲᠦᠭᠡ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠤᠨ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃           ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ           ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠤᠨ ᠲᠥᠰᠥᠯ      ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠦᠨᠡᠨ ᠬᠦ ᠰᠠᠶᠢᠨ ᠬᠢᠬᠦ ᠶᠢᠨ ᠲᠥᠯᠥᠭᠡ᠂ ︽ᠲᠥᠯᠥᠪᠵᠢᠭᠦᠯᠭᠡ ᠶᠢᠨ ᠰᠢᠰᠲ᠋ᠧᠮᠵᠢ ᠶᠢ ᠨᠢᠭᠡᠳᠬᠡᠵᠦ ᠤᠯᠤᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠬᠤ ᠦᠢᠯᠡᠳᠦᠯ ᠢ ᠨᠡᠩ ᠰᠠᠶᠢᠨ ᠪᠠᠳᠠᠷᠠᠭᠤᠯᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠳᠤᠮᠳᠠᠳᠤ ᠲᠠᠷᠬᠠᠭᠠᠭᠰᠠᠨ  ﹇2018﹈ 44 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ ᠲᠤᠰ ᠠᠵᠢᠯ ᠤᠨ ᠲᠥᠰᠥᠯ ᠢ ᠲᠣᠭᠲᠠᠭᠠᠪᠠ᠃      ᠨᠢᠭᠡ᠂ ᠨᠠᠶᠢᠷᠠᠭᠤᠯᠬᠤ ᠠᠬᠤᠢ ᠪᠠᠶᠢᠳᠠᠯ ᠪᠠ ᠭᠤᠣᠯ ᠪᠣᠳᠣᠯᠬᠢᠯᠠᠯ      ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠬᠤᠲᠠ ᠶᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ᠂ ᠣᠨᠴᠠᠭᠠᠶᠢᠯᠠᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠲᠤᠭᠤᠰᠢᠯᠠᠭᠤᠯᠵᠤ᠂ ︽ᠠᠮᠢ ᠠᠬᠤᠢ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ︾ ᠢ ᠬᠠᠶᠢᠨ ᠰᠦᠪᠡᠭᠴᠢᠯᠡᠬᠦ ᠵᠠᠩᠭᠢᠯᠠᠭ᠎ᠠ ᠶᠢᠨ ᠴᠠᠭ ᠮᠥᠨ᠂ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠤ ᠴᠢᠬᠤᠯᠠ ᠱᠠᠲᠤ ᠦᠶ᠎ᠡ ᠮᠥᠨ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠰᠠᠶᠢᠲᠤᠷ ᠬᠡᠷᠡᠭᠵᠢᠭᠦᠯᠬᠦ ᠳᠤ᠂ ︽ᠲᠡᠷᠢᠭᠦᠨ ᠲᠡᠰ ᠤᠨ ᠠᠮᠢ ᠠᠬᠤᠢ᠂ ᠶᠠᠰᠤ ᠴᠢᠨᠠᠷ᠂ ᠵᠣᠯ ᠵᠢᠷᠭᠠᠯ᠂ ᠰᠣᠶᠣᠯ ᠤᠨ ᠲᠥᠪ ᠬᠤᠲᠠ︾ ᠶᠢ ᠪᠦᠲᠦᠭᠡᠨ ᠪᠠᠶᠢᠭᠤᠯᠬᠤ ᠪᠠᠷ ᠲᠦᠯᠦᠪᠯᠡᠨ ᠪᠠᠶᠢᠷᠢᠰᠢᠭᠤᠯᠵᠤ᠂ ᠳᠣᠣᠷᠠᠬᠢ ᠭᠤᠷᠪᠠᠨ ᠵᠦᠢᠯ ᠢ ᠰᠠᠶᠢᠲᠤᠷ ᠠᠳᠬᠤᠬᠤ ᠬᠡᠷᠡᠭᠲᠡᠢ᠃      ᠨᠢᠭᠡ ᠳᠤ᠂ ᠮᠠᠨ ᠤ ᠤᠯᠤᠰ ᠤᠨ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠤᠨ ᠬᠤᠭᠤᠴᠠᠭᠠᠨ ᠤ ᠠᠭᠤᠯᠬᠤᠨ ᠤ ᠭᠦᠨᠵᠡᠭᠡᠢ ᠬᠤᠪᠢᠷᠠᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠲᠤ ᠡᠵᠡᠮᠳᠡᠬᠦ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠤᠯᠤᠰ ᠤᠨ ᠬᠡᠲᠦ ᠶᠡᠭᠡ ᠬᠡᠪᠴᠢᠶᠡᠵᠢᠯ ᠤᠨ ᠠᠵᠤ ᠠᠬᠤᠢ ᠶᠢᠨ ᠴᠣᠭᠴᠠ ᠶᠢᠨ ᠳᠠᠪᠠᠭᠤᠯᠢᠭ ᠤᠯᠠᠮ ᠨᠢᠭᠡ ᠠᠯᠬᠤᠮ ᠢᠯᠡᠳᠲᠡ ᠪᠣᠯᠵᠤ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠲᠡᠰ ᠳᠡᠪᠰᠢᠬᠦ ᠲᠥᠷᠭᠡᠳᠪᠡ᠃ ︽ᠢᠨᠲ᠋ᠧᠷ ᠰᠦᠯᠵᠢᠶ᠎ᠡ +︾ ︽ᠣᠶᠣᠨᠴᠢᠯᠠᠬᠤ +︾ ᠨᠢ ᠲᠣᠭᠠᠴᠢᠯᠠᠭᠰᠠᠨ ᠠᠵᠤ ᠠᠬᠤᠢ ᠶᠢᠨ ᠦᠷᠨᠢᠨ ᠬᠥᠭᠵᠢᠬᠦ ᠶᠢ ᠠᠬᠢᠭᠤᠯᠵᠤ᠂ ᠰᠢᠨ᠎ᠡ ᠶᠢ ᠡᠭᠦᠳᠬᠦ ᠨᠢ ᠰᠢᠨ᠎ᠡ ᠢᠳᠡᠪᠬᠢ ᠬᠤᠭᠤᠴᠠᠭᠠᠨ ᠳᠤ ᠣᠷᠣᠵᠤ᠂ ᠪᠠᠶᠢᠭᠤᠯᠤᠯ ᠤᠨ ᠳᠠᠪᠠᠭᠤᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠬᠥᠮᠥᠨ ᠤ ᠬᠦᠴᠦ ᠬᠥᠷᠥᠩᠭᠡ ᠶᠢᠨ ᠳᠠᠪᠠᠭᠤᠯᠢᠭ ᠨᠢ ᠮᠠᠨ ᠤ ᠤᠯᠤᠰ ᠤᠨ ᠰᠢᠨ᠎ᠡ ᠨᠢᠭᠡᠨ ᠡᠭᠡᠯᠵᠢ ᠶᠢᠨ ᠠᠵᠤ ᠦᠢᠯᠡᠳᠪᠦᠷᠢ ᠶᠢᠨ ᠬᠤᠪᠢᠰᠬᠠᠯ ᠤᠨ ᠴᠢᠬᠤᠯᠠ ᠶᠡᠭᠡ ᠠᠵᠠ ᠲᠣᠬᠢᠶᠠᠯ ᠢ ᠵᠠᠪᠳᠤᠬᠤ ᠳᠤ ᠨᠡᠩ ᠰᠠᠷᠠᠭᠤᠯ ᠠᠭᠤᠳᠠᠮ ᠠᠯᠤᠰ ᠢᠷᠡᠭᠡᠳᠦᠢ ᠶᠢ ᠨᠡᠭᠡᠭᠡᠵᠦ ᠥᠭᠴᠡᠢ᠃      ᠬᠤᠶᠠᠷ ᠲᠤ᠂  ︽ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ︾ ᠡᠨᠡ ᠬᠦ ᠭᠤᠣᠯ ᠱᠤᠭᠤᠮ ᠢ ᠪᠠᠲᠤ ᠡᠵᠡᠮᠳᠡᠬᠦ ᠬᠡᠷᠡᠭᠲᠡᠢ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠣᠯ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ  ᠨᠢᠭᠡᠨ ᠭᠦᠨᠵᠡᠭᠡᠢ ᠬᠤᠪᠢᠰᠤᠯᠲᠠ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾  ᠲᠡᠷᠡᠴᠢᠯᠡᠨ ᠨᠡᠩ ᠤᠷᠲᠤ ᠬᠤᠭᠤᠴᠠᠭᠠᠨ ᠳᠠᠬᠢ ᠮᠠᠨ ᠤ ᠤᠯᠤᠰ ᠤᠨ ᠬᠥᠭᠵᠢᠯᠲᠡ ᠶᠢᠨ ᠰᠡᠳᠬᠢᠮᠵᠢ᠂ ᠬᠥᠭᠵᠢᠯᠲᠡ ᠶᠢᠨ ᠴᠢᠭᠯᠡᠯ᠂ ᠬᠥᠭᠵᠢᠯᠲᠡ ᠶᠢᠨ ᠬᠦᠴᠦᠯᠡᠬᠦ ᠴᠡᠭ ᠤᠨ ᠲᠥᠪᠯᠡᠷᠡᠭᠰᠡᠨ ᠢᠯᠡᠷᠡᠯ ᠮᠥᠨ᠃ ᠡᠶᠢᠮᠦ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ ᠲᠣᠭᠲᠠᠭᠠᠬᠤ᠂ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯ᠂ ᠭᠤᠣᠯᠳᠠᠯᠭ᠎ᠠ ᠲᠠᠢ ᠡᠭᠦᠷᠭᠡ᠂ ᠰᠡᠳᠬᠢᠮᠵᠢ ᠠᠷᠭ᠎ᠠ ᠬᠡᠮᠵᠢᠶ᠎ᠡ ᠨᠢ ᠵᠠᠪᠠᠯ ᠴᠢᠨᠠᠷ ᠰᠠᠶᠢᠲᠠᠢ ᠬᠥᠭᠵᠢᠯᠲᠡ ᠪᠠᠷ ᠭᠤᠣᠯ ᠰᠢᠵᠢᠮ ᠪᠣᠯᠭᠠᠬᠤ ᠬᠡᠷᠡᠭᠲᠡᠢ᠃      ᠭᠤᠷᠪᠠ ᠳᠤ᠂ ᠨᠠᠮ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠤᠳᠤᠷᠢᠳᠤᠯᠭ᠎ᠠ ᠶᠢ ᠴᠢᠩᠭᠠᠳᠬᠠᠬᠤ ᠪᠠ ᠰᠠᠶᠢᠵᠢᠷᠠᠭᠤᠯᠬᠤ ᠰᠢᠨ᠎ᠡ ᠱᠠᠭᠠᠷᠳᠠᠯᠭ᠎ᠠ ᠶᠢ ᠪᠠᠲᠤ ᠡᠵᠡᠮᠳᠡᠬᠦ ᠬᠡᠷᠡᠭᠲᠡᠢ᠃ ᠬᠥᠭᠵᠢᠯᠲᠡ ᠶᠢᠨ ᠰᠢᠨ᠎ᠡ ᠱᠠᠲᠤ ᠦᠶ᠎ᠡ  ᠨᠢ᠂ ᠨᠠᠮ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠳᠤᠷᠢᠳᠬᠤ ᠴᠢᠳᠠᠪᠤᠷᠢ ᠳᠤ ᠰᠢᠨ᠎ᠡ ᠰᠢᠯᠭᠠᠯᠲᠠ ᠭᠠᠷᠭᠠᠪᠠ᠂ ᠨᠠᠮ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠤᠳᠤᠷᠢᠳᠬᠤ ᠪᠠᠶᠢᠭᠤᠯᠤᠯ ᠲᠣᠭᠲᠠᠴᠠ ᠪᠠ ᠠᠷᠭ᠎ᠠ ᠬᠡᠯᠪᠡᠷᠢ ᠠᠷᠭ᠎ᠠ ᠬᠡᠮᠵᠢᠶ᠎ᠡ ᠶᠢ ᠲᠦᠷᠭᠡᠳᠬᠡᠨ ᠲᠡᠭᠦᠯᠳᠡᠷᠵᠢᠭᠦᠯᠬᠦ ᠪᠠ ᠰᠢᠨ᠎ᠡ ᠶᠢ ᠡᠭᠦᠳᠴᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠡᠷᠡᠭᠯᠡᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃      ᠬᠤᠶᠠᠷ᠂ ᠨᠠᠶᠢᠷᠠᠭᠤᠯᠬᠤ ᠡᠭᠦᠷᠭᠡ᠂ ᠲᠡᠰ ᠳᠠᠷᠠᠭᠠᠯᠠᠯ ᠪᠣᠯᠣᠨ ᠴᠠᠭ ᠤᠨ ᠲᠣᠬᠢᠷᠠᠭᠤᠯᠤᠯᠲᠠ      ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠢᠰᠲ᠋ᠧᠮᠵᠢ ᠪᠣᠯ ︽ᠬᠥᠬᠡᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ︾ ︵ᠳᠣᠷᠣᠭᠰᠢ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ ᠭᠡᠵᠦ ᠳᠥᠭᠦᠮᠴᠢᠯᠡᠨ᠎ᠡ︶ ᠪᠠᠷ ᠵᠢᠯᠤᠭᠤᠳᠤᠯᠭ᠎ᠠ ᠪᠣᠯᠭᠠᠨ᠂ ᠬᠤᠲᠠ ᠶᠢᠨ ᠣᠷᠣᠨ ᠵᠠᠢ ᠶᠢᠨ ᠲᠥᠯᠥᠪᠵᠢᠭᠦᠯᠭᠡ ᠪᠠᠷ ᠰᠠᠭᠤᠷᠢ ᠪᠣᠯᠭᠠᠨ᠂ ᠲᠤᠰᠬᠠᠢ ᠲᠥᠷᠥᠯ ᠤᠨ ᠲᠥᠯᠥᠪᠵᠢᠭᠦᠯᠭᠡ ᠪᠠᠷ ᠲᠤᠯᠭᠠᠭᠤᠷᠢᠯᠠᠯ ᠪᠣᠯᠭᠠᠭᠰᠠᠨ᠂ ᠬᠤᠲᠠ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠪᠠᠷ ᠪᠦᠷᠢᠯᠳᠦᠭᠰᠡᠨ ᠲᠥᠯᠥᠪᠵᠢᠭᠦᠯᠭᠡ ᠶᠢᠨ ᠰᠢᠰᠲ᠋ᠧᠮᠵᠢ ᠪᠣᠯᠣᠨ᠎ᠠ᠃ ᠡᠯ᠎ᠡ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠬᠤ ᠲᠡᠰ ᠳᠠᠷᠠᠭᠠᠯᠠᠯ ᠳᠤ ᠡᠮᠦᠨᠡᠬᠢ ᠬᠤᠭᠤᠴᠠᠭᠠᠨ ᠤ ᠰᠤᠳᠤᠯᠤᠯᠲᠠ᠂ ᠨᠣᠣᠷᠠᠭᠯᠠᠬᠤ ᠂ ᠰᠠᠨᠠᠯ ᠬᠤᠷᠢᠶᠠᠬᠤ᠂ ᠵᠣᠯᠭᠠᠭᠤᠯᠤᠨ ᠵᠣᠬᠢᠴᠠᠭᠤᠯᠬᠤ᠂ ᠲᠥᠯᠥᠪᠵᠢᠭᠦᠯᠭᠡ ᠳᠤ ᠨᠤᠲᠠᠯᠠᠯᠲᠠ ᠬᠢᠬᠦ᠂ ᠬᠢᠨᠠᠨ ᠵᠥᠪᠰᠢᠶᠡᠷᠡᠵᠦ ᠨᠡᠶᠢᠲᠡᠯᠡᠬᠦ ᠵᠡᠷᠭᠡ ᠶᠠᠪᠤᠴᠠ ᠪᠠᠭᠲᠠᠨ᠎ᠠ᠃ ᠨᠠᠶᠢᠷᠠᠭᠤᠯᠬᠤ ᠠᠵᠢᠯ ᠢ 2021 ᠣᠨ ᠤ ᠡᠬᠢᠨ ᠳᠤ ᠳᠠᠭᠤᠰᠬᠠᠨ᠎ᠠ᠃ ᠪᠣᠳᠠᠲᠠᠢ ᠲᠣᠬᠢᠷᠠᠭᠤᠯᠤᠯᠲᠠ ᠨᠢ ᠳᠣᠣᠷᠠᠬᠢ ᠮᠡᠲᠦ᠄       ︵ᠨᠢᠭᠡ︶ ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ       ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ ᠪᠣᠯ ᠮᠠᠨ ᠤ ᠬᠤᠲᠠ ᠶᠢᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠱᠠᠲᠤ ᠦᠶ᠎ᠡ ᠶᠢᠨ ᠴᠢᠨᠠᠷᠲᠠᠢ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠮᠥᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠤᠭ᠎ᠠ ᠵᠢᠷᠤᠭ ᠲᠥᠰᠥᠪ ᠪᠠ ᠪᠦᠬᠦ ᠬᠤᠲᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠤ ᠬᠠᠮᠲᠤ ᠶᠢᠨ ᠠᠵᠢᠯᠯᠠᠭᠠᠨ ᠤ ᠬᠥᠲᠥᠯᠪᠦᠷᠢ ᠮᠥᠨ᠂ ᠬᠤᠲᠠ ᠶᠢᠨ ᠵᠠᠰᠠᠭ ᠤᠨ ᠣᠷᠳᠣᠨ ᠤ ᠠᠵᠤ ᠠᠬᠤᠢ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠦᠨᠳᠦᠰᠦᠯᠡᠯ ᠮᠥᠨ᠃ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠤᠲᠠ ᠶᠢᠨ ᠵᠠᠰᠠᠭ ᠤᠨ ᠣᠷᠳᠣᠨ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠨᠠᠶᠢᠷᠠᠭᠤᠯᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠬᠢᠨᠠᠨ ᠵᠥᠪᠰᠢᠶᠡᠷᠡᠭᠦᠯᠦᠨ᠂ ᠲᠥᠯᠥᠪᠵᠢᠭᠦᠯᠭᠡ ᠶᠢᠨ ᠰᠢᠰᠲ᠋ᠧᠮᠵᠢ ᠶᠢᠨ ᠬᠠᠮᠤᠭ ᠤᠨ ᠳᠡᠭᠡᠳᠦ ᠪᠠᠶᠢᠷᠢᠨ ᠳᠤ ᠣᠷᠣᠰᠢᠵᠤ᠂ ᠬᠤᠲᠠ ᠶᠢᠨ ᠲᠤᠰᠬᠠᠢ ᠲᠥᠷᠥᠯ ᠤᠨ ᠲᠥᠯᠥᠪᠵᠢᠭᠦᠯᠭᠡ᠂ ᠣᠷᠣᠨ ᠵᠠᠢ ᠶᠢᠨ ᠲᠥᠯᠥᠪᠵᠢᠭᠦᠯᠭᠡ ᠵᠢᠴᠢ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠶᠡᠷᠦᠩᠬᠡᠢ ᠵᠢᠷᠤᠮᠯᠠᠯ ᠮᠦᠨ᠃       ᠪᠣᠳᠠᠲᠠᠢ ᠨᠠᠶᠢᠷᠠᠭᠤᠯᠬᠤ ᠠᠵᠢᠯ ᠢ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠣᠯᠣᠭᠠᠶᠢᠯᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠷᠢᠭᠤᠴᠠᠨ᠎ᠠ᠂ ᠭᠤᠣᠯᠳᠠᠭᠤ ᠳᠣᠣᠷᠠᠬᠢ ᠮᠡᠲᠦ ᠭᠤᠷᠪᠠᠨ ᠱᠠᠲᠤ ᠬᠤᠪᠢᠶᠠᠨ᠎ᠠ᠄      ᠨᠢᠭᠡ ᠳᠤ᠂ ᠡᠮᠦᠨᠡᠬᠢ ᠬᠤᠭᠤᠴᠠᠭᠠᠨ ᠤ ᠰᠤᠳᠤᠯᠤᠯᠲᠠ ᠶᠢᠨ ᠱᠠᠲᠤ ︵ᠨᠠᠶᠢᠷᠠᠭᠤᠯᠬᠤ ᠠᠵᠢᠯ ᠢ ᠡᠬᠢᠯᠡᠭᠦᠯᠦᠭᠰᠡᠨ ᠠᠴᠠ 2020 ᠣᠨ ᠤ ᠡᠬᠢᠨ ᠪᠣᠯᠲᠠᠯ᠎ᠠ︶᠃ ᠭᠤᠣᠯᠳᠠᠭᠤ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ᠂ ᠴᠢᠬᠤᠯᠠ ᠶᠡᠭᠡ ᠠᠰᠠᠭᠤᠳᠠᠯ ᠤᠨ ᠰᠤᠳᠤᠯᠤᠯᠲᠠ ᠶᠢ ᠦᠷᠨᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠦᠨᠳᠦᠰᠦᠨ ᠰᠡᠳᠬᠢᠴᠡ ᠶᠢ ᠳᠤᠷᠠᠳᠤᠨ᠎ᠠ᠃      ᠬᠤᠶᠠᠷ ᠲᠤ᠂ ᠬᠥᠲᠥᠯᠪᠦᠷᠢ ᠶᠢ ᠨᠠᠶᠢᠷᠠᠭᠤᠯᠬᠤ ᠱᠠᠲᠤ ︵2020 ᠣᠨ ᠤ ᠡᠬᠢᠨ ᠠᠴᠠ ᠬᠤᠲᠠ ᠶᠢᠨ ᠨᠠᠮ ᠤᠨ ᠬᠤᠷᠢᠶ᠎ᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠠᠨᠠᠭᠤᠯᠭ᠎ᠠ ᠶᠢ ᠨᠡᠶᠢᠳᠡᠯᠡᠬᠦ ᠪᠣᠯᠳᠠᠯ᠎ᠠ︶᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠪᠣᠷᠣ ᠲᠥᠯᠥᠪ ᠢ ᠨᠣᠣᠷᠠᠭᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠥᠢᠴᠡᠳᠭᠡᠬᠦ ᠲᠤᠭ᠎ᠠ ᠶᠢ ᠰᠤᠳᠤᠯᠤᠨ ᠪᠣᠳᠣᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ ᠳᠤ ᠣᠷᠣᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠳᠤᠷᠠᠳᠴᠤ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠥᠷᠥᠯ ᠵᠦᠢᠯ ᠤᠨ ᠬᠥᠮᠥᠷᠭᠡ ᠶᠢ ᠲᠥᠯᠥᠪᠯᠡᠨ ᠪᠠᠶᠢᠭᠤᠯᠤᠨ᠎ᠠ᠃      ᠭᠤᠷᠪᠠ ᠳᠤ᠂ ᠬᠥᠲᠥᠯᠪᠦᠷᠢ ᠶᠢᠨ ᠲᠥᠰᠥᠯ ᠢ ᠨᠠᠶᠢᠷᠠᠭᠤᠯᠬᠤ ᠱᠠᠲᠤ ︵ᠬᠤᠲᠠ ᠶᠢᠨ ᠨᠠᠮ ᠤᠨ ᠬᠤᠷᠢᠶ᠎ᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠠᠨᠠᠭᠤᠯᠭ᠎ᠠ ᠪᠠᠲᠤᠯᠠᠭᠳᠠᠭᠰᠠᠨ ᠠᠴᠠ 2021 ᠣᠨ ᠤ ᠡᠬᠢᠨ ᠪᠣᠯᠲᠠᠯ᠎ᠠ︶᠃ ᠬᠤᠲᠠ ᠶᠢᠨ ᠨᠠᠮ ᠤᠨ ᠬᠤᠷᠢᠶ᠎ᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠠᠨᠠᠭᠤᠯᠭ᠎ᠠ ᠶᠣᠰᠣᠭᠠᠷ᠂ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠲᠥᠰᠥᠯ ᠢ ᠨᠣᠣᠷᠠᠭᠯᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠲᠤᠰᠬᠠᠢ ᠵᠦᠪᠯᠡᠯ ᠵᠢᠴᠢ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠷᠠᠳᠴᠢᠯᠠᠭᠰᠠᠨ ᠨᠠᠮ ᠪᠦᠯᠦᠭ᠂ ᠬᠤᠰᠢᠭᠤ ᠰᠢᠶᠠᠨ ᠲᠣᠭᠤᠷᠢᠭ᠂ ᠬᠤᠲᠠ ᠶᠢᠨ ᠡᠯ᠎ᠡ ᠰᠠᠯᠠᠭ᠎ᠠ ᠮᠥᠴᠢᠷ᠂ ᠠᠷᠠᠳ ᠤᠨ ᠪᠦᠯᠬᠦᠮ᠂ ᠨᠡᠶᠢᠭᠡᠮ ᠤᠨ ᠡᠯ᠎ᠡ ᠡᠲᠡᠭᠡᠳ ᠪᠠ ᠡᠷᠳᠡᠮᠳᠡᠨ ᠮᠡᠷᠭᠡᠵᠢᠯᠲᠡᠳ ᠵᠡᠷᠭᠡ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ ᠪᠠ ᠮᠠᠨ ᠤ ᠬᠤᠲᠠ ᠶᠢᠨ ᠣᠷᠣᠨ ᠵᠠᠢ ᠶᠢᠨ ᠲᠥᠯᠥᠪᠵᠢᠭᠦᠯᠭᠡ᠂ ᠲᠤᠰᠬᠠᠢ ᠲᠥᠷᠥᠯ ᠤᠨ ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ ᠲᠠᠢ ᠵᠣᠯᠭᠠᠭᠤᠯᠬᠤ ᠶᠢ ᠰᠠᠶᠢᠲᠤᠷ ᠬᠢᠨ᠎ᠡ᠃ ᠲᠤᠰᠬᠠᠢ ᠮᠡᠷᠭᠡᠵᠢᠯᠲᠡᠳ ᠤᠨ ᠨᠤᠲᠠᠯᠠᠯᠲᠠ ᠶᠢ ᠥᠩᠭᠡᠷᠡᠭᠰᠡᠨ ᠤ ᠳᠠᠷᠠᠭ᠎ᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠤᠭᠲᠠᠭᠠᠯᠭᠠᠨ᠎ᠠ᠃ 2021 ᠣᠨ ᠤ ᠡᠬᠢᠨ ᠳᠤ᠂ ᠬᠤᠲᠠ ᠶᠢᠨ ᠵᠠᠰᠠᠭ ᠤᠨ ᠣᠷᠳᠣᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠲᠥᠰᠥᠯ ᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠬᠢᠨᠠᠨ ᠵᠥᠪᠰᠢᠶᠡᠷᠡᠭᠦᠯᠵᠦ᠂ ᠵᠥᠪᠰᠢᠶᠡᠷᠡᠭᠰᠡᠨ ᠤ ᠳᠠᠷᠠᠭ᠎ᠠ ᠢᠯᠡ ᠪᠠᠷ ᠨᠡᠶᠢᠲᠡᠯᠡᠨ᠎ᠡ᠃       ︵ᠬᠤᠶᠠᠷ︶ ᠬᠤᠲᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ      ᠬᠤᠲᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠨᠢ ᠲᠥᠯᠥᠪᠵᠢᠭᠦᠯᠭᠡ ᠶᠢᠨ ᠰᠢᠰᠲ᠋ᠧᠮᠵᠢ ᠳᠤ ᠦᠨᠳᠦᠰᠦᠨ ᠦᠢᠯᠡᠳᠦᠯ ᠦᠵᠡᠭᠦᠯᠦᠨ᠂ ᠣᠷᠣᠨ ᠵᠠᠢ ᠶᠢ ᠨᠡᠭᠡᠭᠡᠨ ᠬᠥᠭᠵᠢᠭᠦᠯᠬᠦ ᠬᠦᠴᠦᠯᠡᠴᠡ ᠶᠢ ᠬᠠᠮᠢᠶᠠᠷᠤᠨ ᠡᠵᠡᠮᠳᠡᠬᠦ ᠪᠠ ᠭᠤᠣᠯ ᠬᠢᠵᠠᠭᠠᠷᠯᠠᠬᠤ ᠱᠤᠭᠤᠮ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠬᠤᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠣᠷᠣᠨ ᠵᠠᠢ ᠶᠢᠨ ᠪᠠᠲᠤᠯᠠᠭ᠎ᠠ ᠬᠠᠩᠭᠠᠵᠤ᠂ ᠮᠠᠨ ᠤ ᠬᠤᠲᠠ ᠶᠢᠨ ᠡᠯ᠎ᠡ ᠲᠥᠷᠥᠯ ᠤᠨ ᠲᠤᠰᠬᠠᠢ ᠲᠥᠷᠥᠯ ᠤᠨ ᠲᠥᠯᠥᠪᠵᠢᠭᠦᠯᠭᠡ ᠪᠠ ᠣᠷᠣᠨ ᠪᠦᠰᠡ ᠶᠢᠨ ᠲᠥᠯᠥᠪᠵᠢᠭᠦᠯᠭᠡ ᠳᠤ ᠳᠤᠷᠠᠳᠤᠭᠰᠠᠨ ᠰᠠᠭᠤᠷᠢ ᠪᠡᠯᠡᠳᠭᠡᠮᠵᠢ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ᠂ ᠡᠬᠢ ᠪᠠᠶᠠᠯᠢᠭ ᠡᠨᠧᠷᠭᠢ ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠨᠡᠭᠡᠭᠡᠨ ᠬᠥᠭᠵᠢᠭᠦᠯᠬᠦ ᠬᠠᠮᠠᠭᠠᠯᠠᠬᠤ ᠠᠵᠢᠯᠯᠠᠭ᠎ᠠ ᠳᠤ ᠣᠷᠣᠨ ᠵᠠᠢ ᠶᠢᠨ ᠴᠢᠨᠠᠷᠲᠠᠢ ᠵᠢᠯᠣᠭᠤᠳᠤᠯᠭ᠎ᠠ ᠪᠠ ᠬᠢᠵᠠᠭᠠᠷᠯᠠᠬᠤ ᠦᠢᠯᠡᠳᠦᠯ ᠲᠠᠢ᠃ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠭᠦᠢᠴᠡᠳᠬᠡᠵᠦ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠣᠯᠣᠭᠠᠶᠢᠯᠠᠨ ᠨᠠᠶᠢᠷᠠᠭᠤᠯᠤᠨ᠎ᠠ᠃       ︵ᠭᠤᠷᠪᠠ︶ ᠬᠤᠲᠠ ᠶᠢᠨ ᠲᠤᠰᠬᠠᠢ ᠲᠥᠷᠥᠯ ᠤᠨ ᠲᠥᠯᠥᠪᠵᠢᠭᠦᠯᠭᠡ      ᠬᠤᠲᠠ ᠶᠢᠨ ᠲᠤᠰᠬᠠᠢ ᠲᠥᠷᠥᠯ ᠤᠨ ᠲᠥᠯᠥᠪᠵᠢᠭᠦᠯᠭᠡ ᠨᠢ ᠲᠥᠯᠥᠪᠵᠢᠭᠦᠯᠭᠡ ᠶᠢᠨ ᠰᠢᠰᠲ᠋ᠧᠮᠵᠢ ᠳᠤ  ᠲᠤᠯᠭᠠᠭᠤᠷᠢᠯᠠᠬᠤ ᠴᠢᠨᠠᠷᠳᠠᠢ ᠦᠢᠯᠡᠳᠦᠯ ᠦᠵᠡᠭᠦᠯᠦᠨ᠂ ᠶᠡᠷᠦᠩᠬᠡᠢ ᠲᠥᠯᠥᠪᠵᠢᠭᠦᠯᠭᠡ ᠶᠢᠨ ᠣᠨᠴᠠ ᠵᠠᠷᠢᠮ ᠬᠦᠷᠢᠶ᠎ᠡ ᠴᠠᠷᠠᠭ᠎ᠠ ᠳᠤ ᠳᠤᠷᠠᠳᠤᠭᠰᠠᠨ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠨᠠᠷᠢᠯᠢᠭᠵᠢᠭᠤᠯᠬᠤ ᠪᠠ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠬᠦᠷᠢᠶ᠎ᠡ ᠴᠠᠷᠠᠭ᠎ᠠ ᠳᠤ ᠨᠢᠭᠡ ᠪᠦᠯᠦᠭ ᠬᠤᠲᠠ ᠶᠢᠨ ᠲᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠤᠰᠬᠠᠢ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠵᠤ᠂ ᠣᠨᠴᠠ ᠵᠠᠷᠢᠮ ᠬᠦᠷᠢᠶ᠎ᠡ ᠴᠠᠷᠠᠭ᠎ᠠ ᠶᠢᠨ ᠴᠢᠬᠤᠯᠠ ᠶᠡᠭᠡ ᠲᠥᠷᠥᠯ ᠵᠦᠢᠯ ᠢ ᠬᠢᠨᠠᠨ ᠵᠥᠪᠰᠢᠶᠡᠷᠡᠵᠦ ᠬᠠᠷᠠᠭᠤᠯᠤᠨ ᠵᠥᠪᠰᠢᠶᠡᠷᠡᠬᠦ ᠶᠢ ᠵᠢᠯᠣᠭᠤᠳᠬᠤ᠂ ᠡᠳ᠋ ᠤᠨ ᠵᠠᠰᠠᠭ ᠤᠨ ᠵᠠᠷᠤᠯᠭ᠎ᠠ ᠶᠢᠨ ᠲᠥᠰᠥᠪ ᠢ ᠲᠣᠬᠢᠷᠠᠭᠤᠯᠬᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ‌‍ᠲ᠋ᠣᠭᠲᠠᠭᠠᠬᠤ ᠦᠨᠳᠦᠰᠦᠯᠡᠯ ᠮᠥᠨ᠃ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠦᠪᠰᠢᠶᠡᠷᠡᠬᠦᠯᠬᠦ ᠲᠤᠰᠬᠠᠢ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠬᠤ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠵᠣᠯᠭᠠᠭᠤᠯᠤᠨ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ᠂ ᠲᠥᠯᠥᠪᠵᠢᠭᠦᠯᠭᠡ ᠶᠢ ᠨᠠᠶᠢᠷᠠᠭᠤᠯᠬᠤ ᠰᠠᠯᠠᠭ᠎ᠠ ᠮᠥᠴᠢᠷ ᠠᠴᠠ ᠲᠣᠯᠣᠭᠠᠶᠢᠯᠠᠨ ᠨᠠᠶᠢᠷᠠᠭᠤᠯᠵᠤ᠂ 2020 ᠣᠨ ᠤ 9 ᠳ᠋ᠦ᠋ᠭᠡᠷ ᠰᠠᠷ᠎ᠠ ᠠᠴᠠ ᠡᠮᠦᠨ᠎ᠡ ᠲᠥᠯᠥᠪᠵᠢᠭᠦᠯᠭᠡ ᠶᠢᠨ ᠡᠬᠡ ᠨᠣᠣᠷᠠᠭ ᠢ ᠨᠠᠶᠢᠷᠠᠭᠤᠯᠵᠤ  ᠳᠠᠭᠤᠰᠬᠠᠨ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠲᠥᠯᠥᠪᠵᠢᠭᠦᠯᠭᠡ ᠶᠢ ᠵᠣᠯᠭᠠᠭᠤᠯᠤᠨ᠎ᠠ︔ ᠡᠭᠦᠨ ᠤ ᠬᠠᠮᠲᠤ 2021 ᠣᠨ ᠤ ᠡᠬᠢᠨ ᠳᠤ ᠬᠦᠷᠭᠡᠨ ᠬᠢᠨᠠᠭᠤᠯᠬᠤ ᠨᠣᠣᠷᠠᠭ ᠢ ᠨᠠᠶᠢᠷᠠᠭᠤᠯᠵᠤ ᠳᠠᠭᠤᠰᠬᠠᠨ᠂ ᠲᠤᠰᠬᠠᠢ ᠮᠡᠷᠭᠡᠵᠢᠯᠲᠡᠳ ᠤᠨ ᠨᠤᠲᠠᠯᠠᠯᠲᠠ ᠶᠢᠨ ᠮᠡᠳᠡᠭᠦᠯᠦᠯᠲᠡ᠂ ᠬᠤᠲᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢᠨ ᠴᠣᠬᠤᠯᠠᠪᠤᠷᠢᠯᠠᠭᠰᠠᠨ ᠰᠠᠨᠠᠯ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠮᠡᠳᠡᠭᠦᠯᠦᠯᠲᠡ  ᠲᠠᠢ ᠬᠠᠮᠲᠤ ᠳᠤ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠭᠦᠷᠭᠡ ᠴᠢᠳᠠᠮᠵᠢᠲᠦ ᠰᠠᠯᠠᠭ᠎ᠠ ᠮᠥᠴᠢᠷ ᠠᠴᠠ ᠨᠠᠶᠢᠷᠠᠭᠤᠯᠤᠨ ᠬᠡᠷᠡᠭᠵᠢᠭᠦᠯᠦᠨ᠎ᠡ᠃      ᠰᠠᠯᠠᠭ᠎ᠠ ᠮᠥᠴᠢᠷ ᠤᠨ ᠥᠪᠡᠷ ᠢᠶᠠᠨ ᠨᠠᠶᠢᠷᠠᠭᠤᠯᠤᠨ ᠬᠢᠨᠠᠨ ᠵᠥᠪᠰᠢᠶᠡᠷᠡᠭᠰᠡᠨ ᠲᠤᠰᠬᠠᠢ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠤᠭᠰᠠᠨ ᠰᠠᠯᠠᠭ᠎ᠠ ᠮᠥᠴᠢᠷ ᠠᠴᠠ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠳᠠᠩᠰᠠᠯᠠᠭᠤᠯᠤᠨ᠎ᠠ᠃       ︵ᠳᠥᠷᠪᠡ︶ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ      ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠢᠨ ᠪᠦᠬᠦ ᠬᠤᠲᠠ ᠶᠢᠨ ᠲᠥᠯᠥᠪᠵᠢᠭᠦᠯᠭᠡ ᠨᠠᠶᠢᠷᠠᠭᠤᠯᠬᠤ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠲᠤᠰ ᠭᠠᠵᠠᠷ ᠣᠷᠣᠨ ᠤ ᠪᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ᠎ᠠ᠃ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ ᠯᠦᠭᠡ ᠢᠵᠢᠯ ᠠᠯᠬᠤᠮ ᠢᠶᠠᠷ ᠰᠤᠳᠤᠯᠤᠨ᠂ ᠢᠵᠢᠯ ᠠᠯᠬᠤᠮ ᠢᠶᠠᠷ ᠨᠠᠶᠢᠷᠠᠭᠤᠯᠵᠤ᠂ ᠢᠵᠢᠯ ᠠᠯᠬᠤᠮ ᠢᠶᠠᠷ ᠬᠡᠷᠡᠭᠵᠢᠭᠦᠯᠦᠨ᠂ ᠢᠵᠢᠯ ᠠᠯᠬᠤᠮ ᠢᠶᠠᠷ ᠬᠢᠨᠠᠨ ᠬᠡᠮᠵᠢᠵᠦ ᠦᠨᠡᠯᠡᠨ᠎ᠡ᠃ ᠬᠤᠲᠠ ᠶᠢᠨ ᠶᠡᠷᠦᠩᠬᠡᠢ ᠬᠥᠭᠵᠢᠯᠲᠡ ᠶᠢᠨ ᠲᠥᠯᠥᠪᠵᠢᠭᠦᠯᠭᠡ ᠪᠠ ᠬᠤᠲᠠ ᠶᠢᠨ ᠲᠡᠰ ᠤᠨ ᠲᠤᠰᠬᠠᠢ ᠲᠥᠷᠥᠯ ᠤᠨ ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ ᠪᠣᠯᠣᠨ ᠤᠯᠤᠰ ᠤᠨ ᠨᠤᠲᠤᠭ ᠳᠡᠪᠢᠰᠬᠡᠷ ᠤᠨ ᠲᠥᠯᠥᠪᠵᠢᠭᠦᠯᠭᠡ ᠯᠦᠭᠡ ᠵᠣᠯᠭᠠᠯᠳᠤᠭᠤᠯᠬᠤ ᠶᠢ ᠴᠢᠩᠭᠠᠳᠬᠠᠵᠤ᠂ ᠲᠤᠰ ᠭᠠᠵᠠᠷ ᠣᠷᠣᠨ ᠤ ᠪᠠᠨ ᠪᠣᠳᠠᠲᠠᠢ ᠲᠠᠢ ᠤᠶᠠᠯᠳᠤᠭᠤᠯᠤᠨ᠂ ᠣᠷᠣᠨ ᠨᠤᠲᠤᠭ ᠤᠨ ᠣᠨᠴᠠᠯᠢᠭ ᠢ ᠳᠣᠪᠣᠶᠢᠯᠭᠠᠵᠤ᠂ ᠭᠠᠵᠠᠷ ᠣᠷᠣᠨ ᠳᠤᠨᠢ ᠲᠣᠬᠢᠷᠠᠭᠤᠯᠤᠨ ᠬᠥᠭᠵᠢᠯᠲᠡ ᠶᠢ ᠵᠢᠯᠣᠭᠤᠳᠤᠨ᠎ᠠ᠃ ᠬᠤᠰᠢᠭᠤ ᠰᠢᠶᠠᠨ ᠲᠣᠭᠤᠷᠢᠭ ᠤᠨ  ᠬᠢ ᠶᠢ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠢᠨᠠᠨ ᠵᠥᠪᠰᠢᠶᠡᠷᠡᠵᠤ᠂ ᠨᠡᠭᠡᠭᠡᠯᠲᠡ ᠶᠢᠨ ᠲᠣᠭᠤᠷᠢᠭ ᠤᠨ ᠬᠢ ᠶᠢ ᠬᠤᠲᠠ ᠶᠢᠨ ᠵᠠᠰᠠᠭ ᠤᠨ ᠣᠷᠳᠣᠨ ᠠᠴᠠ ᠬᠢᠨᠠᠨ ᠵᠥᠪᠰᠢᠶᠡᠷᠡᠬᠦ ᠶᠢᠨ ᠬᠠᠮᠲᠤ ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠳᠠᠩᠰᠠᠯᠠᠨ᠎ᠠ᠃       ᠭᠤᠷᠪᠠ᠂ ᠨᠠᠶᠢᠷᠠᠭᠤᠯᠬᠤ ᠱᠠᠭᠠᠷᠳᠠᠯᠭ᠎ᠠ       ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠬᠥᠬᠡᠬᠤᠲᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠴᠢᠨᠠᠷ ᠰᠠᠶᠢᠲᠠᠢ ᠬᠦᠭᠵᠢᠬᠦ᠂ ᠨᠡᠶᠢᠭᠡᠮ ᠵᠢᠷᠤᠮ ᠤᠨ ᠤᠳᠤᠬᠢᠴᠢᠯᠠᠯᠲᠠ ᠶᠢ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠢ ᠪᠦᠬᠦ ᠲᠠᠯ᠎ᠠ ᠪᠠᠷ ᠡᠬᠢᠯᠡᠬᠦᠯᠬᠦ ᠶᠢ ᠬᠦᠳᠦᠯᠦᠨ ᠲᠠᠭᠠᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠮᠥᠷᠲᠡᠭᠡᠨ ᠠᠯᠤᠰ ᠬᠡᠲᠦ ᠶᠢᠨ ᠨᠥᠯᠥᠭᠡ ᠲᠠᠢ ᠶᠤᠮ᠃ ᠡᠯ᠎ᠡ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠨ᠂ ᠨᠢᠭᠲᠠ ᠬᠠᠮᠲᠤᠷᠠᠯᠴᠠᠨ᠂ ︽ᠳᠥᠷᠪᠡᠨ ᠤᠬᠠᠮᠰᠠᠷ︾ ᠢ ᠪᠠᠲᠤ ᠪᠣᠢ ᠪᠣᠯᠭᠠᠨ᠂ ︽ᠳᠥᠷᠪᠡᠨ ᠢᠲᠡᠭᠡᠯ︾ ᠢ ᠴᠢᠩᠭᠠᠳᠬᠠᠵᠤ᠂ ︽ᠬᠤᠶᠠᠷ ᠢ  ᠬᠠᠮᠠᠭᠠᠯᠠᠬᠤ︾ ᠶᠢ ᠪᠡᠶᠡᠯᠡᠬᠦᠯᠵᠦ ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠰᠠᠶᠢᠨ ᠰᠠᠶᠢᠬᠠᠨ ᠢᠷᠡᠭᠡᠳᠦᠢ ᠶᠢ ᠵᠢᠷᠤᠭᠯᠠᠬᠤ ᠬᠡᠷᠡᠭᠲᠡᠢ᠃       ︵ᠬᠤᠶᠠᠷ︶ ᠴᠢᠬᠤᠯᠠ ᠶᠡᠭᠡ ᠠᠰᠠᠭᠤᠳᠠᠯ ᠳᠤ ᠰᠤᠳᠤᠯᠤᠯᠲᠠ ᠬᠢᠬᠦ ᠶᠢ ᠴᠢᠩᠭᠠᠳᠬᠠᠬᠤ ᠬᠡᠷᠡᠭᠲᠡᠢ᠃ ᠶᠡᠭᠡ ᠬᠠᠨᠳᠤᠰᠢ ᠶᠢ ᠰᠤᠳᠤᠯᠤᠨ ᠮᠠᠭᠠᠳᠯᠠᠵᠤ᠂ ᠪᠦᠬᠦ ᠲᠠᠯ᠎ᠠ ᠶᠢ ᠪᠣᠳᠣᠯᠬᠢᠯᠠᠬᠤ ᠳᠤ ᠭᠠᠷᠮᠠᠭᠠᠢ ᠪᠠᠶᠢᠵᠤ᠂ ᠶᠡᠷᠦᠩᠬᠡᠢ ᠴᠢᠨᠠᠷ ᠂ ᠬᠠᠨᠳᠤᠰᠢ ᠶᠢᠨ ᠴᠢᠨᠠᠷ ᠤᠨ ᠮᠠᠭᠠᠳᠯᠠᠯᠲᠠ ᠶᠢ ᠪᠦᠷᠢᠯᠳᠦᠭᠦᠯᠬᠦ ᠪᠠᠷ ᠪᠠᠷᠠᠬᠤ ᠦᠭᠡᠢ ᠪᠠᠰᠠ ᠪᠦᠬᠦ ᠲᠠᠯ᠎ᠠ ᠪᠠ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ ᠶᠡᠭᠡ ᠠᠰᠠᠭᠤᠳᠠᠯ ᠢ ᠣᠨᠣᠪᠴᠢᠲᠠᠢ ᠡᠷᠢᠵᠦ ᠣᠯᠬᠤ ᠬᠡᠷᠡᠭᠲᠡᠢ᠃ ᠬᠤᠲᠠ ᠶᠢᠨ ᠳᠣᠲᠣᠨ᠎ᠠ ᠭᠠᠳᠠᠨ᠎ᠠ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠨ᠂ ᠦᠨᠳᠦᠰᠦᠨ ᠱᠠᠲᠤᠨ ᠤ ᠠᠵᠢᠯ ᠲᠥᠷᠥᠯ ᠳᠤ ᠭᠦᠨᠵᠡᠭᠡᠶᠢᠷᠡᠨ ᠰᠠᠨᠠᠯ ᠰᠣᠨᠣᠰᠤᠨ ᠠᠰᠠᠭᠤᠳᠠᠯ ᠡᠷᠢᠵᠦ᠂ ᠬᠥᠭᠵᠢᠯᠲᠡ ᠶᠢᠨ ᠠᠷᠭ᠎ᠠ ᠵᠠᠮ ᠵᠢᠴᠢ ᠪᠣᠭᠤᠮᠢ ᠳᠤᠲᠠᠭᠤᠳᠠᠯ ᠢ ᠭᠦᠨᠵᠡᠭᠡᠢ ᠰᠤᠳᠤᠯᠤᠨ᠂ ᠨᠡᠪᠲᠡ ᠰᠤᠳᠤᠯᠤᠨ᠂ ᠡᠮᠦᠨᠡᠬᠢ ᠬᠤᠭᠤᠴᠠᠭᠠᠨ ᠤ ᠲᠤᠰᠬᠠᠢ ᠰᠡᠳᠦᠪ ᠤᠨ ᠰᠤᠳᠤᠯᠤᠯᠲᠠ ᠶᠢ ᠢᠳᠡᠪᠬᠢᠲᠡᠢ ᠥᠷᠨᠢᠭᠦᠯᠵᠦ᠂ ᠬᠥᠳᠡᠯᠮᠦᠷᠢ ᠬᠦᠴᠦ᠂ ᠪᠡᠯᠡ ᠮᠥᠩᠭᠦ᠂ ᠭᠠᠵᠠᠷ ᠰᠢᠷᠣᠢ ᠂ ᠡᠨᠧᠷᠭᠢ᠂ ᠡᠳ᠋ ᠤᠨ ᠵᠠᠰᠠᠭ ᠵᠡᠷᠭᠡ ᠴᠢᠬᠤᠯᠠ ᠡᠬᠢ ᠪᠠᠶᠠᠯᠢᠭ ᠤᠨ ᠲᠤᠯᠭᠠᠭᠤᠷᠢᠯᠠᠯ᠂ ᠡᠬᠢ ᠪᠠᠶᠠᠯᠢᠭ ᠤᠨ ᠣᠷᠴᠢᠨ ᠲᠣᠭᠤᠷᠢᠨ ᠤ ᠬᠢᠵᠠᠭᠠᠷᠯᠠᠯ ᠪᠣᠯᠣᠨ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠡᠯᠧᠮᠧᠨ᠋ᠲ ᠢ ᠨᠢᠭᠡᠳᠦᠯᠲᠡᠢ ᠲᠥᠯᠥᠪᠯᠡᠨ ᠲᠡᠩᠴᠡᠭᠦᠷᠢᠰᠢᠭᠦᠯᠵᠦ᠂ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠬᠤ ᠬᠡᠷᠡᠭᠲᠡᠢ᠃ ᠡᠭᠦᠨ ᠤ ᠬᠠᠮᠲᠤ᠂ ᠲᠥᠯᠥᠪᠵᠢᠭᠦᠯᠭᠡ ᠶᠢ ᠲᠣᠯᠣᠭᠠᠶᠢᠯᠠᠨ ᠨᠠᠶᠢᠷᠠᠭᠤᠯᠬᠤ ᠰᠠᠯᠠᠭ᠎ᠠ ᠮᠥᠴᠢᠷ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠬᠦᠢᠴᠡᠳᠭᠡᠬᠦ ᠲᠤᠭ᠎ᠠ ᠶᠢ ᠬᠡᠮᠵᠢᠨ ᠪᠣᠳᠣᠬᠤ ᠶᠢᠨ ᠬᠠᠮᠲᠤ ᠲᠡᠩᠴᠡᠭᠦᠷᠢᠰᠢᠭᠦᠯᠦᠨ ᠵᠣᠬᠢᠴᠠᠭᠤᠯᠵᠤ᠂ ᠲᠥᠯᠥᠪᠵᠢᠭᠦᠯᠭᠡ ᠶᠢᠨ ᠬᠡᠷᠡᠭᠵᠢᠭᠦᠯᠵᠦ ᠪᠣᠯᠬᠤ ᠴᠢᠨᠠᠷ ᠲᠠᠢ ᠪᠠᠶᠢᠬᠤ ᠶᠢ ᠪᠠᠲᠤᠯᠠᠬᠤ ᠬᠡᠷᠡᠭᠲᠡᠢ᠃       ︵ᠭᠤᠷᠪᠠ︶ ᠲᠥᠯᠥᠪᠵᠢᠭᠦᠯᠭᠡ ᠶᠢ ᠨᠠᠶᠢᠷᠠᠭᠤᠯᠬᠤ ᠲᠡᠰ ᠳᠠᠷᠠᠭᠠᠯᠠᠯ ᠢ ᠵᠢᠷᠤᠮᠵᠢᠭᠤᠯᠬᠤ ᠬᠡᠷᠡᠭᠲᠡᠢ᠃ ᠵᠢᠷᠤᠮᠵᠢᠭᠰᠠᠨ᠂ ᠠᠷᠠᠳᠴᠢᠯᠠᠭᠰᠠᠨ ᠲᠡᠰ ᠳᠠᠷᠠᠭᠠᠯᠠᠯ ᠢᠶᠠᠷ ᠲᠥᠯᠥᠪᠵᠢᠭᠦᠯᠭᠡ ᠶᠢ ᠨᠠᠶᠢᠷᠠᠭᠤᠯᠵᠤ᠂ ᠨᠣᠣᠷᠠᠭᠯᠠᠬᠤ᠂ ᠵᠣᠯᠭᠠᠭᠤᠯᠬᠤ᠂ ᠨᠤᠲᠠᠯᠠᠯᠲᠠ ᠬᠢᠬᠦ᠂ ᠬᠢᠨᠠᠨ ᠵᠥᠪᠰᠢᠶᠡᠷᠡᠭᠦᠯᠬᠦ᠂ ᠨᠡᠶᠢᠲᠡᠯᠡᠬᠦ ᠵᠡᠷᠭᠡ ᠲᠡᠰ ᠳᠠᠷᠠᠭᠠᠯᠠᠯ  ᠢ ᠳᠦᠷᠢᠮᠵᠢᠭᠦᠯᠬᠦ ᠬᠡᠷᠡᠭᠲᠡᠢ᠃ ᠡᠭᠦᠳᠡ ᠪᠠᠨ ᠨᠡᠭᠡᠭᠡᠵᠦ ᠲᠥᠯᠥᠪᠵᠢᠭᠦᠯᠭᠡ ᠨᠠᠶᠢᠷᠠᠭᠤᠯᠬᠤ ᠶᠢ ᠪᠠᠷᠢᠮᠲᠠᠯᠠᠵᠤ᠂ ᠲᠥᠯᠥᠪᠵᠢᠭᠦᠯᠭᠡ ᠨᠠᠶᠢᠷᠠᠭᠤᠯᠬᠤ ᠶᠠᠪᠤᠴᠠ ᠶᠢ ᠠᠷᠠᠳ ᠲᠦᠮᠡᠨ ᠤ ᠣᠶᠣᠨ ᠤᠬᠠᠭᠠᠨ ᠢ ᠲᠥᠪᠯᠡᠷᠡᠭᠦᠯᠦᠭᠰᠡᠨ᠂ ᠠᠰᠢᠭ ᠲᠤᠰᠠ ᠶᠢ ᠵᠣᠬᠢᠴᠠᠭᠤᠯᠤᠭᠰᠠᠨ᠂ ᠬᠠᠮᠳᠤ ᠶᠢᠨ ᠲᠠᠨᠢᠯᠲᠠ ᠶᠢ ᠪᠦᠷᠢᠯᠳᠦᠭᠦᠯᠦᠭᠰᠡᠨ ᠶᠠᠪᠤᠴᠠ ᠪᠣᠯᠭᠠᠬᠤ ᠬᠡᠷᠡᠭᠲᠡᠢ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠤᠴᠢᠷ ᠲᠤ ᠪᠠᠭᠲᠠᠬᠤ ᠲᠥᠯᠥᠪᠵᠢᠭᠦᠯᠭᠡ ᠶᠢ ᠣᠯᠠᠨ ᠲᠦᠮᠡᠨ ᠣᠷᠣᠯᠴᠠᠬᠤ᠂ ᠲᠤᠰᠬᠠᠢ ᠮᠡᠷᠭᠡᠵᠢᠯᠲᠡᠳ ᠠᠴᠠ ᠨᠤᠲᠠᠯᠠᠯᠲᠠ ᠬᠢᠬᠦ᠂ ᠲᠦᠭᠰᠢᠭᠦᠷᠢ ᠶᠢᠨ ᠦᠨᠡᠯᠡᠯᠲᠡ ᠬᠢᠬᠦ᠂ ᠬᠠᠤᠯᠢ ᠳᠤ ᠨᠡᠶᠢᠴᠡᠬᠦ ᠪᠠᠶᠢᠴᠠᠭᠠᠯᠲᠠ ᠬᠢᠬᠦ ᠪᠠ ᠨᠡᠶᠢᠲᠡ ᠪᠠᠷ ᠶᠠᠷᠢᠯᠴᠠᠨ ᠲᠣᠭᠲᠠᠭᠠᠬᠤ ᠵᠡᠷᠭᠡ ᠲᠡᠰ ᠳᠠᠷᠠᠭᠠᠯᠠᠯ ᠢ ᠥᠩᠭᠡᠷᠡᠭᠡᠬᠦ ᠬᠡᠷᠡᠭᠲᠡᠢ᠃ ᠲᠣᠭᠲᠠᠭᠠᠯ ᠶᠣᠰᠣᠭᠠᠷ ᠣᠷᠴᠢᠨ ᠲᠣᠭᠤᠷᠢᠨ ᠳᠠᠬᠢ ᠨᠥᠯᠥᠭᠡ ᠳᠤ ᠦᠨᠡᠯᠡᠯᠲᠡ ᠬᠢᠬᠦ ᠴᠢᠬᠤᠯᠠᠲᠠᠢ ᠲᠥᠯᠥᠪᠵᠢᠭᠦᠯᠭᠡ ᠳᠤ ᠣᠷᠴᠢᠨ ᠲᠣᠭᠤᠷᠢᠨ ᠳᠠᠬᠢ ᠨᠥᠯᠥᠭᠡ ᠶᠢᠨ ᠦᠨᠡᠯᠡᠯᠲᠡ ᠬᠢᠬᠦ ᠬᠡᠷᠡᠭᠲᠡᠢ᠃       ︵ᠳᠥᠷᠪᠡ︶ ᠲᠥᠯᠥᠪᠵᠢᠭᠦᠯᠭᠡ ᠶᠢ ᠨᠠᠶᠢᠷᠠᠭᠤᠯᠬᠤ ᠠᠷᠭ᠎ᠠ ᠳᠤ ᠰᠢᠨ᠎ᠡ ᠶᠢ ᠡᠭᠦᠳᠬᠦ ᠬᠡᠷᠡᠭᠲᠡᠢ᠃ ᠤᠯᠠᠮᠵᠢᠯᠠᠯᠲᠤ ᠰᠡᠳᠬᠢᠬᠦᠢ ᠶᠢᠨ ᠢᠨᠧᠷᠼᠢ ᠶᠢ ᠡᠪᠳᠡᠵᠦ᠂ ᠲᠤᠰᠬᠠᠢ ᠮᠡᠷᠭᠡᠵᠢᠯ ᠤᠨ ᠰᠤᠳᠤᠯᠭᠠᠨ ᠤ ᠬᠦᠴᠦᠨ ᠢ ᠭᠦᠢᠴᠡᠳ ᠪᠠᠳᠠᠷᠠᠭᠤᠯᠤᠨ᠂ ᠲᠥᠯᠥᠪᠵᠢᠭᠦᠯᠭᠡ ᠶᠢᠨ ᠬᠠᠷᠠᠯᠲᠠ  ᠬᠦᠢᠴᠡᠳᠭᠡᠬᠦ ᠲᠤᠭ᠎ᠠ ᠶᠢ ᠬᠡᠮᠵᠢᠨ ᠪᠣᠳᠣᠬᠤ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠦᠨᠡᠯᠡᠬᠦ᠂ ᠰᠠᠨᠠᠯ ᠬᠤᠷᠢᠶᠠᠵᠤ ᠬᠡᠷᠡᠭᠯᠡᠬᠦ ᠵᠡᠷᠭᠡ ᠲᠠᠯ᠎ᠠ ᠪᠠᠷ᠂ ᠲᠣᠮᠣ ᠳ᠋ᠠᠶᠢᠲ᠋ᠠ᠂ ᠡᠭᠦᠯᠡᠨ ᠪᠣᠳᠣᠯᠭ᠎ᠠ ᠵᠡᠷᠭᠡ ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠢ ᠥᠷᠭᠡᠨ ᠢᠶᠠᠷ ᠬᠡᠷᠡᠭᠯᠡᠬᠦ ᠬᠡᠷᠡᠭᠲᠡᠢ᠃ ᠣᠷᠣᠨ ᠵᠠᠢ ᠶᠢ ᠲᠥᠯᠥᠪᠯᠡᠬᠦ ᠶᠢ ᠴᠢᠬᠤᠯᠠᠴᠢᠯᠠᠵᠤ᠂ ᠣᠷᠣᠨ ᠵᠠᠢ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ᠂ ᠣᠷᠣᠨ ᠵᠠᠢ ᠶᠢᠨ ᠪᠦᠲᠦᠴᠡ ᠶᠢ ᠰᠢᠯᠢᠳᠡᠭᠵᠢᠭᠦᠯᠬᠦ ᠴᠢᠭᠯᠡᠯ ᠵᠢᠴᠢ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠲᠣᠳᠣᠷᠬᠠᠶᠢᠯᠠᠬᠤ ᠬᠡᠷᠡᠭᠲᠡᠢ᠃ ᠲᠥᠯᠥᠪᠵᠢᠭᠦᠯᠭᠡ ᠶᠢᠨ ᠢᠯᠡᠳᠬᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠲᠥᠯᠥᠪᠵᠢᠭᠦᠯᠭᠡ ᠶᠢᠨ ᠦᠵᠡᠭᠳᠡᠬᠦ ᠡᠯᠧᠮᠧᠨ᠋ᠲ ᠢ ᠨᠡᠮᠡᠭᠳᠡᠭᠦᠯᠦᠨ᠂ ᠬᠡᠯᠪᠡᠷᠢ ᠮᠠᠶ᠋ᠢᠭ ᠢ ᠨᠢ ᠰᠢᠨ᠎ᠡ ᠰᠡᠪᠡᠬᠦᠨ᠂ ᠣᠶᠢᠯᠠᠭᠠᠮᠵᠢᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠲᠥᠯᠥᠪᠵᠢᠭᠦᠯᠭᠡ ᠶᠢ ᠨᠠᠶᠢᠷᠠᠭᠤᠯᠬᠤ ᠶᠠᠪᠤᠴᠠ ᠳᠤᠮᠳᠠ᠂ ᠡᠯ᠎ᠡ ᠲᠥᠷᠥᠯ ᠤᠨ ᠲᠥᠯᠥᠪᠵᠢᠭᠦᠯᠭᠡ ᠶᠢ ᠵᠣᠯᠭᠠᠯᠳᠤᠭᠤᠯᠤᠨ ᠵᠤᠬᠢᠴᠠᠭᠤᠯᠬᠤ ᠶᠢ ᠠᠩᠬᠠᠷᠴᠤ᠂ ᠲᠥᠯᠥᠪᠵᠢᠭᠦᠯᠭᠡ ᠶᠢᠨ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠬᠥᠬᠡᠬᠤᠲᠠ ᠶᠢᠨ ︽ᠠᠷᠪᠠ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠨᠠᠶᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠦᠬᠦ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠠᠷᠢᠭᠤᠴᠠᠨ ᠵᠣᠬᠢᠶᠠᠨ ᠪᠠᠶᠢᠭᠤᠯᠵᠤ ᠵᠢᠯᠣᠭᠤᠳᠤᠨ ᠵᠣᠬᠢᠴᠠᠭᠤᠯᠤᠨ᠎ᠠ᠂ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠲᠣᠬᠢᠷᠠᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠷᠠᠭᠠᠯᠵᠠᠭᠰᠠᠨ ᠵᠣᠬᠢᠶᠠᠨ ᠪᠠᠶᠢᠭᠤᠯᠤᠨ ᠤᠳᠤᠷᠢᠳᠬᠤ ᠪᠠᠶᠢᠭᠤᠯᠤᠮᠵᠢ ᠪᠠᠶᠢᠭᠤᠯᠵᠤ᠂ ᠲᠥᠯᠥᠪᠵᠢᠭᠦᠯᠭᠡ ᠶᠢᠨ ᠰᠢᠨᠵᠢ ᠴᠢᠨᠠᠷ ᠢ ᠦᠨᠳᠦᠰᠦᠯᠡᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠬᠤ ᠶᠢᠨ ᠬᠠᠮᠲᠤ᠂  ᠬᠤᠯᠪᠤᠭᠳᠠᠯ ᠪᠦᠬᠦᠢ ᠨᠢᠭᠤᠴᠠ ᠶᠢ ᠬᠠᠮᠠᠭᠠᠯᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃       ︵ᠬᠤᠶᠠᠷ︶ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠢ ᠪᠣᠯᠭᠠᠬᠤ ᠬᠡᠷᠡᠭᠲᠡᠢ᠃ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠦᠬᠦ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠬᠤ ᠪᠣᠳᠠᠲᠠᠢ ᠠᠵᠢᠯ ᠢ ᠬᠠᠷᠢᠭᠤᠴᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠥᠯᠥᠪᠵᠢᠭᠦᠯᠭᠡ ᠶᠢ ᠨᠠᠶᠢᠷᠠᠭᠤᠯᠬᠤ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠬᠤᠲᠠ ᠶᠢᠨ ᠶᠡᠷᠦᠩᠬᠡᠢ ᠲᠥᠯᠥᠪᠵᠢᠭᠦᠯᠭᠡ᠂ ᠣᠷᠣᠨ ᠵᠠᠢ ᠶᠢᠨ ᠲᠥᠯᠥᠪᠵᠢᠭᠦᠯᠭᠡ᠂ ᠲᠤᠰᠬᠠᠢ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠪᠣᠳᠠᠲᠠᠢ ᠳᠠᠭᠠᠭᠠᠨ ᠬᠢᠬᠦ ᠰᠠᠯᠠᠭ᠎ᠠ ᠮᠥᠴᠢᠷ ᠪᠣᠯ ᠡᠯ᠎ᠡ ᠲᠥᠯᠥᠪᠵᠢᠭᠦᠯᠭᠡ ᠶᠢ ᠨᠠᠶᠢᠷᠠᠭᠤᠯᠬᠤ ᠬᠠᠷᠢᠭᠤᠴᠠᠯᠭᠠᠳᠤ ᠭᠤᠣᠯ ᠴᠣᠭᠴᠠ ᠮᠥᠨ᠂ ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ ᠵᠢᠴᠢ ᠡᠯ᠎ᠡ ᠬᠤᠰᠢᠭᠤ ᠰᠢᠶᠠᠨ ᠲᠤᠭᠤᠷᠢᠭ ᠤᠨ ᠵᠠᠰᠠᠭ ᠤᠨ ᠤᠷᠳᠤᠨ ᠪᠣᠯ ᠲᠤᠰ ᠭᠠᠵᠠᠷ ᠤᠷᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠬᠤ ᠬᠠᠷᠢᠭᠤᠴᠠᠯᠭᠠᠳᠤ ᠭᠤᠣᠯ ᠴᠤᠭᠴᠠ ᠮᠦᠨ᠂ ᠪᠦᠬᠦ ᠬᠤᠲᠠ ᠶᠢᠨ ᠱᠠᠭᠠᠷᠳᠠᠯᠭ᠎ᠠ ᠶᠣᠰᠣᠭᠠᠷ᠂ ᠨᠠᠶᠢᠷᠠᠭᠤᠯᠬᠤ ᠠᠵᠢᠯ ᠢ ᠱᠠᠯᠠᠪᠳᠠᠨ ᠡᠬᠢᠯᠡᠭᠦᠯᠵᠦ᠂ ᠳᠡᠭᠡᠷ᠎ᠡ ᠳᠣᠣᠷ᠎ᠠ ᠬᠤᠯᠪᠣᠭᠠᠯᠠᠨ ᠬᠥᠳᠡᠯᠦᠯᠴᠡᠭᠰᠡᠨ᠂ ᠵᠡᠭᠦᠨ ᠪᠠᠷᠠᠭᠤᠨ ᠬᠠᠮᠵᠢᠯᠴᠠᠭᠰᠠᠨ ᠪᠠᠶᠢᠳᠠᠯ ᠢ ᠪᠣᠢ ᠪᠣᠯᠭᠠᠬᠤ ᠬᠡᠷᠡᠭᠲᠡᠢ᠃       ︵ᠭᠤᠷᠪᠠ︶ ᠲᠥᠯᠥᠪᠵᠢᠭᠦᠯᠭᠡ ᠶᠢᠨ ᠵᠠᠷᠤᠳᠠᠯ ᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ ᠪᠠ ᠬᠤᠲᠠ ᠶᠢᠨ ᠣᠷᠣᠨ ᠵᠠᠢ ᠶᠢᠨ ᠲᠥᠯᠥᠪᠵᠢᠭᠦᠯᠭᠡ᠂ ᠲᠤᠰᠬᠠᠢ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠬᠤ ᠵᠠᠷᠤᠳᠠᠯ ᠢ ᠡᠯ᠎ᠡ ᠰᠠᠯᠠᠭ᠎ᠠ ᠮᠥᠴᠢᠷ ᠤᠨ ᠲᠥᠰᠥᠪ ᠤᠨ ᠵᠠᠷᠤᠳᠠᠯ ᠳᠤ ᠨᠢᠭᠡᠳᠦᠯᠲᠡᠢ ᠲᠥᠯᠥᠪᠯᠡᠨ ᠰᠢᠢᠳᠪᠦᠷᠢᠯᠡᠬᠦ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠲᠥᠯᠥᠪᠵᠢᠭᠦᠯᠭᠡ ᠶᠢᠨ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠬᠡᠷᠡᠭᠲᠡᠢ᠃      ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠯ᠎ᠡ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠳᠠᠭᠠᠨ ᠲᠤᠰ ᠲᠥᠰᠥᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠢ᠃
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号