ᠬᠥᠬᠡᠬᠤᠲᠠ ᠮᠣᠩᠭᠤᠯ ᠬᠡᠯᠡ ᠪᠠᠷ ᠬᠢᠴᠢᠶᠡᠯᠯᠡᠬᠦ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠳᠤ ᠠᠩᠬ᠎ᠠ ᠤᠳᠠᠭ᠎ᠠ 298 ᠬᠥᠮᠦᠨ ᠢ ᠺᠣᠮᠫᠢᠦ᠋ᠲ᠋ᠧᠷ ᠢᠶᠠᠷ ᠤᠷᠤᠨ ᠪᠠᠶᠢᠷᠢ ᠶᠢ ᠠᠮᠵᠢᠯᠲᠠ ᠲᠠᠢ ᠵᠢᠬᠰᠠᠭᠠᠪᠠ
ᠨᠡᠶᠢᠲᠡᠯᠡᠭᠰᠡᠨ ᠴᠠᠭ᠄
2020-07-16
    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ 7 ᠰᠠᠷ᠎ᠠ ᠶᠢᠨ 15 ᠤ ᠡᠳᠦᠷ ᠤᠨ 9 ᠴᠠᠭ ᠲᠤ᠂ 2020 ᠣᠨ ᠤ ᠬᠥᠬᠡᠬᠤᠲᠠ ᠶᠢᠨ ᠮᠣᠩᠭᠤᠯ ᠬᠡᠯᠡ ᠪᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠺᠣᠮᠫᠢᠦ᠋ᠲ᠋ᠧᠷ ᠢᠶᠠᠷ ᠣᠷᠣᠨ ᠪᠠᠶᠢᠷᠢ ᠵᠢᠬᠰᠠᠭᠠᠬᠤ ᠬᠤᠷᠠᠯ ᠬᠤᠳᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ ᠲᠥᠪ ᠲᠤ ᠶᠠᠪᠤᠭᠳᠠᠪᠠ᠃ ᠡᠨᠡ ᠪᠣᠯ ᠬᠥᠬᠡᠬᠤᠲᠠ ᠶᠢᠨ ᠮᠣᠩᠭᠤᠯ ᠬᠡᠯᠡ ᠪᠠᠷ ᠬᠢᠴᠢᠶᠡᠯᠯᠡᠬᠦ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠩᠬ᠎ᠠ ᠤᠳᠠᠭ᠎ᠠ ᠺᠣᠮᠫᠢᠦ᠋ᠲ᠋ᠧᠷ ᠢᠶᠠᠷ ᠣᠷᠣᠨ ᠪᠠᠶᠢᠷᠢ ᠵᠢᠬᠰᠠᠭᠠᠬᠤ ᠠᠷᠭ᠎ᠠ ᠪᠠᠷ ᠰᠤᠷᠤᠬᠴᠢ ᠡᠯᠰᠡᠵᠦ ᠪᠠᠶᠢᠭ᠎ᠠ ᠶᠠᠪᠤᠳᠠᠯ ᠪᠣᠯᠤᠨ᠎ᠠ᠃ 2020 ᠣᠨ ᠳᠤ ᠬᠥᠬᠡᠬᠤᠲᠠ ᠮᠣᠩᠭᠤᠯ ᠬᠡᠯᠡ ᠪᠠᠷ ᠬᠢᠴᠢᠶᠡᠯᠯᠡᠬᠦ ᠪᠠᠭ᠎ᠠ ᠰᠤᠷᠭᠠᠭᠤᠯᠢ ᠠᠴᠠ ᠠᠩᠬ᠎ᠠ  ᠵᠡᠷᠭᠡ ᠶᠢᠨ ᠳᠤᠮᠳᠠᠳᠤ ᠰᠤᠷᠭᠠᠭᠤᠯᠢ ᠳᠤ ᠲᠠᠪᠰᠢᠬᠦ ᠳᠤ 424 ᠰᠤᠷᠤᠬᠴᠢ ᠡᠯᠰᠡᠬᠦ ᠪᠠᠷ ᠲᠥᠯᠥᠪᠯᠡᠵᠦ᠂ 298 ᠬᠦᠮᠦᠨ ᠡᠷᠡᠮᠡᠯᠵᠡᠯ ᠲᠠᠭᠯᠠᠵᠤ᠂ 298 ᠬᠥᠮᠦᠨ ᠢ ᠺᠣᠮᠫᠢᠦ᠋ᠲ᠋ᠧᠷ ᠢᠶᠠᠷ ᠤᠷᠤᠨ ᠪᠠᠶᠢᠷᠢ ᠠᠮᠵᠢᠯᠲᠠ ᠲᠠᠢ ᠵᠢᠬᠰᠠᠭᠠᠪᠠ᠃ ᠡᠭᠦᠨ ᠳᠤ᠂ ᠨᠢᠭᠡᠳᠦᠭᠡᠷ ᠡᠷᠡᠮᠡᠯᠵᠡᠯ ᠢᠶᠠᠷ ᠨᠢ 262 ᠬᠥᠮᠦᠨ ᠢ ᠺᠣᠮᠫᠢᠦ᠋ᠲ᠋ᠧᠷ ᠢᠶᠠᠷ ᠤᠷᠤᠨ ᠪᠠᠶᠢᠷᠢ ᠠᠮᠵᠢᠯᠳᠠ ᠲᠠᠢ ᠵᠢᠬᠰᠠᠭᠠᠵᠤ᠂ ᠬᠤᠶᠠᠳᠤᠭᠠᠷ ᠡᠷᠡᠮᠡᠯᠵᠡᠯ ᠢᠶᠠᠷ ᠨᠢ 36 ᠬᠥᠮᠦᠨ ᠢ ᠺᠣᠮᠫᠢᠦ᠋ᠲ᠋ᠧᠷ ᠢᠶᠠᠷ ᠤᠷᠤᠨ ᠪᠠᠶᠢᠷᠢ ᠠᠮᠵᠢᠯᠲᠠ ᠲᠠᠢ ᠵᠢᠬᠰᠠᠭᠠᠵᠠᠢ᠃ ᠺᠣᠮᠫᠢᠦ᠋ᠲ᠋ᠧᠷ ᠢᠶᠠᠷ ᠣᠷᠣᠨ ᠪᠠᠶᠢᠷᠢ ᠵᠢᠬᠰᠠᠭᠠᠬᠰᠠᠨ ᠦᠷ᠎ᠡ ᠳ᠋ᠦᠩ ᠢ 7 ᠰᠠᠷ᠎ᠠ ᠶᠢᠨ 15 ᠤ ᠡᠳᠦᠷ ᠤᠨ 20 ᠴᠠᠭ ᠲᠤ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http://www. Hhkszx. cn︶ ᠠᠴᠠ ᠯᠠᠪᠯᠠᠭᠠᠷᠠᠢ᠃    ᠣᠶᠢᠯᠠᠭᠠᠭᠰᠠᠨ ᠢᠶᠠᠷ᠂ 2020 ᠣᠨ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ 100 ᠰᠣᠷᠣᠭᠴᠢ ᠡᠯᠰᠡᠬᠦ ᠪᠠᠷ ᠲᠥᠯᠥᠪᠯᠡᠵᠦ ᠪᠣᠶ︔ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ ᠦᠨᠳᠦᠰᠦᠲᠡᠨ ᠤ ᠰᠤᠷᠭᠠᠭᠤᠯᠢ 210 ᠰᠣᠷᠣᠭᠴᠢ ᠡᠯᠰᠡᠬᠦ ᠪᠠᠷ ᠲᠥᠯᠥᠪᠯᠡᠵᠦ ᠪᠣᠶ︔ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ 270 ᠰᠣᠷᠣᠭᠴᠢ ᠡᠯᠰᠡᠬᠦ ᠪᠠᠷ ᠲᠥᠯᠥᠪᠯᠡᠵᠦ ᠪᠤᠢ᠂ ᠡᠭᠦᠨ ᠳᠤ 155 ᠬᠥᠮᠦᠨ ᠢ ᠨᠢ ᠰᠢᠭᠤᠳ ᠡᠯᠰᠡᠨ᠎ᠡ᠃ ᠠᠵᠢᠯ ᠤᠨ ᠵᠢᠷᠤᠮ ᠶᠣᠰᠣᠭᠠᠷ ᠰᠤᠷᠭᠠᠭᠤᠯᠢ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠤᠷᠤᠭᠴᠢ ᠶᠢᠨ ᠡᠷᠦᠬᠡ ᠠᠮᠠ ᠪᠠ ᠰᠤᠷᠭᠠᠭᠤᠯᠢ ᠶᠢᠨ ᠬᠠᠷᠢᠶ᠎ᠠ ᠵᠡᠷᠭᠡ ᠮᠠᠲ᠋ᠧᠷᠢᠶᠠᠯ ᠢ ᠬᠢᠨᠠᠨ ᠬᠠᠷᠭᠤᠭᠤᠯᠤᠭᠠᠳ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠠᠴᠠ ᠬᠢᠨᠠᠨ ᠰᠢᠯᠭᠠᠬᠤ ᠳᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠳᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠰᠤᠷᠤᠬᠴᠢ 139 ᠬᠦᠮᠦᠨ ᠪᠣᠶ᠃    ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠦᠨᠳᠦᠰᠦᠲᠡᠨ ᠤ ᠰᠤᠷᠭᠠᠨ ᠬᠥᠮᠦᠵᠢᠯ ᠤᠨ ᠰᠠᠯᠠᠭᠠᠨ ᠤ ᠲᠠᠷᠤᠭ᠎ᠠ ᠬᠤᠷᠸ᠎ᠠ ᠬᠡᠯᠡᠬᠦ ᠳᠡᠭᠡᠨ᠂ ᠬᠥᠬᠡᠬᠤᠲᠠ ᠶᠢᠨ ᠠᠯᠪᠠᠨ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 1999 ᠣᠨ ᠠᠴᠠ ᠡᠬᠢᠯᠡᠨ ᠺᠣᠮᠫᠢᠦ᠋ᠲ᠋ᠧᠷ ᠢᠶᠠᠷ ᠣᠷᠣᠨ ᠪᠠᠶᠢᠷᠢ ᠵᠢᠬᠰᠠᠭᠠᠬᠤ ᠠᠷᠭ᠎ᠠ ᠪᠠᠷ ᠰᠤᠷᠤᠬᠴᠢ ᠡᠯᠰᠡᠵᠦ᠂ ᠤᠳᠤ ᠨᠢᠭᠡᠨᠲᠡ 22 ᠵᠢᠯ ᠪᠣᠯᠵᠠᠢ᠃ ᠭᠡᠪᠡᠴᠦ ᠡᠨᠡ ᠵᠢᠯ ᠪᠣᠯ ᠬᠥᠬᠡᠬᠤᠲᠠ ᠠᠩᠬ᠎ᠠ ᠤᠳᠠᠭ᠎ᠠ ᠮᠣᠩᠭᠤᠯ ᠬᠡᠯᠡ ᠪᠠᠷ ᠬᠢᠴᠢᠶᠡᠯᠯᠡᠬᠦ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠬᠴᠢ ᠶᠢ ᠺᠣᠮᠫᠢᠦ᠋ᠲ᠋ᠧᠷ ᠢᠶᠠᠷ ᠣᠷᠣᠨ ᠪᠠᠶᠢᠷᠢ ᠵᠢᠬᠰᠠᠭᠠᠨ ᠡᠯᠰᠡᠵᠦ ᠪᠠᠶᠢᠭ᠎ᠠ ᠶᠤᠮ᠃ ᠡᠭᠦᠨ ᠤ ᠰᠢᠯᠲᠠᠭᠠᠨ ᠨᠢ ᠥᠩᠭᠡᠷᠡᠭᠰᠡᠨ ᠵᠢᠯ ᠤᠳ ᠲᠤ ᠡᠯ᠎ᠡ ᠰᠤᠷᠭᠠᠭᠤᠯᠢ ᠶᠢᠨ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠰᠣᠷᠣᠭᠴᠢ ᠡᠯᠰᠡᠬᠦ ᠲᠥᠯᠥᠪᠯᠡᠭᠡ ᠠᠴᠠ ᠬᠡᠲᠦᠷᠡᠭᠰᠡᠨ ᠦᠭᠡᠢ᠂ ᠡᠨᠡ ᠵᠢᠯ ᠬᠠᠷᠢᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ 100 ᠰᠤᠷᠤᠬᠴᠢ ᠡᠯᠰᠡᠬᠦ ᠪᠠᠷ ᠲᠦᠯᠦᠪᠯᠡᠵᠦ ᠪᠠᠶᠢᠬᠰᠠᠨ ᠲᠤᠭ᠎ᠠ ᠠᠴᠠ ᠬᠡᠲᠦᠷᠡᠵᠡᠶ᠃    ︽2020 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠠᠵᠢᠯ ᠤᠨ ᠲᠤᠬᠠᠶ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠰᠠᠨᠠᠯ︾ ᠶᠣᠰᠣᠭᠠᠷ᠂ 2020 ᠣᠨ ᠳᠤ᠂ ᠬᠥᠬᠡᠬᠤᠲᠠ ᠶᠢᠨ ᠮᠣᠩᠭᠤᠯ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠰᠤᠷᠤᠯᠭ᠎ᠠ ᠲᠡᠭᠦᠰᠦᠭᠰᠡᠨ ᠰᠣᠷᠣᠭᠴᠢᠳ ᠰᠤᠷᠭᠠᠭᠤᠯᠢ ᠳᠡᠪᠰᠢᠬᠦ ᠳᠤ ᠪᠠᠭ᠎ᠠ ᠰᠤᠷᠭᠠᠭᠤᠯᠢ ᠪᠣᠯᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠵᠢᠯ ᠲᠥᠷᠥᠯ ᠢᠶᠠᠷ ᠢᠶᠠᠨ ᠰᠤᠷᠭᠠᠭᠤᠯᠢ ᠳᠡᠪᠰᠢᠬᠦ ᠪᠠ ᠺᠣᠮᠫᠢᠦ᠋ᠲ᠋ᠧᠷ ᠢᠶᠠᠷ ᠣᠷᠣᠨ ᠪᠠᠶᠢᠷᠢ ᠵᠢᠬᠰᠠᠭᠠᠬᠤ ᠠᠷᠭ᠎ᠠ ᠪᠠᠷ ᠶᠠᠪᠤᠭᠳᠠᠭᠤᠯᠪᠠ᠃ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠰᠤᠷᠤᠯᠭ᠎ᠠ ᠲᠡᠭᠦᠰᠦᠭᠰᠡᠨ ᠰᠤᠷᠤᠭᠴᠢᠳ ᠢ ᠰᠢᠭᠤᠳ ᠲᠤᠰ ᠰᠤᠷᠭᠠᠭᠤᠯᠢ ᠶᠢᠨ ᠬᠢᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠭᠦᠯᠦᠨ ᠣᠷᠣᠭᠤᠯᠤᠨ᠎ᠠ︔ ᠬᠥᠬᠡᠬᠤᠲᠠ ᠶᠢᠨ ᠦᠨᠳᠦᠰᠦᠲᠡᠨ ᠤ ᠲᠤᠷᠰᠢᠯᠲᠠ ᠶᠢᠨ ᠰᠤᠷᠭᠠᠭᠤᠯᠢ ᠶᠢᠨ ᠰᠤᠷᠤᠯᠭ᠎ᠠ ᠲᠡᠭᠦᠰᠦᠭᠰᠡᠨ ᠰᠤᠷᠤᠭᠴᠢ᠂ ᠰᠠᠶᠢᠬᠠᠨ ᠲᠣᠭᠤᠷᠢᠭ ᠲᠤ ᠰᠠᠭᠤᠵᠤ ᠡᠷᠦᠬᠡ ᠠᠮᠠ ᠶᠢᠨ ᠲᠠᠩᠰᠠ ᠨᠢ ᠪᠦᠬᠦᠯᠢ 3 ᠵᠢᠯ ︵ᠡᠴᠢᠭᠡ ᠡᠬᠡ ᠲᠠᠢ ᠪᠠᠨ ᠨᠢᠭᠡ ᠡᠷᠦᠬᠡ ᠠᠮᠠ ᠶᠢᠨ ᠳᠡᠪᠲᠡᠷ ᠲᠠᠢ︶ ᠪᠤᠯᠤᠬᠰᠠᠨ᠂ ᠡᠴᠢᠭᠡ ᠡᠬᠡ ᠨᠢ ᠲᠣᠰ ᠬᠤᠲᠠ ᠳᠤ ᠲᠣᠭᠲᠠᠭᠰᠠᠨ ᠣᠷᠣᠨ ᠰᠠᠭᠤᠴᠠ ᠲᠠᠢ ᠪᠠ ᠲᠣᠭᠲᠠᠬᠰᠠᠨ ᠠᠵᠢᠯ ᠲᠠᠢ᠂ ᠲᠣᠰ ᠰᠤᠷᠭᠠᠭᠤᠯᠢ ᠳᠤ ᠪᠦᠬᠦᠯᠢ 3 ᠵᠢᠯ ᠰᠤᠷᠤᠯᠴᠠᠭᠰᠠᠨ ᠰᠣᠷᠣᠭᠴᠢ ᠪᠦᠬᠦᠨ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠲᠠᠪᠰᠢᠬᠦ ᠳᠤ ᠬᠡᠷᠪᠡ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠠᠴᠠ ᠬᠦᠮᠦᠨ ᠨᠢ ᠬᠡᠳᠦᠷᠡᠭᠰᠡᠨ ᠳᠤ ᠬᠦᠷᠪᠡᠯ ᠺᠣᠮᠫᠢᠦ᠋ᠲ᠋ᠧᠷ ᠢᠶᠠᠷ ᠣᠷᠣᠨ ᠪᠠᠶᠢᠷᠢ ᠵᠢᠬᠰᠠᠭᠠᠬᠤ ᠠᠷᠭ᠎ᠠ ᠪᠠᠷ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ ᠦᠨᠳᠦᠰᠦᠲᠡᠨ ᠤ ᠰᠤᠷᠭᠠᠭᠤᠯᠢ ᠪᠠ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠳᠡᠪᠰᠢᠭᠦᠯᠦᠨ ᠣᠷᠣᠭᠤᠯᠤᠨ᠎ᠠ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠠᠴᠠ ᠬᠡᠲᠦᠷᠡᠬᠦ ᠥᠬᠡᠶ ᠳᠤ ᠬᠦᠷᠪᠡᠯ ᠰᠢᠭᠤᠳ ᠡᠯᠰᠡᠵᠦ ᠠᠪᠤᠨ᠎ᠠ᠃ ᠳᠡᠭᠡᠷᠡᠬᠢ ᠨᠥᠬᠦᠴᠡᠯ ᠳᠤ ᠨᠡᠶᠢᠴᠡᠬᠦ ᠦᠭᠡᠢ ᠰᠤᠷᠤᠭᠴᠢᠳ ᠢ ᠺᠣᠮᠫᠢᠦ᠋ᠲ᠋ᠧᠷ ᠢᠶᠠᠷ ᠣᠷᠣᠨ ᠪᠠᠶᠢᠷᠢ ᠵᠢᠬᠰᠠᠭᠠᠬᠤ ᠠᠷᠭ᠎ᠠ ᠪᠠᠷ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ ᠦᠨᠳᠦᠰᠦᠲᠡᠨ ᠤ ᠰᠤᠷᠭᠠᠭᠤᠯᠢ ᠪᠣᠯᠤᠨ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠳᠡᠪᠰᠢᠭᠦᠯᠦᠨ ᠣᠷᠣᠭᠤᠯᠤᠨ᠎ᠠ ᠬᠡᠪᠡ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号