ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ 7 ᠰᠠᠷ᠎ᠠ ᠶᠢᠨ 15 ᠤ ᠡᠳᠦᠷ ᠤᠨ 9 ᠴᠠᠭ ᠲᠤ᠂ 2020 | ᠣᠨ ᠤ ᠬᠥᠬᠡᠬᠤᠲᠠ ᠶᠢᠨ ᠮᠣᠩᠭᠤᠯ ᠬᠡᠯᠡ ᠪᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ | ᠺᠣᠮᠫᠢᠦ᠋ᠲ᠋ᠧᠷ ᠢᠶᠠᠷ ᠣᠷᠣᠨ ᠪᠠᠶᠢᠷᠢ ᠵᠢᠬᠰᠠᠭᠠᠬᠤ ᠬᠤᠷᠠᠯ ᠬᠤᠳᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ ᠲᠥᠪ ᠲᠤ ᠶᠠᠪᠤᠭᠳᠠᠪᠠ᠃ | ᠡᠨᠡ ᠪᠣᠯ ᠬᠥᠬᠡᠬᠤᠲᠠ ᠶᠢᠨ ᠮᠣᠩᠭᠤᠯ ᠬᠡᠯᠡ ᠪᠠᠷ ᠬᠢᠴᠢᠶᠡᠯᠯᠡᠬᠦ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠩᠬ᠎ᠠ ᠤᠳᠠᠭ᠎ᠠ ᠺᠣᠮᠫᠢᠦ᠋ᠲ᠋ᠧᠷ ᠢᠶᠠᠷ ᠣᠷᠣᠨ | ᠪᠠᠶᠢᠷᠢ ᠵᠢᠬᠰᠠᠭᠠᠬᠤ ᠠᠷᠭ᠎ᠠ ᠪᠠᠷ ᠰᠤᠷᠤᠬᠴᠢ ᠡᠯᠰᠡᠵᠦ ᠪᠠᠶᠢᠭ᠎ᠠ ᠶᠠᠪᠤᠳᠠᠯ ᠪᠣᠯᠤᠨ᠎ᠠ᠃ 2020 ᠣᠨ ᠳᠤ ᠬᠥᠬᠡᠬᠤᠲᠠ ᠮᠣᠩᠭᠤᠯ ᠬᠡᠯᠡ ᠪᠠᠷ ᠬᠢᠴᠢᠶᠡᠯᠯᠡᠬᠦ | ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠲᠠᠪᠰᠢᠬᠦ ᠳᠤ 424 ᠰᠤᠷᠤᠬᠴᠢ ᠡᠯᠰᠡᠬᠦ ᠪᠠᠷ ᠲᠥᠯᠥᠪᠯᠡᠵᠦ᠂ 298 ᠬᠦᠮᠦᠨ | ᠡᠷᠡᠮᠡᠯᠵᠡᠯ ᠲᠠᠭᠯᠠᠵᠤ᠂ 298 ᠬᠥᠮᠦᠨ ᠢ ᠺᠣᠮᠫᠢᠦ᠋ᠲ᠋ᠧᠷ ᠢᠶᠠᠷ ᠤᠷᠤᠨ ᠪᠠᠶᠢᠷᠢ ᠠᠮᠵᠢᠯᠲᠠ ᠲᠠᠢ ᠵᠢᠬᠰᠠᠭᠠᠪᠠ᠃ ᠡᠭᠦᠨ ᠳᠤ᠂ ᠨᠢᠭᠡᠳᠦᠭᠡᠷ ᠡᠷᠡᠮᠡᠯᠵᠡᠯ ᠢᠶᠠᠷ ᠨᠢ | 262 ᠬᠥᠮᠦᠨ ᠢ ᠺᠣᠮᠫᠢᠦ᠋ᠲ᠋ᠧᠷ ᠢᠶᠠᠷ ᠤᠷᠤᠨ ᠪᠠᠶᠢᠷᠢ ᠠᠮᠵᠢᠯᠳᠠ ᠲᠠᠢ ᠵᠢᠬᠰᠠᠭᠠᠵᠤ᠂ ᠬᠤᠶᠠᠳᠤᠭᠠᠷ ᠡᠷᠡᠮᠡᠯᠵᠡᠯ ᠢᠶᠠᠷ ᠨᠢ 36 ᠬᠥᠮᠦᠨ ᠢ ᠺᠣᠮᠫᠢᠦ᠋ᠲ᠋ᠧᠷ ᠢᠶᠠᠷ | ᠤᠷᠤᠨ ᠪᠠᠶᠢᠷᠢ ᠠᠮᠵᠢᠯᠲᠠ ᠲᠠᠢ ᠵᠢᠬᠰᠠᠭᠠᠵᠠᠢ᠃ ᠺᠣᠮᠫᠢᠦ᠋ᠲ᠋ᠧᠷ ᠢᠶᠠᠷ ᠣᠷᠣᠨ ᠪᠠᠶᠢᠷᠢ ᠵᠢᠬᠰᠠᠭᠠᠬᠰᠠᠨ ᠦᠷ᠎ᠡ ᠳ᠋ᠦᠩ ᠢ 7 ᠰᠠᠷ᠎ᠠ ᠶᠢᠨ 15 ᠤ ᠡᠳᠦᠷ ᠤᠨ 20 | ᠴᠠᠭ ᠲᠤ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http://www. Hhkszx. cn︶ ᠠᠴᠠ | ᠯᠠᠪᠯᠠᠭᠠᠷᠠᠢ᠃ | ᠣᠶᠢᠯᠠᠭᠠᠭᠰᠠᠨ ᠢᠶᠠᠷ᠂ 2020 ᠣᠨ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ 100 | ᠰᠣᠷᠣᠭᠴᠢ ᠡᠯᠰᠡᠬᠦ ᠪᠠᠷ ᠲᠥᠯᠥᠪᠯᠡᠵᠦ ᠪᠣᠶ︔ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ ᠦᠨᠳᠦᠰᠦᠲᠡᠨ ᠤ | ᠰᠤᠷᠭᠠᠭᠤᠯᠢ 210 ᠰᠣᠷᠣᠭᠴᠢ ᠡᠯᠰᠡᠬᠦ ᠪᠠᠷ ᠲᠥᠯᠥᠪᠯᠡᠵᠦ ᠪᠣᠶ︔ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ 270 ᠰᠣᠷᠣᠭᠴᠢ | ᠡᠯᠰᠡᠬᠦ ᠪᠠᠷ ᠲᠥᠯᠥᠪᠯᠡᠵᠦ ᠪᠤᠢ᠂ ᠡᠭᠦᠨ ᠳᠤ 155 ᠬᠥᠮᠦᠨ ᠢ ᠨᠢ ᠰᠢᠭᠤᠳ ᠡᠯᠰᠡᠨ᠎ᠡ᠃ ᠠᠵᠢᠯ ᠤᠨ ᠵᠢᠷᠤᠮ ᠶᠣᠰᠣᠭᠠᠷ ᠰᠤᠷᠭᠠᠭᠤᠯᠢ᠂ ᠰᠠᠶᠢᠬᠠᠨ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠤᠷᠤᠭᠴᠢ ᠶᠢᠨ ᠡᠷᠦᠬᠡ ᠠᠮᠠ ᠪᠠ | ᠰᠤᠷᠭᠠᠭᠤᠯᠢ ᠶᠢᠨ ᠬᠠᠷᠢᠶ᠎ᠠ ᠵᠡᠷᠭᠡ ᠮᠠᠲ᠋ᠧᠷᠢᠶᠠᠯ ᠢ ᠬᠢᠨᠠᠨ ᠬᠠᠷᠭᠤᠭᠤᠯᠤᠭᠠᠳ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠠᠴᠠ ᠬᠢᠨᠠᠨ ᠰᠢᠯᠭᠠᠬᠤ ᠳᠤ᠂ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠳᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠰᠤᠷᠤᠬᠴᠢ | 139 ᠬᠦᠮᠦᠨ ᠪᠣᠶ᠃ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠦᠨᠳᠦᠰᠦᠲᠡᠨ ᠤ ᠰᠤᠷᠭᠠᠨ ᠬᠥᠮᠦᠵᠢᠯ ᠤᠨ ᠰᠠᠯᠠᠭᠠᠨ ᠤ ᠲᠠᠷᠤᠭ᠎ᠠ ᠬᠤᠷᠸ᠎ᠠ ᠬᠡᠯᠡᠬᠦ ᠳᠡᠭᠡᠨ᠂ | ᠬᠥᠬᠡᠬᠤᠲᠠ ᠶᠢᠨ ᠠᠯᠪᠠᠨ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 1999 ᠣᠨ ᠠᠴᠠ ᠡᠬᠢᠯᠡᠨ ᠺᠣᠮᠫᠢᠦ᠋ᠲ᠋ᠧᠷ ᠢᠶᠠᠷ ᠣᠷᠣᠨ ᠪᠠᠶᠢᠷᠢ | ᠵᠢᠬᠰᠠᠭᠠᠬᠤ ᠠᠷᠭ᠎ᠠ ᠪᠠᠷ ᠰᠤᠷᠤᠬᠴᠢ ᠡᠯᠰᠡᠵᠦ᠂ ᠤᠳᠤ ᠨᠢᠭᠡᠨᠲᠡ 22 ᠵᠢᠯ ᠪᠣᠯᠵᠠᠢ᠃ ᠭᠡᠪᠡᠴᠦ ᠡᠨᠡ ᠵᠢᠯ ᠪᠣᠯ ᠬᠥᠬᠡᠬᠤᠲᠠ ᠠᠩᠬ᠎ᠠ ᠤᠳᠠᠭ᠎ᠠ ᠮᠣᠩᠭᠤᠯ | ᠬᠡᠯᠡ ᠪᠠᠷ ᠬᠢᠴᠢᠶᠡᠯᠯᠡᠬᠦ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠬᠴᠢ ᠶᠢ ᠺᠣᠮᠫᠢᠦ᠋ᠲ᠋ᠧᠷ ᠢᠶᠠᠷ ᠣᠷᠣᠨ ᠪᠠᠶᠢᠷᠢ ᠵᠢᠬᠰᠠᠭᠠᠨ ᠡᠯᠰᠡᠵᠦ ᠪᠠᠶᠢᠭ᠎ᠠ | ᠶᠤᠮ᠃ ᠡᠭᠦᠨ ᠤ ᠰᠢᠯᠲᠠᠭᠠᠨ ᠨᠢ ᠥᠩᠭᠡᠷᠡᠭᠰᠡᠨ ᠵᠢᠯ ᠤᠳ ᠲᠤ ᠡᠯ᠎ᠡ ᠰᠤᠷᠭᠠᠭᠤᠯᠢ ᠶᠢᠨ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠰᠣᠷᠣᠭᠴᠢ ᠡᠯᠰᠡᠬᠦ | ᠲᠥᠯᠥᠪᠯᠡᠭᠡ ᠠᠴᠠ ᠬᠡᠲᠦᠷᠡᠭᠰᠡᠨ ᠦᠭᠡᠢ᠂ ᠡᠨᠡ ᠵᠢᠯ ᠬᠠᠷᠢᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ | ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ 100 ᠰᠤᠷᠤᠬᠴᠢ ᠡᠯᠰᠡᠬᠦ ᠪᠠᠷ ᠲᠦᠯᠦᠪᠯᠡᠵᠦ ᠪᠠᠶᠢᠬᠰᠠᠨ ᠲᠤᠭ᠎ᠠ ᠠᠴᠠ ᠬᠡᠲᠦᠷᠡᠵᠡᠶ᠃ | ︽2020 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠠᠵᠢᠯ ᠤᠨ ᠲᠤᠬᠠᠶ ᠬᠥᠬᠡᠬᠤᠲᠠ ᠶᠢᠨ ᠰᠤᠷᠭᠠᠨ ᠬᠥᠮᠦᠵᠢᠯ ᠤᠨ | ᠲᠣᠪᠴᠢᠶᠠᠨ ᠤ ᠰᠠᠨᠠᠯ︾ ᠶᠣᠰᠣᠭᠠᠷ᠂ 2020 ᠣᠨ ᠳᠤ᠂ ᠬᠥᠬᠡᠬᠤᠲᠠ ᠶᠢᠨ ᠮᠣᠩᠭᠤᠯ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠰᠤᠷᠤᠯᠭ᠎ᠠ | ᠲᠡᠭᠦᠰᠦᠭᠰᠡᠨ ᠰᠣᠷᠣᠭᠴᠢᠳ ᠰᠤᠷᠭᠠᠭᠤᠯᠢ ᠳᠡᠪᠰᠢᠬᠦ ᠳᠤ ᠪᠠᠭ᠎ᠠ ᠰᠤᠷᠭᠠᠭᠤᠯᠢ ᠪᠣᠯᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠵᠢᠯ | ᠲᠥᠷᠥᠯ ᠢᠶᠠᠷ ᠢᠶᠠᠨ ᠰᠤᠷᠭᠠᠭᠤᠯᠢ ᠳᠡᠪᠰᠢᠬᠦ ᠪᠠ ᠺᠣᠮᠫᠢᠦ᠋ᠲ᠋ᠧᠷ ᠢᠶᠠᠷ ᠣᠷᠣᠨ ᠪᠠᠶᠢᠷᠢ ᠵᠢᠬᠰᠠᠭᠠᠬᠤ ᠠᠷᠭ᠎ᠠ ᠪᠠᠷ ᠶᠠᠪᠤᠭᠳᠠᠭᠤᠯᠪᠠ᠃ ᠬᠥᠬᠡᠬᠤᠲᠠ ᠶᠢᠨ ᠮᠣᠩᠭᠤᠯ | ᠦᠨᠳᠦᠰᠦᠲᠡᠨ ᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠰᠤᠷᠤᠯᠭ᠎ᠠ ᠲᠡᠭᠦᠰᠦᠭᠰᠡᠨ ᠰᠤᠷᠤᠭᠴᠢᠳ ᠢ ᠰᠢᠭᠤᠳ ᠲᠤᠰ ᠰᠤᠷᠭᠠᠭᠤᠯᠢ ᠶᠢᠨ ᠬᠢᠨᠢ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠭᠦᠯᠦᠨ ᠣᠷᠣᠭᠤᠯᠤᠨ᠎ᠠ︔ ᠬᠥᠬᠡᠬᠤᠲᠠ ᠶᠢᠨ ᠦᠨᠳᠦᠰᠦᠲᠡᠨ ᠤ ᠲᠤᠷᠰᠢᠯᠲᠠ ᠶᠢᠨ ᠰᠤᠷᠭᠠᠭᠤᠯᠢ ᠶᠢᠨ | ᠰᠤᠷᠤᠯᠭ᠎ᠠ ᠲᠡᠭᠦᠰᠦᠭᠰᠡᠨ ᠰᠤᠷᠤᠭᠴᠢ᠂ ᠰᠠᠶᠢᠬᠠᠨ ᠲᠣᠭᠤᠷᠢᠭ ᠲᠤ ᠰᠠᠭᠤᠵᠤ ᠡᠷᠦᠬᠡ ᠠᠮᠠ ᠶᠢᠨ ᠲᠠᠩᠰᠠ ᠨᠢ ᠪᠦᠬᠦᠯᠢ 3 ᠵᠢᠯ ︵ᠡᠴᠢᠭᠡ ᠡᠬᠡ ᠲᠠᠢ ᠪᠠᠨ | ᠨᠢᠭᠡ ᠡᠷᠦᠬᠡ ᠠᠮᠠ ᠶᠢᠨ ᠳᠡᠪᠲᠡᠷ ᠲᠠᠢ︶ ᠪᠤᠯᠤᠬᠰᠠᠨ᠂ ᠡᠴᠢᠭᠡ ᠡᠬᠡ ᠨᠢ ᠲᠣᠰ ᠬᠤᠲᠠ ᠳᠤ ᠲᠣᠭᠲᠠᠭᠰᠠᠨ ᠣᠷᠣᠨ ᠰᠠᠭᠤᠴᠠ ᠲᠠᠢ ᠪᠠ ᠲᠣᠭᠲᠠᠬᠰᠠᠨ | ᠠᠵᠢᠯ ᠲᠠᠢ᠂ ᠲᠣᠰ ᠰᠤᠷᠭᠠᠭᠤᠯᠢ ᠳᠤ ᠪᠦᠬᠦᠯᠢ 3 ᠵᠢᠯ ᠰᠤᠷᠤᠯᠴᠠᠭᠰᠠᠨ ᠰᠣᠷᠣᠭᠴᠢ ᠪᠦᠬᠦᠨ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠲᠠᠪᠰᠢᠬᠦ ᠳᠤ | ᠬᠡᠷᠪᠡ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠠᠴᠠ | ᠬᠦᠮᠦᠨ ᠨᠢ ᠬᠡᠳᠦᠷᠡᠭᠰᠡᠨ ᠳᠤ ᠬᠦᠷᠪᠡᠯ ᠺᠣᠮᠫᠢᠦ᠋ᠲ᠋ᠧᠷ ᠢᠶᠠᠷ ᠣᠷᠣᠨ ᠪᠠᠶᠢᠷᠢ ᠵᠢᠬᠰᠠᠭᠠᠬᠤ ᠠᠷᠭ᠎ᠠ ᠪᠠᠷ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ ᠦᠨᠳᠦᠰᠦᠲᠡᠨ ᠤ | ᠰᠤᠷᠭᠠᠭᠤᠯᠢ ᠪᠠ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠳᠡᠪᠰᠢᠭᠦᠯᠦᠨ ᠣᠷᠣᠭᠤᠯᠤᠨ᠎ᠠ᠃ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠠᠴᠠ ᠬᠡᠲᠦᠷᠡᠬᠦ ᠥᠬᠡᠶ ᠳᠤ ᠬᠦᠷᠪᠡᠯ ᠰᠢᠭᠤᠳ ᠡᠯᠰᠡᠵᠦ | ᠠᠪᠤᠨ᠎ᠠ᠃ ᠳᠡᠭᠡᠷᠡᠬᠢ ᠨᠥᠬᠦᠴᠡᠯ ᠳᠤ ᠨᠡᠶᠢᠴᠡᠬᠦ ᠦᠭᠡᠢ ᠰᠤᠷᠤᠭᠴᠢᠳ ᠢ ᠺᠣᠮᠫᠢᠦ᠋ᠲ᠋ᠧᠷ ᠢᠶᠠᠷ ᠣᠷᠣᠨ ᠪᠠᠶᠢᠷᠢ ᠵᠢᠬᠰᠠᠭᠠᠬᠤ ᠠᠷᠭ᠎ᠠ ᠪᠠᠷ ᠥᠪᠥᠷ ᠮᠣᠩᠭᠤᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ ᠦᠨᠳᠦᠰᠦᠲᠡᠨ ᠤ ᠰᠤᠷᠭᠠᠭᠤᠯᠢ ᠪᠣᠯᠤᠨ ᠬᠥᠬᠡᠬᠤᠲᠠ ᠶᠢᠨ ᠮᠣᠩᠭᠤᠯ ᠦᠨᠳᠦᠰᠦᠲᠡᠨ ᠤ | ᠰᠤᠷᠭᠠᠭᠤᠯᠢ ᠳᠤ ᠳᠡᠪᠰᠢᠭᠦᠯᠦᠨ ᠣᠷᠣᠭᠤᠯᠤᠨ᠎ᠠ ᠬᠡᠪᠡ᠃ |