| | | | | 7 ᠰᠠᠷ᠎ᠠ ᠶᠢᠨ 14 ᠤ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠬᠤᠲᠠ ᠶᠢᠨ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠬᠢᠭᠡᠳ ᠦᠨᠳᠦᠰᠦᠨ ᠱᠠᠲᠤᠨ ᠤ ᠵᠠᠰᠠᠯᠲᠠ ᠶᠢᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠤᠨ ᠬᠤᠶᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ | ᠬᠤᠷᠠᠯ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ᠂ ᠲᠤᠭᠤᠷᠢᠭ ᠤᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠬᠢᠭᠡᠳ ᠦᠨᠳᠦᠰᠦᠨ | ᠱᠠᠲᠤᠨ ᠤ ᠵᠠᠰᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ ᠵᠠᠩ ᠫᠧᠩ ᡁᠢ ᠡᠷᠭᠢᠯᠡᠪᠡ | ᠃ | ᠬᠤᠷᠠᠯ ᠳᠡᠭᠡᠷ᠎ᠡ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ | ᠪᠠᠶᠢᠷᠢᠯᠠᠭᠤᠯᠵᠤ᠂ ᠡᠯ᠎ᠡ ᠲᠤᠰᠬᠠᠶ ᠠᠵᠢᠯ ᠤᠨ ᠳᠤᠭᠤᠶᠢᠯᠠᠩ᠂ ᠪᠦᠷᠢᠯᠳᠦᠬᠦᠨ ᠨᠢᠭᠡᠴᠡ ᠪᠣᠯᠤᠨ ᠡᠯ᠎ᠡ ᠵᠡᠭᠡᠯᠢ | ᠭᠤᠳᠤᠮᠵᠢ ᠶᠢᠨ ᠬᠢᠨ ᠡᠮᠦᠨᠡᠬᠢ ᠬᠤᠭᠤᠴᠠᠭᠠᠨ ᠤ ᠠᠵᠢᠯ ᠢᠶᠠᠨ ᠬᠠᠷᠢᠭᠤ ᠮᠡᠳᠡᠭᠦᠯᠵᠦ᠂ ᠳᠠᠷᠠᠭᠠᠴᠢ ᠶᠢᠨ ᠠᠯᠬᠤᠮ ᠤᠨ | ᠭᠤᠤᠯᠳᠠᠯᠭ᠎ᠠ ᠲᠠᠢ ᠠᠵᠢᠯ ᠤᠨ ᠡᠭᠦᠷᠭᠡ ᠪᠠᠨ ᠲᠠᠨᠢᠯᠴᠠᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ ︽ᠨᠢᠭᠡ ᠬᠥᠯᠭᠡ ᠰᠢᠳᠡᠷ᠎ᠠ︾ ᠶᠢᠨ ᠦᠵᠡᠯ ᠰᠠᠨᠠᠭ᠎ᠠ ᠶᠢ ᠪᠤᠢ ᠪᠣᠯᠭᠠᠬᠤ | ᠬᠡᠷᠡᠭᠲᠡᠢ᠃ ᠡᠯ᠎ᠡ ᠵᠡᠭᠡᠯᠢ ᠭᠤᠳᠤᠮᠵᠢ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯ | ᠦᠢᠯᠡᠳᠦᠯ ᠢ ᠦᠨᠡᠨᠬᠦ ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠡᠬᠢ ᠪᠠᠶᠠᠯᠢᠭ ᠢ ᠨᠢᠭᠡᠳᠦᠯᠲᠡᠶ | ᠲᠥᠯᠥᠪᠵᠢᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠬᠦᠯᠬᠦ ᠬᠡᠷᠡᠭᠲᠡᠢ︔ ᠡᠯ᠎ᠡ ᠨᠢᠭᠡᠴᠡ ᠶᠡᠬᠡᠪᠡᠷ | ᠳᠠᠮᠵᠢᠵᠤ᠂ ᠢᠳᠡᠪᠬᠢᠲᠡᠢ ᠬᠠᠮᠵᠢᠯᠴᠠᠵᠤ᠂ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠡᠬᠢ ᠪᠠᠶᠠᠯᠢᠭ ᠢ ᠬᠠᠮᠲᠤᠪᠠᠷ | ᠡᠳ᠋ᠯᠡᠵᠦ᠂ ᠬᠠᠮᠲᠤᠪᠠᠷ ᠠᠬᠢᠭᠤᠯᠬᠤ ᠶᠢ ᠪᠡᠶᠡᠯᠡᠭᠦᠯᠵᠦ᠂ ᠪᠦᠬᠦ ᠲᠤᠭᠤᠷᠢᠭ ᠤᠨ ᠬᠦᠴᠦᠨ ᠢᠶᠠᠷ ᠬᠤᠳᠠ ᠶᠢᠨ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠡᠯ ᠡ ᠵᠦᠢᠯ ᠤᠨ ᠠᠵᠢᠯ ᠳᠤ ᠦᠷ᠎ᠡ ᠪᠦᠲᠦᠮᠵᠢ ᠤᠯᠬᠤ ᠶᠢ | ᠠᠬᠢᠭᠤᠯᠬᠤ ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠭᠦᠷᠭᠡ ᠶᠢ ᠨᠠᠶᠢᠲᠠᠪᠤᠷᠢᠵᠢᠭᠤᠯᠬᠤ ᠶᠢ ᠠᠬᠢᠭᠤᠯᠬᠤ ᠡᠷᠴᠢᠮ ᠲᠠᠢ ᠪᠠᠶᠢᠬᠤ | ᠬᠡᠷᠡᠭᠲᠡᠢ᠃ ᠡᠯ᠎ᠡ ᠵᠡᠭᠡᠯᠢ ᠭᠤᠳᠤᠮᠵᠢ᠂ ᠡᠯ᠎ᠡ ᠨᠢᠭᠡᠴᠡ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠤᠨ᠂ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠬᠡᠷᠡᠭᠲᠡᠶ᠃ ᠥᠭᠡᠷᠡᠴᠢᠯᠡᠯᠲᠡ ᠶᠢᠨ ᠡᠭᠦᠷᠭᠡ᠂ ᠲᠣᠤᠷᠵᠢᠭᠤᠯᠤᠭᠰᠠᠨ ᠵᠠᠰᠠᠬᠤ ᠵᠡᠷᠭᠡ ᠰᠢᠨ᠎ᠡ ᠰᠡᠳᠦᠪ ᠤᠨ | ᠪᠣᠳᠠᠲᠠᠶ ᠠᠷᠭ᠎ᠠ ᠬᠡᠮᠵᠢᠶ᠎ᠡ ᠶᠢ ᠠᠵᠢᠯ ᠤᠨ ᠳᠤᠮᠳᠠ ᠪᠠᠨ ᠨᠠᠶᠢᠲᠠᠪᠤᠷᠢᠵᠢᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠨ᠂ ᠬᠦᠴᠢᠷ ᠲᠠᠢ ᠲᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠪᠠᠶᠢᠭᠤᠯᠤᠯᠲᠠ ᠦᠨᠳᠦᠰᠦᠨ | ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠡᠨᠡ ᠬᠦ ᠰᠡᠳᠦᠪ ᠢ ᠬᠠᠷᠢᠭᠤᠯᠬᠤ ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠵᠢᠱᠢᠶ᠎ᠡ ᠦᠵᠡᠭᠦᠯᠦᠨ ᠬᠦᠳᠦᠯᠦᠨ ᠳᠠᠭᠠᠭᠤᠯᠵᠤ ᠦᠷ᠎ᠡ ᠪᠦᠲᠦᠮᠵᠢ | ᠤᠯᠬᠤ ᠬᠡᠷᠡᠭᠲᠡᠢ᠃ ᠪᠦᠬᠦ ᠬᠤᠲᠠ ᠶᠢᠨ ᠬᠤᠲᠠ ᠶᠢᠨ ᠨᠠᠮ ᠤᠨ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠬᠤᠷᠠᠯ ᠢ | ᠬᠤᠷᠠᠯᠳᠤᠭᠤᠯᠬᠤ ᠪᠠᠷ ᠠᠵᠠ ᠲᠣᠬᠢᠶᠠᠯ ᠪᠣᠯᠭᠠᠵᠤ᠂ ᠰᠠᠶᠢᠨ ᠨᠡᠶᠢᠲᠡᠯᠢᠭ ᠵᠢᠱᠢᠶ᠎ᠡ ᠶᠢ ᠰᠣᠩᠭᠤᠵᠤ᠂ ᠵᠢᠱᠢᠶ᠎ᠡ | ᠦᠵᠡᠭᠦᠯᠦᠨ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠨᠠᠮ ᠤᠨ | ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ᠂ ᠨᠠᠮ ᠤᠨ ᠪᠠᠶᠢᠭᠤᠯᠤᠯᠲᠠ | ᠲᠣᠤᠷᠵᠢᠭᠤᠯᠤᠭᠰᠠᠨ ᠵᠠᠰᠠᠯᠲᠠ ᠶᠢ ᠬᠦᠲᠦᠯᠦᠨ ᠳᠠᠭᠠᠭᠤᠯᠬᠤ ᠣᠶᠢᠯᠠᠭᠠᠭᠳᠠᠬᠤᠨ ᠢᠶᠠᠷ ᠭᠤᠤᠯᠯᠠᠭᠤᠯᠵᠤ᠂ ᠤᠤᠯ ᠤᠨ | ᠰᠠᠭᠤᠷᠢᠨ ᠳᠡᠭᠡᠷ᠎ᠡ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ | ᠳᠠᠭᠠᠭᠤᠯᠭ᠎ᠠ ᠳᠣᠤᠷᠠᠬᠢ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ᠂ ᠨᠠᠮ ᠤᠨ | ᠪᠠᠶᠢᠭᠤᠯᠤᠯᠲᠠ ᠶᠢᠨ ᠳᠠᠭᠠᠭᠤᠯᠭ᠎ᠠ ᠳᠣᠤᠷᠠᠬᠢ ᠲᠣᠤᠷᠵᠢᠭᠤᠯᠤᠭᠰᠠᠨ ᠵᠠᠰᠠᠯᠲᠠ ᠶᠢᠨ ᠦᠷ᠎ᠡ ᠪᠦᠲᠦᠮᠵᠢ ᠶᠢ | ᠭᠤᠤᠯᠳᠠᠯᠭ᠎ᠠ ᠲᠠᠢ ᠳᠤᠪᠤᠶᠢᠯᠭᠠᠬᠤ ᠬᠡᠷᠡᠭᠲᠡᠢ᠃ ᠲᠤᠭᠤᠷᠢᠭ ᠤᠨ ᠨᠠᠮ ᠤᠨ ᠬᠤᠷᠢᠶᠠᠨ ᠤ ᠳᠤᠷᠠᠳᠤᠭᠰᠠᠨ ︽1+6︾ | ᠠᠵᠢᠯ ᠤᠨ ᠲᠥᠰᠦᠯ ᠤᠨ ᠠᠭᠤᠯᠭ᠎ᠠ ᠶᠢ ᠲᠤᠭᠤᠰᠢᠯᠠᠭᠤᠯᠤᠨ ᠨᠠᠶᠢᠲᠠᠪᠣᠤᠷᠢᠵᠢᠭᠤᠯᠵᠤ᠂ ᠠᠵᠢᠯ ᠤᠨ ᠬᠤᠭᠤᠴᠠᠭ᠎ᠠ ᠶᠢ | ᠲᠣᠩᠭᠤᠷᠤᠭᠤᠯᠤᠨ ᠵᠢᠭᠰᠠᠭᠠᠵᠤ᠂ ᠴᠠᠭ ᠠᠮᠵᠢᠨ ᠪᠦᠲᠦᠭᠡᠨ ᠪᠠᠶᠢᠭᠤᠯᠵᠤ ᠲᠡᠭᠦᠯᠳᠡᠷᠵᠢᠭᠦᠯᠬᠦ ᠬᠡᠷᠡᠭᠲᠡᠢ᠃ ᠲᠣᠭᠤᠷᠢᠨ | ᠦᠵᠡᠬᠦ ᠴᠡᠭ ᠢᠶᠠᠷ ᠬᠡᠪ ᠳᠠᠭᠤᠷᠢᠶᠠᠯ ᠪᠣᠯᠭᠠᠵᠤ᠂ ᠪᠠᠷᠢᠮᠵᠢᠶ᠎ᠠ ᠲᠠᠢ ᠬᠠᠷᠢᠴᠠᠭᠤᠯᠤᠨ ᠢᠯᠡᠳᠬᠡᠬᠦ ᠶᠢ ᠲᠡᠷᠢᠭᠦᠨ ᠳᠤ | ᠲᠠᠯᠪᠢᠵᠤ᠂ ᠪᠦᠬᠦ ᠣᠷᠣᠨ ᠤ ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦ | ᠲᠠᠯ᠎ᠠ ᠶᠢᠨ ᠬᠦᠭᠵᠢᠯᠲᠡ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ | ᠰᠢᠨ᠎ᠡ ᠪᠠᠶᠢᠷᠢᠰᠢᠯ ᠢ ᠡᠭᠦᠳᠬᠦ ᠬᠡᠷᠡᠭᠲᠡᠢ ᠭᠡᠪᠡ᠃ | ᠰᠢᠨ᠎ᠡ ᠬᠤᠲᠠ ᠲᠣᠭᠤᠷᠢᠭ ᠤᠨ ᠡᠯ᠎ᠡ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ᠂ ᠲᠣᠭᠤᠷᠢᠭ ᠤᠨ | ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠲᠤᠭᠤᠷᠢᠭ ᠤᠨ ᠨᠠᠮ ᠤᠨ ᠬᠤᠷᠢᠶ᠎ᠠ | ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠵᠠᠰᠠᠯᠲᠠ ᠶᠢᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯᠯᠠᠬᠤ ᠳᠤᠭᠤᠶᠢᠯᠠᠩ ᠤᠨ ᠬᠠᠮᠢᠶ᠎ᠠ ᠪᠦᠬᠦᠢ ᠨᠥᠬᠦᠳ | ᠬᠤᠷᠠᠯ ᠳᠤ ᠤᠷᠤᠯᠴᠠᠪᠠ᠃ |