ᠬᠤᠲᠠ ᠶᠢᠨ ᠵᠠᠰᠠᠭ ᠤᠨ ᠣᠷᠳᠣᠨ 2020 ᠣᠨ ᠤ 27 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-17
︽ᠬᠦᠬᠡᠬᠤᠲᠠ ᠶᠢᠨ ᠬᠢᠨ ᠱᠦᠵᠢ ᠱᠢ ᠲᠠᠢ ᠹᠧᠩ ᠤᠨ ᠰᠢᠨ᠎ᠡ ᠲᠣᠭᠤᠷᠢᠭ ᠤᠨ ᠲᠣᠭᠠᠴᠢᠯᠠᠭᠰᠠᠨ ᠠᠵᠤ ᠠᠬᠤᠢ ᠶᠢ ᠪᠠᠶᠢᠴᠠᠭᠠᠨ ᠰᠤᠳᠤᠯᠬᠤ ᠦᠶ᠎ᠡ ᠶᠢᠨ ᠵᠢᠭᠠᠪᠤᠷᠢ ᠱᠠᠭᠠᠷᠳᠠᠯᠭ᠎ᠠ ᠡᠭᠦᠷᠭᠡ ᠶᠢ ᠨᠠᠶᠢᠳᠠᠪᠤᠷᠢᠵᠢᠭᠤᠯᠬᠤ ᠡᠭᠦᠷᠭᠡ ᠬᠤᠪᠢᠶᠠᠷᠢᠯᠠᠬᠤ ᠲᠥᠰᠦᠯ︾ ᠵᠡᠷᠭᠡ ᠶᠢ ᠬᠢᠨᠠᠨ ᠵᠦᠪᠯᠡᠵᠦ ᠵᠠᠷᠴᠢᠮ ᠳᠡᠭᠡᠷ᠎ᠡ ᠪᠠᠨ ᠪᠠᠳᠤᠯᠠᠪᠠ      ᠵᠠᠩ ᠪᠠᠢ ᠴᠧᠩ ᠬᠤᠷᠠᠯ ᠢ ᠡᠷᠬᠢᠯᠡᠵᠦ ᠯᠦᠸᠧ ᠴᠢᠩ ᠣᠷᠣᠯᠴᠠᠪᠠ       ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 7 ᠳ᠋ᠤᠭᠠᠷ ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠬᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠤᠨ ᠤ 2020 ᠣᠨ ᠤ 27 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ︽ᠬᠥᠬᠡᠬᠤᠲᠠ ᠶᠢᠨ ᠬᠢᠨ ᠱᠦᠵᠢ ᠱᠢ ᠲᠠᠢ ᠹᠧᠩ ᠤᠨ ᠰᠢᠨ᠎ᠡ ᠲᠣᠭᠤᠷᠢᠭ ᠤᠨ ᠲᠣᠭᠠᠴᠢᠯᠠᠭᠰᠠᠨ ᠠᠵᠤ ᠠᠬᠤᠶ ᠶᠢ ᠪᠠᠶᠢᠴᠠᠭᠠᠨ ᠰᠤᠳᠤᠯᠬᠤ ᠦᠶ᠎ᠡ ᠶᠢᠨ ᠵᠢᠭᠠᠪᠤᠷᠢ ᠱᠠᠭᠠᠷᠳᠠᠯᠭ᠎ᠠg ᠡᠭᠦᠷᠭᠡ  ᠶᠢ ᠨᠠᠶᠢᠳᠠᠪᠤᠷᠢᠵᠢᠭᠤᠯᠬᠤ ᠡᠭᠦᠷᠭᠡ ᠬᠤᠪᠢᠶᠠᠷᠢᠯᠠᠬᠤ ᠲᠥᠰᠦᠯ︾ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ᠂ ᠬᠥᠬᠡᠬᠤᠲᠠ ᠶᠢᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠰᠬᠠᠶ ᠪᠠᠯᠠ ᠮᠥᠩᠭᠦ ᠪᠠᠶᠢᠭᠤᠯᠬᠤ ᠵᠡᠷᠭᠡ ᠬᠠᠮᠢᠶ᠎ᠠ ᠪᠥᠬᠦᠶ ᠣᠴᠢᠷ ᠶᠠᠪᠤᠳᠠᠯ ᠢ ᠰᠤᠳᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤ ᠬᠤᠷᠢᠶᠠᠨ ᠤ ᠱᠦᠵᠢ ᠱᠢ ᠲᠠᠢ ᠹᠧᠩ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠬᠤᠲᠠ ᠶᠢᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠪᠣᠯᠤᠨ ᠤᠶᠤᠨᠳᠤ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠳᠤ ᠲᠣᠳᠣᠷᠬᠠᠶ ᠵᠢᠭᠠᠪᠤᠷᠢ ᠥᠭᠴᠦ᠂ ᠪᠣᠳᠠᠲᠠᠶ ᠱᠠᠭᠠᠷᠳᠠᠯᠭ᠎ᠠ ᠲᠤᠷᠠᠳᠴᠠᠢ᠂ ᠡᠯ᠎ᠡ ᠱᠠᠲᠤ ᠡᠯ᠎ᠡ ᠰᠠᠯᠠᠭ᠎ᠠ  ᠮᠦᠴᠢᠷ ᠤᠨ ᠬᠢᠨ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠱᠦᠵᠢ ᠱᠢ ᠲᠠᠢ ᠹᠧᠩ   ᠤᠨ ᠳᠤᠷᠠᠳᠤᠭᠰᠠᠨ ᠵᠢᠭᠠᠪᠤᠷᠢ ᠱᠠᠭᠠᠷᠳᠠᠯᠭ᠎ᠠ ᠶᠢ ᠦᠨᠳᠦᠰᠦᠯᠡᠨ᠂ ᠵᠤᠷᠪᠤᠰ ᠵᠦᠢᠯ ᠳᠠᠷᠠᠭᠠᠯᠠᠨ ᠦᠨᠡᠨᠬᠦ  ᠶᠠᠪᠤᠭᠳᠠᠵᠤ ᠪᠣᠯᠬᠤ᠂ ᠮᠠᠨ ᠤ ᠬᠤᠲᠠ ᠶᠢᠨ ᠪᠣᠳᠠᠲᠠᠢ ᠲᠠᠢ ᠨᠡᠶᠢᠴᠡᠭᠰᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠴᠤ᠂ ᠮᠠᠨ ᠤ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠪᠠ ᠤᠶᠤᠨᠳᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠵᠤ᠂ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠳᠡᠢ ᠭᠡᠵᠡᠢ᠃        ᠬᠤᠷᠠᠯ ᠠᠴᠠ ᠴᠢᠬᠤᠯᠠᠴᠢᠯᠠᠭᠰᠠᠨ ᠨᠢ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠠᠬᠢᠭᠤᠯᠤᠨ ᠬᠡᠷᠡᠭᠵᠢᠬᠦᠯᠵᠦ ᠪᠠᠶᠢᠭ᠎ᠠ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠮᠥᠨ᠂ ᠮᠠᠨ ᠤ ᠬᠤᠲᠠ ︽ᠳᠤᠮᠳᠠᠳᠤ ᠤᠯᠤᠰ ᠤᠨ ᠰᠦ ᠶᠢᠨ ᠬᠤᠲᠠ︾ ᠪᠣᠯᠤᠭᠰᠠᠨ ᠤ ᠬᠤᠪᠢ ᠳᠤ ᠲᠦᠯᠬᠢᠵᠦ ᠪᠣᠯᠤᠰᠢ ᠥᠬᠡᠶ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠵᠦ  ᠪᠠᠶᠢᠨ᠎ᠠ᠃ ᠬᠥᠬᠡᠬᠤᠲᠠ ᠶᠢᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠰᠬᠠᠶ ᠪᠠᠯᠠ ᠮᠥᠩᠭᠦ ᠶᠢ ᠪᠠᠶᠢᠭᠤᠯᠬᠤ ᠨᠢ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂  ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠢᠯᠠᠩᠭᠤᠶ᠎ᠠ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ ᠶᠢᠨ ᠪᠥᠲᠥᠭᠡᠨ ᠪᠠᠶᠢᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ ᠴᠢᠳᠠᠨ᠎ᠠ᠃  ᠬᠤᠯᠪᠤᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠦᠨᠵᠡᠭᠡᠶ ᠰᠤᠳᠤᠯᠤᠨ᠂ ᠰᠢᠨᠵᠢᠯᠡᠬᠦ ᠤᠬᠠᠭᠠᠨᠴᠢ ᠨᠤᠲᠠᠯᠠᠯᠲᠠ ᠬᠢᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠰᠬᠠᠶ ᠪᠠᠯᠠ ᠮᠥᠩᠭᠦ ᠶᠢ ᠬᠠᠤᠯᠢ ᠲᠣᠭᠲᠠᠭᠠᠯ ᠶᠣᠰᠣᠭᠠᠷ ᠪᠠᠶᠢᠭᠤᠯᠤᠨ ᠰᠠᠶᠢᠲᠤᠷ ᠬᠠᠮᠢᠶᠠᠷᠤᠨ᠂ ᠰᠠᠶᠢᠲᠤᠷ ᠬᠡᠷᠡᠭᠯᠡᠵᠦ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠲᠠᠰ ᠳᠡᠪᠰᠢᠭᠰᠡᠨ ᠬᠡᠪ ᠢ ᠴᠤᠭᠴᠠᠯᠠᠬᠤ᠂ ᠪᠥᠬᠦ ᠣᠷᠣᠨ ᠴᠢᠨᠠᠭᠰᠢᠯᠠᠪᠠᠯ ᠪᠥᠬᠦ ᠤᠯᠤᠰ ᠤᠨ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠳᠤ ᠦᠵᠡᠭᠦᠯᠪᠡᠰᠦ ᠵᠣᠬᠢᠬᠤ ᠦᠢᠯᠡᠳᠦᠯ ᠢᠶᠠᠨ ᠪᠠᠳᠠᠷᠠᠭᠤᠯᠵᠤ᠂ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠬᠤᠳᠠ ᠶᠢᠨ ᠵᠠᠰᠠᠭ ᠤᠨ ᠣᠷᠳᠣᠨ ᠤ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠠᠵᠤ ᠦᠢᠯᠡᠳᠪᠦᠷᠢ ᠶᠢᠨ ᠬᠥᠳᠡᠯᠭᠡᠬᠦ ᠬᠦᠴᠦᠨ ᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠵᠡᠷᠭᠡ ᠶᠠᠪᠤᠳᠠᠯ ᠢ ᠰᠤᠳᠤᠯᠵᠠᠢ᠃      ᠬᠤᠲᠠ ᠶᠢᠨ ᠤᠳᠤᠷᠢᠳᠤᠯᠭ᠎ᠠ ᠯᠦᠸᠧ ᠴᠢᠩ᠂ ᠯᠢᠦ ᠴᠧᠩ ᠮᠢᠨ᠂ ᠰᠢᠤᠢ ᠷᠦᠢ ᠰᠢᠶᠠ᠂ ᠪᠢ ᠭᠦᠸᠧ ᠴᠧᠨ᠂ ᠵᠧᠤ ᠴᠢᠶᠠᠩ᠂ ᠶᠦᠨ ᠰᠢᠨ ᠮᠢᠩ᠂ ᠵᠠᠩ ᠭᠦᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᠳ᠋ᠦᠩ ᠬᠤᠷᠠᠯ ᠳᠤ ᠣᠷᠣᠯᠴᠠᠵᠠᠶ᠃ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ  ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠤᠤ ᠳ᠋ᠦᠩ ᠵᠢᠴᠢ ᠬᠤᠲᠠ ᠶᠢᠨ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠤᠷᠤᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号