ᠯᠦᠸᠧ ᠴᠢᠩ ᠣᠷᠣᠯᠴᠠᠪᠠ | ᠬᠦᠬᠡᠬᠤᠲᠠ ᠶᠢᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ | 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ | ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠠᠵᠤ ᠠᠬᠤᠶᠢᠯᠠᠯ ᠢᠶᠠᠷ ᠲᠤᠭᠤᠷᠢᠨ ᠦᠵᠡᠵᠦ ᠭᠤᠤᠯᠳᠠᠯᠭ᠎ᠠ ᠲᠠᠢ | ᠲᠥᠷᠥᠯ ᠵᠦᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠰᠠᠨᠠᠭᠠᠴᠢᠯᠠᠭ᠎ᠠ ᠠᠴᠠ ᠪᠠᠨ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ᠂ ᠠᠵᠤ ᠠᠬᠤᠶᠢᠯᠠᠯ ᠠᠴᠠ ᠠᠷᠭ᠎ᠠ ᠤᠬᠠᠭᠠᠨ ᠰᠤᠷᠠᠵᠤ᠂ | ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠬᠦᠴᠦᠯᠡᠨ ᠰᠠᠶᠢᠲᠤᠷ | ᠬᠢᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠶ ᠪᠠᠷ ᠠᠵᠤ ᠦᠢᠯᠡᠰ ᠤᠨ ᠬᠥᠭᠵᠢᠯᠲᠡ ᠶᠢ | ᠲᠥᠰᠦᠪᠯᠡᠵᠦ᠂ ᠨᠡᠩ ᠥᠷᠢᠰᠥᠯᠳᠦᠬᠦ ᠬᠦᠴᠦᠨ ᠲᠠᠢ ᠠᠵᠤ ᠦᠢᠯᠡᠰ ᠤᠨ ᠰᠦᠷᠦᠭᠵᠢᠯ ᠢ ᠲᠦᠷᠭᠡᠳᠬᠡᠨ | ᠪᠤᠶᠢᠵᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠠᠵᠢᠯ ᠢ ᠦᠨᠡᠨᠬᠦ ᠰᠠᠶᠢᠲᠤᠷ ᠬᠢᠬᠦ | ᠬᠡᠷᠡᠭᠲᠡᠢ ᠭᠡᠵᠡᠢ᠃ | ᠸᠠᠩ ᠯᠢ ᠰᠢᠶᠠ ᠨᠠᠷ ᠡᠩ ᠲᠡᠷᠢᠭᠦᠨ ᠳᠤ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠲᠦᠩ | ᠹᠠᠩ ᠺᠣᠮᠫᠢᠦ᠋ᠲ᠋ᠧᠷ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ ᠳᠤ ᠬᠦᠷᠴᠦ᠂ ᠲᠦᠩ ᠹᠠᠩ ᠤᠨ | ᠦᠢᠯᠡᠴᠢᠯᠡᠭᠦᠷ ᠦᠢᠯᠡᠳᠬᠦ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ᠃ ᠠᠵᠤ ᠠᠬᠤᠶᠢᠯᠠᠯ ᠤᠨ | ᠰᠤᠳᠤᠯᠤᠨ ᠨᠡᠭᠡᠭᠡᠭᠰᠡᠨ ᠪᠦᠲᠦᠭᠡᠭᠳᠡᠬᠦᠨ ᠢ ᠲᠣᠭᠤᠷᠢᠨ ᠦᠵᠡᠭᠰᠡᠨ ᠤ ᠳᠠᠷᠠᠭ᠎ᠠ᠂ ᠸᠠᠩ ᠯᠢ ᠰᠢᠶᠠ | ᠦᠢᠯᠡᠳᠪᠦᠷᠢᠯᠡᠯ ᠤᠨ ᠲᠠᠰᠤᠭ ᠲᠤ ᠣᠷᠣᠵᠤ᠂ ᠦᠢᠯᠡᠳᠬᠦ ᠶᠠᠪᠤᠴᠠ᠂ ᠮᠡᠷᠭᠡᠵᠢᠯ ᠤᠨ ᠰᠢᠨ᠎ᠡ ᠶᠢ ᠡᠭᠦᠳᠬᠦ᠂ ᠠᠵᠢᠯ | ᠲᠥᠷᠥᠯ ᠤᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ ᠸᠠᠩ ᠯᠢ ᠰᠢᠶᠠ ᠵᠢᠭᠠᠵᠤ ᠭᠠᠷᠭᠠᠭᠰᠠᠨ ᠨᠢ᠂ ᠬᠥᠬᠡᠬᠤᠲᠠ | ᠨᠡᠶᠢᠰᠯᠡᠯ ᠪᠡᠭᠡᠵᠢᠩ ᠠᠴᠠ ᠬᠠᠮᠤᠭ ᠣᠶᠢᠷ᠎ᠠ ᠮᠤᠵᠢ ᠶᠢᠨ ᠲᠥᠪ ᠬᠤᠲᠠ ᠶᠢᠨ ᠨᠢᠭᠡ ᠪᠣᠯᠤᠭᠰᠠᠨ ᠤ ᠬᠤᠪᠢ ᠳᠤ | ᠣᠷᠣᠨ ᠪᠠᠶᠢᠷᠢ ᠶᠢᠨ ᠳᠠᠪᠠᠭᠤᠯᠢᠭ ᠲᠠᠯ᠎ᠠ ᠢᠯᠡᠷᠬᠡᠶ ᠶᠤᠮ᠂ ᠡᠭᠦᠨ ᠤ ᠬᠠᠮᠲᠤ᠂ ᠮᠠᠨ ᠤ ᠬᠤᠲᠠ ᠴᠢᠳᠠᠪᠤᠷᠢᠲᠠᠨ ᠢ | ᠲᠠᠲᠠᠬᠤ ᠠᠯᠢ ᠣᠯᠠᠨ ᠰᠢᠨ᠎ᠡ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠳᠡᠯᠡᠭᠰᠡᠨ ᠨᠢ ᠠᠵᠤ ᠠᠬᠤᠶᠢᠯᠠᠯ ᠤᠨ | ᠴᠢᠳᠠᠪᠤᠷᠢᠲᠠᠨ ᠢ ᠲᠡᠳᠡᠨ ᠠᠪᠴᠢᠷᠠᠬᠤ᠂ ᠴᠢᠳᠠᠪᠤᠷᠢᠲᠠᠨ ᠢ ᠦᠯᠡᠳᠡᠭᠡᠬᠦ ᠳᠤ ᠢᠳᠡᠪᠬᠢᠲᠡᠶ ᠦᠢᠯᠡᠳᠦᠯ ᠦᠵᠡᠭᠦᠯᠬᠦ ᠨᠢ | ᠯᠠᠪᠲᠠᠶ ᠶᠤᠮ ᠭᠡᠵᠡᠢ᠃ ᠲᠡᠷᠡ ᠠᠵᠤ ᠠᠬᠤᠶᠢᠯᠠᠯ ᠤᠨ ᠬᠢᠨ ᠢᠳᠡᠪᠬᠢᠲᠡᠶ ᠪᠠᠷ ᠰᠢᠨ᠎ᠡ ᠶᠢ ᠡᠭᠦᠳᠴᠦ᠂ ᠠᠯᠤᠰ | ᠬᠡᠲᠦ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠲᠥᠪ ᠬᠤᠲᠠ ᠳᠠᠬᠢ ᠠᠵᠤ ᠦᠢᠯᠡᠰ ᠤᠨ | ᠪᠠᠶᠢᠷᠢᠯᠠᠭᠤᠯᠤᠯᠲᠠ ᠶᠢᠨ ᠬᠦᠴᠦᠯᠡᠴᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠬᠠᠮᠵᠢᠯᠴᠠᠨ ᠬᠥᠭᠵᠢᠬᠦ ᠶᠢ | ᠴᠢᠷᠮᠠᠶᠢᠨ ᠪᠡᠶᠡᠯᠡᠭᠦᠯᠬᠦ ᠶᠢ ᠬᠦᠰᠡᠵᠡᠢ᠃ | ᠳᠠᠷᠠᠭ᠎ᠠ ᠨᠢ᠂ ᠸᠠᠩ ᠯᠢ ᠰᠢᠶᠠ ᠥᠪᠥᠷ ᠮᠣᠩᠭᠤᠯ ᠤᠨ ᠬᠤᠸᠠ ᠶᠣᠣ ᠬᠡᠷᠡᠯ ᠴᠠᠬᠢᠯᠭᠠᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠡᠷᠡᠨ ᠡᠨᠧᠷᠭᠢ ᠶᠢᠨ ᠭᠡᠷᠡᠯ ᠸᠣᠯᠲ ᠤᠨ ᠲᠠᠩ ᠲᠠᠯᠠᠰᠲᠤ | ᠴᠠᠬᠢᠭᠤᠷ ᠤᠨ ᠢᠯᠲᠠᠰᠤ ᠦᠢᠯᠡᠳᠪᠦᠷᠢᠯᠡᠬᠦ ᠰᠠᠭᠤᠷᠢᠨ ᠭᠠᠵᠠᠷ ᠲᠤ ᠬᠥᠷᠪᠡ᠂ ᠠᠳᠡ ᠨᠢᠭᠡᠳᠦᠭᠡᠷ ᠬᠤᠭᠤᠴᠠᠭᠠᠨ ᠤ | 3GW ᠲᠠᠩ ᠲᠠᠯᠠᠰᠲᠤ ᠴᠠᠬᠢᠭᠤᠷ ᠤᠨ ᠢᠯᠲᠠᠰᠤ ᠦᠢᠯᠡᠳᠪᠦᠷᠢᠯᠡᠬᠦ ᠲᠦᠷᠦᠯ ᠵᠦᠢᠯ ᠨᠢ ᠶᠠᠭ | ᠦᠢᠯᠡᠳᠪᠦᠷᠢᠯᠡᠯ ᠤᠨ ᠲᠤᠨᠤᠭ ᠲᠦᠭᠦᠭᠡᠷᠦᠮᠵᠢ ᠳᠤ ᠪᠠᠨ ᠬᠠᠮᠤᠭ ᠰᠡᠭᠦᠯᠴᠢ ᠶᠢᠨ ᠲᠤᠬᠢᠷᠠᠭᠤᠯᠤᠯᠳᠠ ᠬᠢᠵᠦ ᠪᠠᠶᠢᠯ᠎ᠠ᠃ | ᠠᠵᠤ ᠠᠬᠤᠶᠢᠯᠠᠯ ᠤᠨ ᠦᠢᠯᠡᠳᠪᠦᠷᠢ ᠶᠢᠨ ᠭᠡᠷ ᠲᠤ ᠭᠦᠨᠵᠡᠭᠡᠶᠢᠷᠡᠨ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ᠂ | ᠦᠢᠯᠡᠳᠪᠦᠷᠢᠯᠡᠯ ᠤᠨ ᠤᠷ᠎ᠠ ᠮᠡᠷᠭᠡᠰᠢᠯ᠂ ᠦᠢᠯᠡᠳᠪᠦᠷᠢᠯᠡᠯ ᠤᠨ ᠴᠢᠳᠠᠪᠤᠷᠢ ᠶᠢᠨ ᠦᠷ᠎ᠡ ᠠᠰᠢᠭ᠂ ᠵᠠᠬ᠎ᠠ | ᠳᠡᠯᠭᠡᠭᠦᠷ ᠤᠨ ᠢᠷᠡᠭᠡᠳᠦᠢ ᠶᠢᠨ ᠲᠥᠯᠥᠪ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠸᠠᠩ ᠯᠢ ᠰᠢᠶᠠ | ᠠᠵᠤ ᠠᠬᠤᠶᠢᠯᠠᠯ ᠢ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠰᠠᠶᠢᠳᠤᠷ ᠠᠳᠬᠤᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠡᠷᠲᠡᠬᠡᠨ ᠠᠰᠢᠭᠯᠠᠯᠲᠠ ᠳᠤ ᠤᠷᠤᠭᠤᠯᠵᠤ ᠦᠷ᠎ᠡ | ᠠᠰᠢᠭ ᠣᠯᠬᠤ ᠪᠠᠷ ᠴᠢᠷᠮᠠᠶᠢᠭᠠᠷᠠᠢ ᠭᠡᠵᠦ ᠵᠤᠷᠢᠭᠵᠢᠭᠤᠯᠵᠠᠢ᠃ ᠸᠠᠩ ᠯᠢ ᠰᠢᠶᠠ ᠴᠢᠬᠤᠯᠠᠴᠢᠯᠠᠭᠰᠠᠨ ᠨᠢ᠂ ᠡᠯ᠎ᠡ | ᠬᠤᠯᠪᠤᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠦᠪᠰᠢᠨ ᠢ | ᠲᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠶᠢᠨ ᠲᠡᠭᠡᠳᠦ ᠳᠣᠣᠷᠠᠳᠤ ᠤᠷᠤᠰᠬᠠᠯ ᠤᠨ ᠠᠵᠤ | ᠠᠬᠤᠶᠢᠯᠠᠯ ᠢ ᠶᠡᠬᠡᠪᠡᠷ ᠣᠷᠣᠭᠤᠯᠵᠤ᠂ ᠠᠵᠤ ᠦᠢᠯᠡᠰ ᠤᠨ ᠲᠥᠪᠯᠡᠷᠡᠭᠰᠡᠨ ᠴᠤᠭᠯᠠᠷᠠᠭᠰᠠᠨ ᠡᠷᠴᠢᠮᠵᠢᠭᠰᠡᠨ ᠮᠠᠶ᠋ᠢᠭ ᠤᠨ | ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠴᠢᠷᠮᠠᠶᠢᠨ ᠤᠷᠲᠤᠳᠬᠠᠵᠤ᠂ ᠪᠦᠬᠦ | ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠠᠭᠪᠤᠷ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ | ᠦᠷᠢᠰᠦᠯᠳᠦᠬᠦ ᠬᠦᠴᠦᠨ ᠢ ᠲᠡᠭᠡᠭᠰᠢᠯᠡᠬᠦᠯᠬᠦ ᠭᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠤᠨᠤᠰᠴᠤ᠂ ᠠᠵᠤ ᠠᠬᠤᠶᠢᠯᠠᠯ ᠤᠨ ᠬᠡᠷᠡᠭᠴᠡᠭᠡ | ᠱᠠᠭᠠᠷᠳᠠᠯᠭ᠎ᠠ ᠶᠢ ᠴᠠᠭ ᠲᠤᠬᠠᠶ ᠳᠤᠨᠢ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠪᠣᠳᠠᠲᠠᠶ | ᠠᠰᠠᠭᠤᠳᠠᠯ ᠢ ᠨᠠᠷᠢᠨ ᠬᠢᠨᠠᠮᠠᠭᠠᠶ ᠰᠢᠢᠳᠪᠦᠷᠢᠯᠡᠵᠦ᠂ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃ | ᠬᠤᠲᠠ ᠶᠢᠨ ᠤᠳᠤᠷᠢᠳᠤᠯᠭ᠎ᠠ ᠯᠦᠸᠧ ᠴᠢᠩ᠂ ᠡᠤ ᠸᠧᠨ ᠮᠢᠩ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠤᠤ ᠳ᠋ᠦᠩ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠦ ᠵᠢᠶᠠᠨ ᠭᠦᠸᠧ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ |