ᠬᠥᠬᠡᠬᠤᠲᠠ ᠪᠦᠬᠦ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠳᠥᠯᠭᠢᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2020-07-17
  ᠰᠢᠨᠬᠤᠸᠠ ᠰᠦᠯᠵᠢᠶᠡᠨ ᠤ ᠬᠥᠬᠡᠬᠤᠲᠠ ᠶᠢᠨ 7 ᠰᠠᠷ᠎ᠠ ᠶᠢᠨ 16 ᠤ ᠡᠳᠦᠷ ᠤᠨ ᠮᠡᠳᠡᠭᠡ ︵ᠬᠤᠤ ᠹᠠᠩ ᠹᠠᠩ︶ ᠣᠶᠢᠷ᠎ᠠ ᠳᠤ᠂ ᠬᠥᠬᠡᠬᠤᠲᠠ ᠪᠥᠬᠦ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠤᠨ ᠳᠠᠶᠢᠴᠢᠯᠠᠯᠳᠡ ᠪᠠ ᠪᠠᠶᠢᠷᠢᠯᠠᠭᠤᠯᠤᠯᠳᠠ ᠶᠢᠨ ᠬᠤᠷᠠᠯ ᠬᠢᠪᠠ᠃ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠥᠬᠡᠬᠤᠲᠠ ᠪᠠᠭᠤᠷᠠᠶ ᠲᠠᠯ᠎ᠠ ᠪᠠᠨ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠦᠨᠳᠦᠰᠦᠨ ᠱᠠᠲᠤᠨ ᠳᠤ ᠡᠷᠬᠡ ᠣᠯᠭᠤᠬᠤ᠂  ᠦᠢᠯᠡᠴᠢᠯᠡᠭᠡᠨ ᠤ ᠶᠠᠰᠤ ᠴᠢᠨᠠᠷ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠨᠡᠩ ᠢᠯᠡᠭᠦᠤ ᠴᠢᠬᠤᠯᠠᠴᠢᠯᠠᠵᠤ᠂ ᠣᠷᠣᠨ ᠤ ᠲᠥᠪ ᠤᠨ ᠣᠨᠴᠠᠯᠢᠭ ᠪᠦᠬᠦᠢ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠵᠦ  ᠪᠠᠶᠢᠨ᠎ᠠ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠪᠥᠬᠦ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠤᠨ ᠳᠠᠶᠢᠴᠢᠯᠠᠯᠲᠠ ᠪᠠ ᠪᠠᠶᠢᠷᠢᠯᠠᠭᠤᠯᠤᠯᠲᠠ ᠶᠢᠨ ᠬᠤᠷᠠᠯ ᠳᠡᠭᠡᠷ᠎ᠡ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠲᠤᠷᠰᠢᠯᠲᠠ ᠶᠢᠨ ᠠᠵᠢᠯ ᠪᠣᠯ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠶᠢᠨ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠭᠤᠤᠯ ᠪᠣᠯᠭᠠᠭᠰᠠᠨ ᠨᠢᠭᠡᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠬᠤᠷᠢᠶᠠᠨ ᠤ ᠱᠠᠭᠠᠷᠳᠠᠯᠭ᠎ᠠ ᠲᠠᠢ ᠬᠠᠷᠢᠴᠠᠭᠤᠯᠤᠨ᠂ ᠪᠠᠭᠤᠷᠠᠶ ᠲᠠᠯ᠎ᠠ ᠪᠠᠨ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠶᠢ ᠨᠠᠩ ᠢᠯᠡᠭᠦᠤ ᠴᠢᠬᠤᠯᠠᠴᠢᠯᠠᠵᠤ᠂ ᠦᠨᠳᠦᠰᠦᠨ ᠱᠠᠲᠤᠨ ᠳᠤ ᠡᠷᠬᠡ ᠣᠯᠭᠤᠬᠤ ᠶᠢ ᠨᠠᠩ ᠢᠯᠡᠭᠦᠤ ᠴᠢᠬᠤᠯᠠᠴᠢᠯᠠᠵᠤ᠂ ᠦᠢᠯᠡᠴᠢᠯᠡᠭᠡᠨ ᠤ ᠶᠠᠰᠤ ᠴᠢᠨᠠᠷ ᠢ ᠨᠠᠩ ᠴᠢᠬᠤᠯᠠᠴᠢᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠨᠠᠩ ᠢᠯᠡᠭᠦᠤ ᠴᠢᠬᠤᠯᠠᠴᠢᠯᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠨᠠᠩ ᠢᠯᠡᠭᠦᠤ ᠴᠢᠬᠤᠯᠠᠴᠢᠯᠠᠵᠤ᠂ ᠣᠷᠣᠨ ᠤ ᠲᠥᠪ ᠤᠨ ᠣᠨᠴᠠᠯᠢᠭ ᠪᠥᠬᠦᠶ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠵᠠᠮ ᠢᠶᠠᠷ ᠦᠨᠡᠨ ᠬᠦ ᠵᠠᠮᠨᠠᠬᠤ ᠬᠡᠷᠡᠭᠳᠡᠢ ᠬᠡᠵᠦ ᠴᠢᠬᠤᠯᠠᠴᠢᠯᠠᠪᠠ᠃  ᠬᠥᠬᠡᠬᠤᠲᠠ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠾᠧ ᠬᠠᠢ ᠳ᠋ᠦᠩ ᠲᠠᠨᠢᠯᠴᠠᠭᠤᠯᠬᠤ ᠳᠠᠭᠠᠨ᠂ ᠬᠥᠬᠡᠬᠤᠲᠠ ᠨᠢ ᠰᠢᠰᠲ᠋ᠧᠮᠵᠢᠭᠰᠡᠨ᠂ ᠨᠡᠶᠢᠭᠡᠮᠴᠢᠯᠡᠭᠰᠡᠨ᠂ ᠨᠠᠷᠢᠯᠢᠭᠵᠢᠭᠰᠠᠨ᠂ ᠬᠠᠤᠯᠢᠵᠢᠭᠰᠠᠨ᠂ ᠤᠶᠤᠨᠴᠢᠯᠠᠬᠰᠠᠨ ᠲᠤᠷᠰᠢᠯᠲᠠ ᠶᠢᠨ ᠠᠵᠢᠯ ᠥᠷᠨᠢᠭᠦᠯᠬᠦ ᠶᠢᠨ ᠲᠤᠭᠤᠷᠢᠨ ᠳᠤ ᠨᠡᠶᠢᠭᠡᠮ ᠤᠨ ᠵᠠᠰᠠᠯᠲᠠ ᠶᠢᠨ ᠤᠶᠢᠯᠠᠭᠠᠬᠳᠠᠬᠤᠨ ᠢ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠤ ᠰᠠᠭᠤᠷᠢᠯᠠᠨ ᠬᠠᠮᠵᠢᠯᠴᠠᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠠᠷᠢᠯᠢᠭ ᠵᠠᠰᠠᠯᠲᠠ ᠶᠢ ᠰᠠᠶᠢᠲᠤᠷ ᠠᠳᠬᠤᠵᠤ ᠦᠨᠳᠦᠰᠦᠨ ᠱᠠᠲᠤᠨ ᠤ ᠵᠠᠰᠠᠯᠲᠠ ᠶᠢᠨ ᠪᠠᠲᠤ ᠴᠢᠩᠭ᠎ᠠ ᠵᠢᠭᠰᠠᠭᠠᠯ ᠤᠨ ᠭᠠᠵᠠᠷ ᠢ ᠪᠠᠶᠢᠭᠤᠯᠤᠨ᠎ᠠ᠃ ᠬᠠᠤᠯᠢ ᠴᠠᠭᠠᠵᠠ ᠶᠣᠰᠣ ᠮᠣᠷᠠᠯ ᠢ ᠵᠡᠷᠭᠡᠪᠡᠷ ᠡᠷᠬᠢᠮᠯᠡᠬᠦ ᠶᠢ ᠪᠠᠷᠢᠮᠲᠠᠯᠠᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠬᠡᠪ ᠰᠤᠷᠲᠠᠯ ᠢ ᠪᠤᠢ ᠪᠣᠯᠭᠠᠵᠤ᠂ ︽ᠤᠶᠤᠨᠴᠢᠯᠠᠬᠤ︾ ᠪᠠᠷ ᠰᠠᠭᠤᠷᠢ ᠪᠣᠯᠭᠠᠨ ︽ᠬᠤᠲᠠ ᠶᠢᠨ ᠬᠢᠨ ᠢ ᠴᠢᠳᠠᠮᠠᠭᠠᠢ ᠰᠡᠳᠬᠢᠬᠦ ᠪᠤᠯᠭᠠᠵᠤ᠂ ᠠᠮᠢᠳᠤᠷᠠᠯ ᠢ ᠨᠢ ᠨᠡᠩ ᠰᠠᠶᠢᠨ ᠰᠠᠶᠢᠬᠠᠨ ᠪᠤᠯᠭᠠᠬᠤ︾ ᠶᠢ ᠠᠬᠢᠭᠤᠯᠵᠤ᠂ 2022 ᠣᠨ ᠪᠣᠯᠬᠤ ᠳᠤ ᠪᠦᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠢᠷᠢ ᠲᠡᠩᠴᠡᠭᠰᠡᠨ ᠬᠤᠲᠠ ᠶᠢᠨ ᠡᠩᠨᠡᠭᠡᠨ ᠳᠤ ᠣᠷᠣᠬᠤ ᠶᠢ ᠪᠠᠲᠤᠯᠠᠵᠦ᠂ ︽ᠱᠠᠳᠤ ᠱᠠᠳᠤ ᠪᠠᠷ ᠬᠤᠪᠢ ᠬᠦᠮᠦᠨ ᠬᠦᠷᠳᠡᠯ᠎ᠡ ᠬᠢᠬᠦ᠂ ᠬᠠᠮᠢᠶ᠎ᠠ ᠡᠭᠦᠷᠭᠡ ᠴᠢᠳᠠᠪᠬᠢᠳᠦ ᠰᠠᠯᠠᠭ᠎ᠠ ᠮᠦᠴᠢᠷ ᠤᠳ ᠲᠤᠰ ᠲᠤᠰ ᠤᠨ ᠬᠠᠷᠠᠯᠳᠠ ᠪᠠᠨ ᠪᠡᠶᠡᠯᠡᠬᠦᠯᠬᠦ︾ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ ᠲᠤᠬᠳᠠᠯᠴᠠᠭ᠎ᠠ ᠶᠢ ᠠᠩᠬ᠎ᠠ ᠠᠯᠬᠤᠮ ᠪᠠᠶᠢᠭᠤᠯᠤᠨ᠎ᠠ ᠬᠡᠵᠡᠢ᠃  ᠬᠤᠲᠠ ᠶᠢᠨ ᠬᠡᠪᠴᠢᠶ᠎ᠡ ᠨᠢ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠪᠠ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠳᠤ ᠵᠠᠮ ᠨᠡᠭᠡᠭᠡᠬᠦ ᠣᠨᠴᠠᠭᠠᠢ ᠪᠠᠶᠢᠷᠢᠨ ᠳᠤ ᠣᠷᠣᠰᠢᠵᠤ ᠪᠠᠶᠢᠳᠠᠭ ᠪᠤᠯᠬᠤᠷ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠪᠣᠯ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠤᠪᠤᠶᠢᠮ᠎ᠠ ᠵᠥᠷᠢᠴᠡᠯ ᠢ ᠰᠢᠢᠳᠪᠦᠷᠢᠯᠡᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠭᠠᠷᠳᠠᠴᠠ ᠮᠥᠨ᠃ 5 ᠰᠠᠷ᠎ᠠ ᠶᠢᠨ 20 ᠤ ᠡᠳᠦᠷ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠠᠴᠠ ᠬᠥᠬᠡᠬᠤᠲᠠ ᠶᠢ ᠪᠥᠬᠦ ᠤᠯᠤᠰ ᠤᠨ ᠨᠢᠭᠡᠳᠦᠭᠡᠷ ᠬᠤᠭᠤᠴᠠᠭᠠᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠤᠲᠠ ᠪᠣᠯᠭᠠᠬᠤ ᠶᠢ ᠠᠯᠪᠠᠨ ᠶᠣᠰᠣᠭᠠᠷ ᠵᠥᠪᠰᠢᠶᠡᠷᠡᠪᠡ᠃ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠥᠬᠡᠬᠤᠲᠠ ᠨᠢ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠲᠤᠷᠰᠢᠯᠲᠠ ᠶᠢᠨ ᠠᠵᠢᠯ ᠤᠨ ᠶᠡᠷᠦᠩᠬᠡᠶ ᠪᠣᠷᠣ ᠲᠥᠯᠥᠪ ᠢ ᠲᠣᠭᠲᠠᠭᠠᠵᠤ᠂ ᠪᠦᠬᠦ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠤᠨ ᠡᠭᠦᠷᠭᠡ ᠶᠢ ᠬᠤᠪᠢᠶᠠᠷᠢᠯᠠᠬᠰᠠᠨ ᠪᠠᠶᠢᠨ᠎ᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号