ᠠᠷᠢᠬᠢ ᠤᠤᠭᠤᠵᠤ ᠲᠡᠷᠭᠡ ᠵᠢᠯᠤᠭᠤᠳᠬᠤ ᠶᠢ ᠲᠡᠪᠴᠢᠶ᠎ᠡ
ᠨᠡᠶᠢᠲᠡᠯᠡᠭᠰᠡᠨ ᠴᠠᠭ᠄
2020-07-17
  ︽ᠠᠷᠢᠬᠢ ᠤᠤᠭᠤᠵᠤ ᠲᠡᠷᠭᠡ ᠵᠢᠯᠣᠭᠤᠳᠬᠤ ᠰᠣᠭᠲᠣᠭᠤ ᠪᠠᠷ ᠲᠡᠷᠭᠡ ᠵᠢᠯᠣᠭᠤᠳᠬᠤ︾ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠥᠷᠭᠡᠨ ᠣᠯᠠᠨ ᠲᠦᠮᠡᠨ ᠳᠤ ᠠᠮᠤᠷ ᠲᠦᠪᠰᠢᠨ ᠰᠠᠭᠠᠳ ᠦᠭᠡᠢ ᠨᠡᠪᠲᠡᠷᠡᠬᠦ᠂ ᠪᠣᠯᠪᠠᠰᠤᠨ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠢ ᠴᠢᠷᠮᠠᠶᠢᠨ ᠡᠭᠦᠳᠬᠦ ᠶᠢᠨ ᠲᠦᠯᠦᠭᠡ᠂ 7 ᠳ᠋ᠤᠭᠠᠷ ᠰᠠᠷ᠎ᠠ ᠶᠢᠨ 16 ᠤ ᠡᠳᠦᠷ᠂ ᠢᠦᠶ ᠴᠢᠤᠸᠠᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠴᠠᠩ ᠾᠧ ᠯᠠᠩ ᠤᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ︽ᠠᠷᠢᠬᠢ ᠤᠤᠭᠤᠵᠤ ᠲᠡᠷᠭᠡ ᠵᠢᠯᠣᠭᠤᠳᠬᠤ ᠦᠭᠡᠢ︾ ᠵᠡᠭᠡᠯᠢ ᠭᠤᠳᠤᠮᠵᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠪᠡ᠃      ᠠᠵᠢᠯᠯᠠᠭᠠᠨ ᠤ ᠠᠬᠤᠶ ᠲᠠᠯᠠᠪᠠᠶ ᠳᠤ᠂ ᠵᠠᠮ ᠬᠠᠷᠢᠯᠴᠠᠭᠠᠨ ᠤ ᠴᠠᠭᠳᠠᠭ᠎ᠠ ᠪᠣᠯᠤᠨ ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠰᠠᠭᠤᠭᠠᠯᠢ ᠠᠷᠠᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠤᠨ ᠤᠩᠰᠢᠬᠤ ᠪᠢᠴᠢᠭ ᠲᠠᠷᠬᠠᠭᠠᠵᠤ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂  ᠵᠠᠮ ᠬᠠᠷᠢᠯᠴᠠᠭᠠᠨ ᠤ ᠠᠮᠤᠷ ᠲᠥᠪᠰᠢᠨ ᠤ ᠮᠡᠳᠡᠯᠭᠡ ᠶᠢᠨ ᠲᠠᠯ᠎ᠠ ᠶᠢᠨ ᠮᠠᠳᠠᠭ ᠢ ᠲᠠᠶᠢᠯᠵᠤ ᠰᠡᠵᠢᠭ ᠢ ᠠᠯᠳᠠᠷᠠᠭᠠᠨ᠂ ᠬᠡᠷᠡᠭ ᠢᠶᠠᠷ ᠬᠠᠤᠯᠢ ᠶᠢ ᠲᠦᠭᠡᠮᠡᠯᠵᠢᠭᠦᠯᠵᠦ᠂ ᠠᠷᠢᠬᠢᠨ ᠤ ᠳᠠᠷᠠᠭ᠎ᠠ ᠲᠡᠷᠭᠡ  ᠵᠢᠯᠤᠭᠤᠳᠬᠤ ᠶᠢᠨ ᠬᠤᠤᠷ ᠬᠥᠨᠥᠭᠡᠯ ᠢ ᠴᠡᠭ ᠢᠶᠠᠷ ᠨᠡᠶᠢᠳᠡᠮ ᠳᠤᠨᠢ ᠲᠠᠶᠢᠯᠪᠤᠷᠢᠯᠠᠵᠠᠶ᠃ ᠡᠭᠦᠨ ᠤ ᠬᠠᠮᠲᠤ ᠬᠤᠲᠠ ᠶᠢᠨ ᠠᠷᠠᠳ ᠢ ᠠᠷᠢᠬᠢ ᠤᠤᠭᠤᠵᠤ ᠲᠡᠷᠭᠡ ᠵᠢᠯᠣᠭᠤᠳᠬᠤ ᠦᠭᠡᠢ᠂ ᠰᠣᠭᠲᠣᠭᠤ ᠪᠠᠷ ᠲᠡᠷᠭᠡ ᠵᠢᠯᠣᠭᠤᠳᠬᠤ ᠦᠭᠡᠢ᠂ ︽ᠨᠢᠭᠡ ᠳᠤᠭᠤᠯᠠᠭ᠎ᠠ ᠨᠢᠭᠡ ᠪᠦᠰᠡ︾ ᠶᠢ ᠴᠢᠬᠤᠯᠠᠴᠢᠯᠠᠵᠤ᠂ ᠠᠮᠤᠷ ᠲᠦᠪᠰᠢᠨ ᠪᠣᠯᠪᠠᠰᠤᠨ ᠢᠶᠠᠷ ᠶᠠᠪᠤᠵᠤ ᠰᠠᠭᠤᠬᠤ ᠶᠢ ᠤᠷᠢᠶᠠᠯᠠᠵᠠᠢ᠃  ᠰᠣᠷᠪᠤᠯᠵᠢᠯᠠᠭᠴᠢ ᠯᠢᠦ ᠴᠢᠩ ᠢᠥᠢ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号