ᠬᠥᠬᠡᠬᠤᠲᠠ ᠶᠢᠨ ᠳᠥᠷᠪᠡᠨ ᠲᠣᠭᠤᠷᠢᠭ ᠤᠨ ᠠᠷᠠᠳ ᠠᠴᠠ ᠡᠷᠭᠢᠯᠡᠭᠰᠡᠨ ᠪᠠᠭ᠎ᠠ ᠰᠤᠷᠭᠠᠭᠤᠯᠢ ᠺᠤᠮᠫᠢᠦ᠋ᠲ᠋ᠧᠷ ᠢᠶᠠᠷ 573ᠰᠤᠷᠤᠭᠴᠢ ᠰᠤᠩᠭᠤᠨ ᠡᠯᠰᠡᠪᠡ
ᠨᠡᠶᠢᠲᠡᠯᠡᠭᠰᠡᠨ ᠴᠠᠭ᠄
2020-07-17
      ᠦᠪᠦᠷ ᠮᠤᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ 7 ᠰᠠᠷ᠎ᠠ ᠶᠢᠨ 14 ᠤ ᠡᠳᠦᠷ᠂ 2020 ᠣᠨ ᠤ  ᠬᠦᠬᠡᠬᠤᠲᠠ ᠶᠢᠨ ᠳᠥᠷᠪᠡᠨ ᠲᠣᠭᠤᠷᠢᠭ ᠤᠨ ᠠᠷᠠᠳ ᠠᠴᠠ ᠡᠷᠭᠢᠯᠡᠭᠰᠡᠨ  ᠪᠠᠭ᠎ᠠ ᠰᠤᠷᠭᠠᠭᠤᠯᠢ ᠶᠢᠨ ᠺᠣᠮᠫᠢᠦ᠋ᠲ᠋ᠧᠷ ᠢᠶᠠᠷ ᠰᠣᠷᠣᠭᠴᠢ ᠰᠤᠩᠭᠤᠨ ᠡᠯᠰᠡᠬᠦ  ᠲᠤᠬᠠᠢ ᠶᠢᠨ ᠲᠠᠯᠠᠪᠠᠢ ᠶᠢᠨ ᠬᠤᠷᠠᠯ  ᠬᠦᠬᠡᠬᠤᠲᠠ ᠶᠢᠨ ᠰᠣᠷᠣᠭᠴᠢ ᠡᠯᠰᠡᠬᠦ  ᠰᠢᠯᠭᠠᠯᠲᠠ ᠶᠢᠨ  ᠬᠠᠮᠢᠶᠠᠷᠤᠯᠲᠠ ᠶᠢᠨ ᠲᠥᠪ ᠲᠤ ᠶᠠᠪᠤᠭᠳᠠᠪᠠ᠃      ︽2020 ᠣᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠣᠷᠣᠭᠴᠢ ᠡᠯᠰᠡᠬᠦ ᠠᠵᠢᠯ ᠤᠨ ᠲᠤᠬᠠᠶ  ᠬᠦᠬᠡᠬᠤᠲᠠ ᠶᠢᠨ ᠰᠤᠷᠭᠠᠨ  ᠬᠦᠮᠦᠵᠢᠯ ᠤᠨ ᠲᠣᠪᠴᠢᠶ᠎ᠠ ᠶᠢᠨ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠵᠦ᠂ 2020 ᠣᠨ ᠳᠤ ᠬᠥᠬᠡᠬᠤᠲᠠ ᠶᠢᠨ ᠬᠤᠳᠠ ᠲᠤᠭᠤᠷᠢᠭ ᠤᠨ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠣᠷᠣᠭᠴᠢ ᠡᠯᠰᠡᠬᠦ ᠳᠤ ᠰᠦᠯᠵᠢᠶᠡᠨ ᠲᠡᠭᠡᠷ᠎ᠡ ᠨᠡᠷ᠎ᠡ ᠮᠡᠳᠡᠭᠦᠯᠬᠦ᠂ ᠰᠦᠯᠵᠢᠶᠡᠨ ᠲᠡᠭᠡᠷ᠎ᠡ ᠡᠷᠡᠮᠡᠯᠵᠡᠯ ᠲᠠᠭᠯᠠᠬᠤ᠂ ᠰᠦᠯᠵᠢᠶᠡᠨ ᠲᠡᠭᠡᠷ᠎ᠡ ᠡᠯᠰᠡᠬᠦ  ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠨᠡᠷ᠎ᠡ ᠮᠡᠳᠡᠭᠦᠯᠦᠭᠰᠡᠨ ᠰᠤᠷᠤᠭᠴᠢ ᠶᠢᠨ ᠲᠤᠭ᠎ᠠ ᠨᠢ ᠲᠤᠬᠠᠢ ᠶᠢᠨ ᠵᠢᠯ ᠤᠨ ᠰᠣᠷᠣᠭᠴᠢ ᠡᠯᠰᠡᠬᠦ ᠲᠥᠯᠥᠪᠯᠡᠭᠡ ᠠᠴᠠ ᠬᠡᠲᠦᠷᠡᠭᠰᠡᠨ ᠰᠤᠷᠭᠠᠭᠤᠯᠢ ᠳᠤ ᠺᠣᠮᠫᠢᠦ᠋ᠲ᠋ᠧᠷ ᠢᠶᠠᠷ ᠰᠤᠩᠭᠤᠨ ᠡᠯᠰᠡᠬᠦ ᠶᠢ ᠬᠡᠷᠡᠭᠵᠢᠭᠦᠯᠵᠦ᠂ ᠰᠤᠩᠭᠤᠨ ᠡᠯᠰᠡᠬᠦ ᠬᠠᠷᠢᠴᠠᠯ ᠨᠢ ᠲᠣᠰ ᠵᠢᠯ ᠤᠨ ᠰᠣᠷᠣᠭᠴᠢ ᠡᠯᠰᠡᠬᠦ ᠲᠥᠯᠥᠪᠯᠡᠭᠡ ᠶᠢᠨ 100 % ᠪᠣᠯᠤᠨ᠎ᠠ︔ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠰᠤᠷᠭᠠᠭᠤᠯᠢ ᠶᠢᠨ ᠲᠣᠰ ᠵᠢᠯ ᠤᠨ ᠰᠤᠷᠤᠭᠴᠢ ᠡᠯᠰᠡᠬᠦ ᠲᠥᠯᠥᠪᠯᠡᠭᠡ ᠠᠴᠠ ᠬᠡᠲᠦᠷᠡᠭᠰᠡᠨ ᠦᠭᠡᠢ ᠪᠣᠯ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠤ ᠳᠠᠷᠠᠭ᠎ᠠ ᠰᠢᠭᠤᠳ ᠡᠯᠰᠡᠨ᠎ᠡ᠃ ᠡᠨᠡ ᠵᠢᠯ ᠪᠥᠬᠦ ᠬᠤᠲᠠ ᠳᠤ ᠠᠷᠠᠳ ᠠᠴᠠ ᠡᠷᠭᠢᠯᠡᠭᠰᠡᠨ 18 ᠪᠠᠭ᠎ᠠ ᠰᠤᠷᠭᠠᠭᠤᠯᠢ ᠰᠤᠷᠤᠭᠴᠢ ᠡᠯᠰᠡᠬᠦ ᠬᠢᠷᠢ ᠬᠡᠮ ᠲᠠᠢ᠂ ᠰᠤᠷᠤᠭᠴᠢᠳ ᠨᠢᠭᠡ ᠠᠷᠠᠳ ᠠᠴᠠ ᠡᠷᠭᠢᠯᠡᠭᠰᠡᠨ ᠪᠠᠭ᠎ᠠ‌‍ᠰᠤᠷᠭᠠᠭᠤᠯᠢ ᠶᠢ ᠰᠤᠩᠭᠤᠵᠦ ᠡᠷᠡᠮᠡᠯᠵᠡᠯ ᠲᠠᠭᠯᠠᠵᠤ ᠪᠣᠯᠤᠨ᠎ᠠ᠃      ᠰᠦᠯᠵᠢᠶᠡᠨ  ᠳᠡᠭᠡᠷ᠎ᠡ ᠡᠷᠡᠮᠡᠯᠵᠡᠯ ᠲᠠᠭᠯᠠᠭᠰᠠᠨ ᠦᠷ᠎ᠡ ᠳ᠋ᠦᠩ ᠠᠴᠠ ᠦᠵᠡᠪᠡᠯ᠂ ᠡᠨᠡ ᠵᠢᠯ ᠤᠨ ᠨᠡᠷ᠎ᠡ ᠮᠡᠳᠡᠭᠦᠯᠦᠭᠰᠡᠨ ᠰᠤᠷᠤᠭᠴᠢ ᠶᠢᠨ ᠲᠤᠭ᠎ᠠ ᠨᠢ ᠰᠣᠷᠣᠭᠴᠢ ᠡᠯᠰᠡᠬᠦ ᠲᠥᠯᠥᠪᠯᠡᠭᠡ ᠠᠴᠠ ᠬᠡᠲᠦᠷᠡᠭᠰᠡᠨ ᠰᠤᠷᠭᠠᠭᠤᠯᠢ ᠬᠤᠶᠠᠷ ᠪᠣᠶ᠂ ᠲᠣᠰ ᠲᠣᠰ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠪᠠ ᠬᠥᠬᠡᠬᠤᠲᠠ ᠶᠢᠨ ᠰᠠᠶᠢᠬᠠᠨ ᠲᠤᠭᠤᠷᠢᠭ ᠤᠨ ᠵᠢᠤᠢ ᠬᠤᠸᠠ ᠬᠤᠶᠠᠳᠤᠭᠠᠷ ᠪᠠᠭ᠎ᠠ ᠰᠤᠷᠭᠠᠭᠤᠯᠢ  ᠪᠣᠯᠤᠨ᠎ᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠰᠦᠯᠵᠢᠶᠡᠨ ᠳᠤ ᠨᠡᠷ᠎ᠡ ᠮᠡᠳᠡᠭᠦᠯᠦᠭᠰᠡᠨ ᠬᠥᠮᠦᠨ  ᠤ ᠲᠤᠭ᠎ᠠ 1308 ᠪᠠᠶᠢᠵᠤ᠂ ᠬᠢᠨᠠᠨ ᠬᠠᠷᠭᠤᠭᠤᠯᠤᠭᠰᠠᠨ ᠮᠠᠲ᠋ᠧᠷᠢᠶᠠᠯ ᠤᠨ ᠨᠥᠬᠦᠴᠡᠯ ᠳᠤ ᠨᠡᠶᠢᠴᠡᠬᠦ ᠬᠥᠮᠦᠨ ᠤ ᠲᠤᠭ᠎ᠠ 1263 ᠪᠠᠶᠢᠵᠤ᠂ ᠰᠣᠷᠣᠭᠴᠢ ᠡᠯᠰᠡᠬᠦ ᠲᠥᠯᠥᠪᠯᠡᠭᠡ ᠪᠠᠷ 414 ᠰᠤᠷᠤᠭᠴᠢ ᠡᠯᠰᠡᠨ᠎ᠡ᠃ ᠬᠦᠬᠡᠬᠤᠲᠠ ᠶᠢᠨ ᠰᠠᠶᠢᠬᠠᠨ ᠲᠣᠭᠤᠷᠢᠭ ᠤᠨ ᠵᠢᠤᠢ ᠬᠤᠸᠠ ᠬᠤᠶᠠᠳᠤᠭᠠᠷ ᠪᠠᠭ᠎ᠠ ᠰᠤᠷᠭᠠᠭᠤᠯᠢ ᠶᠢᠨ ᠰᠦᠯᠵᠢᠶᠡᠨ ᠲᠡᠭᠡᠷ᠎ᠡ ᠮᠡᠳᠡᠭᠦᠯᠦᠭᠰᠡᠨ ᠰᠤᠷᠤᠭᠴᠢ ᠶᠢᠨ ᠲᠤᠭ᠎ᠠ 249 ᠪᠠᠶᠢᠵᠤ᠂ ᠬᠢᠨᠠᠨ ᠬᠠᠷᠭᠤᠭᠤᠯᠤᠭᠰᠠᠨ ᠮᠠᠲ᠋ᠧᠷᠢᠶᠠᠯ ᠤᠨ ᠨᠥᠬᠦᠴᠡᠯ ᠳᠤ ᠨᠡᠶᠢᠴᠡᠭᠰᠡᠨ ᠬᠥᠮᠦᠨ ᠤ ᠲᠤᠭ᠎ᠠ ᠨᠢ 212 ᠪᠠᠶᠢᠵᠤ᠂ 159 ᠰᠤᠷᠤᠭᠴᠢ ᠡᠯᠰᠡᠬᠦ ᠪᠠᠷ ᠲᠥᠯᠥᠪᠯᠡᠵᠦ ᠪᠣᠶ᠃ ᠪᠤᠰᠤᠳ 16 ᠠᠷᠠᠳ ᠠᠴᠠ ᠡᠷᠭᠢᠯᠡᠭᠰᠡᠨ  ᠪᠠᠭ᠎ᠠ ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠰᠤᠷᠤᠭᠴᠢ ᠶᠢᠨ ᠲᠤᠭ᠎ᠠ ᠰᠣᠷᠣᠭᠴᠢ ᠡᠯᠰᠡᠬᠦ ᠲᠥᠯᠥᠪᠯᠡᠭᠡ ᠠᠴᠠ ᠳᠠᠪᠠᠭᠰᠠᠨ ᠥᠬᠡᠶ᠂ ᠰᠦᠯᠵᠢᠶᠡᠨ ᠲᠡᠭᠡᠷ᠎ᠡ ᠨᠡᠷ᠎ᠡ ᠮᠡᠳᠡᠭᠦᠯᠦᠭᠰᠡᠨ ᠤ ᠲᠠᠷᠠᠭ᠎ᠠ ᠰᠢᠭᠤᠳ ᠡᠯᠰᠡᠨ᠎ᠡ᠃      ᠲᠣᠰ ᠤᠳᠠᠭᠠᠨ ᠤ ᠬᠥᠬᠡᠬᠤᠲᠠ ᠶᠢᠨ ᠲᠦᠷᠪᠡᠨ ᠲᠣᠭᠤᠷᠢᠭ ᠤᠨ ᠠᠷᠠᠳ ᠠᠴᠠ ᠡᠷᠭᠢᠯᠡᠭᠰᠡᠨ  ᠪᠠᠭ᠎ᠠ  ᠰᠤᠷᠭᠠᠭᠤᠯᠢ ᠶᠢᠨ ᠰᠣᠷᠣᠭᠴᠢ ᠡᠯᠰᠡᠬᠦ ᠺᠣᠮᠫᠢᠦ᠋ᠲ᠋ᠧᠷ  ᠢᠶᠠᠷ ᠰᠤᠩᠭᠤᠨ ᠡᠯᠰᠡᠬᠦ ᠲᠤᠬᠠᠶ ᠶᠢᠨ ᠲᠠᠯᠠᠪᠠᠶ ᠳᠤ ᠨᠡᠶᠢᠲᠡ 573 ᠰᠣᠷᠣᠭᠴᠢ ᠡᠯᠰᠡᠵᠦ᠂ ᠡᠳᠡᠭᠡᠷ ᠰᠤᠷᠤᠭᠴᠢᠳ 7  ᠰᠠᠷ᠎ᠠ  ᠶᠢᠨ 16 ᠤ  ᠡᠳᠦᠷ ᠠᠴᠠ 7  ᠰᠠᠷ᠎ᠠ ᠶᠢᠨ 18 ᠤ ᠡᠳᠦᠷ ᠪᠣᠯᠳᠠᠯ᠎ᠠ ᠡᠯᠰᠡᠭᠰᠡᠨ ᠰᠤᠷᠭᠠᠭᠤᠯᠢ ᠳᠤ ᠨᠡᠷ᠎ᠡ ᠮᠡᠳᠡᠭᠦᠯᠬᠦ ᠴᠢᠬᠤᠯᠠᠲᠠᠶ᠃ ᠰᠤᠷᠭᠠᠨ  ᠬᠦᠮᠦᠵᠢᠯ ᠤᠨ ᠰᠠᠯᠠᠭ᠎ᠠ ᠮᠦᠴᠢᠷ ᠠᠴᠠ ᠳᠡᠳᠡᠨ ᠳᠤ ᠪᠤᠰᠤᠳ ᠰᠤᠷᠤᠯᠭ᠎ᠠ ᠶᠢᠨ ᠤᠷᠤᠨ  ᠲᠤᠭ᠎ᠠ ᠬᠠᠩᠭᠠᠵᠤ ᠦᠭᠬᠦ ᠦᠬᠡᠢ᠃ ᠡᠯᠰᠡᠭᠳᠡᠭᠰᠡᠨ ᠦᠭᠡᠢ ᠰᠤᠷᠤᠭᠴᠢ ᠡᠷᠬᠡᠪᠰᠢ 7 ᠰᠠᠷ᠎ᠠ  ᠶᠢᠨ 15 ᠠᠴᠠ 21  ᠤ ᠡᠳᠦᠷ ᠪᠣᠯᠳᠠᠯ᠎ᠠ ᠪᠠᠶᠢᠭ᠎ᠠ ᠳᠤᠭᠤᠷᠢᠭ ᠤᠨ ᠢᠶᠠᠨ ᠰᠤᠷᠭᠠᠭᠤᠯᠢ ᠶᠢᠨ ᠮᠡᠳᠡᠭᠳᠡᠯ ᠢ ᠠᠩᠬᠠᠷᠴᠤ᠂ ᠰᠤᠷᠭᠠᠭᠤᠯᠢ  ᠳᠤ ᠣᠴᠢᠵᠤ ᠮᠠᠲ᠋ᠧᠷᠢᠶᠠᠯ ᠢ ᠬᠢᠨᠠᠨ ᠬᠠᠷᠭᠤᠭᠤᠯᠬᠤ ᠬᠡᠷᠡᠭᠳᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号